ᠲᠦᠷᠦ ᠶᠢᠨ ᠪᠣᠳᠣᠯᠭ᠎ᠠ Q&A | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 25 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ | ︽ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ | ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ ᠪᠠᠶᠢᠳᠠᠯ ᠨᠢ | ᠶᠠᠭᠤ ᠪᠣᠢ︖ ᠶᠠᠭᠠᠬᠢᠵᠤ ᠳᠠᠩᠰᠠ ᠪᠠᠶᠢᠭᠤᠯᠵᠤ᠂ ᠶᠠᠭᠠᠬᠢᠵᠤ ᠭᠠᠷᠭᠠᠨ ᠠᠪᠬᠤ ᠪᠤᠢ︖ ᠬᠠᠮᠲᠤ ᠪᠠᠷ | ᠠᠩᠬᠠᠷᠴᠠᠭᠠᠶ᠎ᠠ︕ | Q1 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠨᠡᠶᠢᠲᠡᠯᠡᠭᠰᠡᠨ ᠠᠬᠤᠢ | ᠪᠠᠶᠢᠳᠠᠯ ᠨᠢ ᠶᠠᠭᠤ ᠪᠤᠶ︖ | A᠄ ᠲᠥᠪ ᠠᠴᠠ ᠲᠣᠳᠣᠷᠬᠠᠢ ᠱᠠᠭᠠᠷᠳᠠᠭᠰᠠᠨ ᠨᠢ᠂ ᠮᠠᠨ ᠤ ᠤᠯᠤᠰ ᠤᠨ ᠦᠨᠳᠦᠰᠦᠨ ᠪᠠᠶᠢᠳᠠᠯ ᠳᠤ | ᠰᠠᠭᠤᠷᠢᠯᠠᠨ᠂ ᠣᠯᠠᠨ ᠤᠯᠤᠰ ᠤᠨ ᠲᠤᠷᠰᠢᠯᠭ᠎ᠠ ᠪᠠᠷ ᠲᠣᠯᠢᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢᠶᠠᠷ ᠰᠠᠭᠤᠷᠢᠯᠠᠭᠰᠠᠨ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ | ᠮᠥᠩᠭᠦ ᠪᠠᠷ ᠨᠥᠬᠦᠪᠦᠷᠢᠯᠡᠭᠰᠡᠨ᠂ ᠬᠤᠪᠢ ᠬᠥᠮᠥᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠪᠠ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠠᠢ ᠵᠣᠯᠭᠠᠭᠤᠯᠤᠭᠰᠠᠨ ︽ᠭᠤᠷᠪᠠᠨ | ᠲᠤᠯᠭᠠᠭᠤᠷᠢᠲᠤ︾ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠬᠤ | ᠬᠡᠷᠡᠭᠲᠡᠢ ᠭᠡᠵᠡᠢ᠃ | ᠨᠢᠭᠡᠳᠦᠭᠡᠷ ᠲᠤᠯᠭᠠᠭᠤᠷᠢ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠᠶᠢᠵᠤ᠂ ᠬᠤᠳᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠠᠭᠲᠠᠭᠠᠨ᠎ᠠ᠃ | ᠨᠢᠭᠡᠳᠦᠭᠡᠷ ᠲᠤᠯᠭᠠᠭᠤᠷᠢ ᠨᠢ ᠭᠤᠣᠯᠳᠠᠭᠤ ᠦᠨᠳᠦᠰᠦᠨ ᠵᠦᠢᠯ ᠢ ᠪᠠᠲᠤᠯᠠᠬᠤ ᠳᠤ ᠰᠠᠭᠤᠷᠢᠯᠠᠵᠤ᠂ ᠨᠡᠶᠢᠭᠡᠮ ᠠᠴᠠ | ᠨᠢᠭᠡᠳᠦᠯᠲᠡᠢ ᠴᠤᠭᠯᠠᠭᠤᠯᠬᠤ ᠪᠠ ᠬᠤᠪᠢ ᠬᠥᠮᠥᠨ ᠤ ᠲᠠᠩᠰᠠᠨ ᠡᠷᠦᠭᠡ ᠶᠢ ᠤᠶᠠᠯᠳᠤᠭᠤᠯᠬᠤ ᠵᠠᠭᠪᠤᠷ ᠢ ᠬᠡᠷᠡᠭᠯᠡᠵᠦ᠂ | ᠭᠤᠣᠯᠳᠠᠭᠤ ᠨᠡᠶᠢᠭᠡᠮ ᠤᠨ ᠬᠠᠷᠢᠯᠴᠠᠨ ᠲᠤᠰᠠᠯᠠᠯᠴᠠᠬᠤ ᠶᠢ ᠬᠠᠷᠠᠭᠤᠯᠤᠨ᠎ᠠ᠃ ᠣᠳᠣᠬᠠᠨ ᠳᠤ ᠡᠨᠡ ᠬᠦ ᠳᠦᠷᠢᠮᠤᠨ | ᠬᠥᠭᠵᠢᠯᠲᠡ ᠨᠢ ᠬᠠᠷᠢᠴᠠᠩᠭᠤᠢ ᠨᠡᠯᠢᠶᠡᠳ ᠲᠡᠭᠦᠯᠳᠡᠷᠵᠢᠵᠦ᠂ ᠬᠠᠷᠢᠴᠠᠩᠭᠤᠢ ᠪᠦᠷᠢᠨ ᠲᠥᠬᠦᠷ ᠳᠦᠷᠢᠮ ᠤᠨ | ᠲᠣᠭᠲᠠᠯᠴᠠᠭ᠎ᠠ ᠶᠢ ᠪᠦᠷᠢᠯᠳᠦᠭᠦᠯᠦᠭᠰᠡᠨ ᠪᠥᠭᠡᠳ ᠬᠠᠮᠤᠷᠬᠤ ᠬᠡᠪᠴᠢᠶ᠎ᠡ ᠨᠢ ᠴᠦ ᠦᠷᠭᠦᠯᠵᠢᠯᠡᠨ ᠥᠷᠭᠡᠵᠢᠵᠦ ᠪᠠᠶᠢᠨ᠎ᠠ᠃ | 3 ᠳ᠋ᠤᠭᠠᠷ ᠰᠠᠷ᠎ᠠ ᠶᠢᠨ ᠡᠴᠦᠰ ᠲᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠬᠥᠮᠥᠨ ᠤ ᠲᠤᠭ᠎ᠠ 10.3 ᠳ᠋ᠦᠩᠰᠢᠭᠤᠷ ᠲᠤ ᠬᠥᠷᠥᠭᠰᠡᠨ ᠤ ᠬᠠᠮᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠣᠨ ᠤ ᠣᠷᠣᠯᠭ᠎ᠠ ᠵᠠᠷᠤᠯᠭ᠎ᠠ ᠶᠢᠨ ᠬᠡᠪᠴᠢᠶ᠎ᠡ 12.6 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠨᠡᠶᠢᠲᠡ ᠦᠯᠡᠳᠡᠪᠦᠷᠢ ᠨᠢ 6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ | ᠮᠥᠩᠭᠦ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠣᠯᠭᠤᠮᠵᠢ ᠶᠢ ᠴᠠᠭ ᠲᠤᠬᠠᠢ ᠳᠤ ᠨᠢ ᠲᠤᠭ᠎ᠠ | ᠶᠣᠰᠣᠭᠠᠷ ᠭᠦᠢᠴᠡᠳ ᠲᠠᠷᠬᠠᠭᠠᠭᠰᠠᠨ ᠪᠢᠯᠡ᠃ | ᠬᠤᠶᠠᠳᠤᠭᠠᠷ ᠲᠤᠯᠭᠠᠭᠤᠷᠢ ᠨᠢ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ | ᠮᠥᠩᠭᠦ ᠪᠠᠶᠢᠵᠤ᠂ ᠲᠡᠷᠡ ᠨᠢ ᠭᠤᠣᠯᠳᠠᠭᠤ ᠨᠥᠬᠦᠪᠦᠷᠢᠯᠡᠬᠦ ᠦᠢᠯᠡᠳᠦᠯ ᠢ ᠪᠠᠳᠠᠷᠠᠭᠤᠯᠵᠤ᠂ ᠬᠥᠮᠥᠨ ᠬᠡᠷᠡᠭᠯᠡᠬᠦ ᠨᠢᠭᠡᠴᠢ | ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ ᠮᠠᠰᠢ ᠰᠠᠶᠢᠨ ᠬᠥᠭᠵᠢᠯᠲᠡ ᠶᠢᠨ ᠰᠠᠭᠤᠷᠢ ᠲᠠᠢ ᠪᠣᠯᠪᠠ᠃ 3 | ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ ᠣᠨ ᠤ | ᠮᠥᠩᠭᠦ ᠳᠤ ᠣᠷᠣᠯᠴᠠᠭᠰᠠᠨ ᠠᠵᠢᠯᠲᠠᠨ ᠠᠵᠢᠯᠴᠢᠨ 7200 ᠲᠦᠮᠡ ᠪᠠᠶᠢᠵᠤ᠂ 4.5 ᠲᠦᠮᠡᠨ ᠳ᠋ᠦᠩᠰᠢᠭᠤᠷ | ᠲᠥᠭᠦᠷᠢᠭ ᠤᠨ ᠰᠠᠭᠤᠷᠢ ᠮᠥᠩᠭᠦ ᠬᠤᠷᠠᠮᠳᠤᠭᠤᠯᠵᠤ᠂ ᠨᠠᠰᠤᠵᠢᠯ ᠤᠨ ᠠᠰᠠᠷᠠᠮᠵᠢ ᠶᠢ ᠨᠥᠬᠦᠪᠦᠷᠢᠯᠡᠬᠦ ᠦᠢᠯᠡᠳᠦᠯ ᠨᠢ | ᠠᠩᠬ᠎ᠠ ᠠᠯᠬᠤᠮ ᠢᠯᠡᠷᠡᠪᠡ᠃ | ᠭᠤᠷᠪᠠᠳᠤᠭᠠᠷ ᠲᠤᠯᠭᠠᠭᠤᠷᠢ ᠨᠢ ᠡᠭᠦᠨ ᠠᠴᠠ ᠡᠮᠦᠨ᠎ᠡ ᠲᠣᠬᠢᠷᠠᠯᠴᠠᠭᠰᠠᠨ ᠳᠦᠷᠢᠮ ᠤᠨ ᠲᠣᠬᠢᠷᠠᠭᠤᠯᠤᠯᠲᠠ | ᠪᠠᠶᠢᠭᠰᠠᠨ ᠦᠭᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠲᠦᠷᠦᠭᠦᠬᠡᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠶᠣᠰᠣᠭᠠᠷ ᠪᠢᠴᠢᠭ ᠮᠠᠲ᠋ᠧᠷᠢᠶᠠᠯ | ᠳᠠᠷᠤᠮᠠᠯᠯᠠᠨ ᠲᠠᠷᠬᠠᠭᠠᠵᠤ᠂ ᠲᠣᠰ ᠲᠥᠷᠥ ᠶᠢᠨ ᠪᠣᠳᠣᠯᠭ᠎ᠠ ᠶᠢ ᠡᠬᠢᠯᠡᠵᠦ ᠬᠡᠷᠡᠭᠵᠢᠭᠦᠯᠪᠡ᠃ ᠲᠣᠳᠣᠷᠬᠠᠶᠢᠯᠠᠬᠤ | ᠴᠢᠬᠤᠯᠠᠲᠠᠢ ᠨᠢ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠣᠯ ᠤᠯᠤᠰ ᠤᠨ ᠭᠤᠷᠪᠠᠳᠤᠭᠠᠷ | ᠲᠤᠯᠭᠠᠭᠤᠷᠢ ᠶᠢᠨ ᠲᠤᠬᠠᠢ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠠᠶᠢᠵᠤ᠂ ᠭᠤᠷᠪᠠᠳᠤᠭᠠᠷ ᠲᠤᠯᠭᠠᠭᠤᠷᠢ ᠳᠤ | ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠠᠴᠠ ᠭᠠᠳᠠᠨ᠎ᠠ ᠪᠤᠰᠤᠳ ᠬᠤᠪᠢ ᠬᠥᠮᠥᠨ ᠤ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠪᠠᠶᠢᠳᠠᠭ᠃ | Q2 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ ᠮᠡᠷᠭᠡᠵᠢᠯ ᠤᠨ | ᠣᠨ ᠤ ᠮᠥᠩᠭᠦ ᠠᠴᠠ ᠶᠠᠮᠠᠷ ᠢᠯᠭᠠᠭ᠎ᠠ ᠪᠠᠶᠢᠬᠤ ᠪᠤᠶ︖ | A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠠᠴᠠ ᠣᠨᠳᠣᠣ ᠪᠠᠶᠢᠳᠠᠭ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠤᠯᠤᠰ ᠠᠴᠠ ᠠᠯᠪᠠᠳᠠᠯᠭ᠎ᠠ ᠪᠠᠷ ᠬᠡᠷᠡᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠨᠢ ᠥᠪᠡᠷ ᠤᠨ ᠳᠤᠷ᠎ᠠ ᠠᠴᠠ ᠪᠠᠨ ᠣᠷᠣᠯᠴᠠᠳᠠᠭ᠃ ᠠᠵᠤ ᠠᠬᠤᠶᠢᠯᠠᠯ ᠤᠨ ᠣᠨ ᠤ ᠮᠥᠩᠭᠦ᠂ ᠠᠵᠢᠯ | ᠮᠡᠷᠭᠡᠵᠢᠯ ᠤᠨ ᠣᠨ ᠤ ᠮᠥᠩᠭᠦ ᠶᠢ ᠬᠥᠮᠥᠨ ᠬᠡᠷᠡᠭᠯᠡᠬᠦ ᠨᠢᠭᠡᠴᠢ ᠵᠢᠴᠢ ᠲᠡᠭᠦᠨ ᠤ ᠠᠵᠢᠯᠲᠠᠨ ᠠᠵᠢᠯᠴᠢᠨ ᠪᠠᠶᠢᠭᠤᠯᠵᠤ᠂ | ᠬᠠᠮᠲᠤ ᠪᠠᠷ ᠰᠦᠢᠳᠬᠡᠯ ᠲᠤᠰᠢᠶᠠᠬᠤ ᠠᠴᠠ ᠣᠨᠳᠣᠣ ᠪᠠᠶᠢᠵᠤ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠵᠥᠪᠬᠡᠨ ᠬᠤᠪᠢ ᠬᠥᠮᠥᠨ ᠲᠤᠰᠢᠶᠠᠨ᠎ᠠ᠃ | Q3 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠣᠷᠤᠯᠴᠠᠬᠤ ᠨᠢ ᠶᠠᠮᠠᠷ | ᠰᠠᠶᠢᠨ ᠲᠠᠯ᠎ᠠ ᠪᠠᠶᠢᠬᠤ ᠪᠣᠢ︖ | A᠄ 1. ᠬᠤᠪᠢ ᠬᠥᠮᠥᠨ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ | ᠣᠷᠤᠯᠴᠠᠬᠤ ᠶᠢᠨ ᠰᠢᠭᠤᠳ ᠬᠦᠷᠲᠡᠬᠦ ᠰᠠᠶᠢᠨ ᠲᠠᠯ᠎ᠠ ᠨᠢ ᠳᠠᠷᠤᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ | 2. ᠨᠢᠭᠡᠳᠦᠭᠡᠷ ᠲᠤᠯᠭᠠᠭᠤᠷᠢ ᠪᠣᠯᠬᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠨᠢ | ᠦᠨᠳᠦᠰᠦᠨ ᠠᠮᠢᠳᠤᠷᠠᠯ ᠢ ᠪᠠᠲᠤᠯᠠᠵᠤ᠂ ᠬᠤᠶᠠᠳᠤᠭᠠᠷ ᠲᠤᠯᠭᠠᠭᠤᠷᠢ ᠪᠣᠯᠬᠤ ᠠᠵᠤ ᠠᠬᠤᠶᠢᠯᠠᠯ ᠤᠨ ᠣᠨ ᠤ ᠮᠥᠩᠭᠦ | ᠪᠠ ᠠᠵᠢᠯ ᠮᠡᠷᠭᠡᠵᠢᠯ ᠤᠨ ᠣᠨ ᠤ ᠮᠥᠩᠭᠦ ᠨᠢ ᠨᠢᠭᠡᠴᠢ ᠠᠴᠠ ᠪᠠᠶᠢᠭᠤᠯᠤᠭᠰᠠᠨ ᠪᠣᠯᠬᠤᠷ ᠨᠠᠰᠤᠵᠢᠯ ᠤᠨ | ᠠᠰᠠᠷᠠᠮᠵᠢ ᠳᠤ ᠨᠥᠬᠦᠪᠦᠷᠢ ᠦᠢᠯᠡᠳᠦᠯ ᠦᠵᠡᠭᠦᠯᠳᠡᠭ᠃ ᠣᠲᠣ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠨᠡᠮᠡᠵᠦ ᠪᠠᠶᠢᠭᠤᠯᠤᠭᠰᠠᠨ ᠨᠢ ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ ᠬᠥᠮᠥᠰ ᠲᠤ ᠨᠠᠰᠤᠵᠢᠯ ᠤᠨ | ᠠᠰᠠᠷᠠᠮᠵᠢ ᠶᠢ ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠭᠦᠭᠰᠡᠨ ᠢᠶᠠᠷ ᠪᠠᠷᠠᠬᠤ ᠦᠭᠡᠢ᠂ ᠬᠤᠶᠠᠳᠤᠭᠠᠷ | ᠲᠤᠯᠭᠠᠭᠤᠷᠢ ᠳᠤ ᠣᠷᠣᠯᠴᠠᠭᠰᠠᠨ ᠦᠭᠡᠢ ᠬᠥᠮᠥᠰ ᠲᠤ ᠠᠪᠴᠤ ᠬᠡᠯᠡᠪᠡᠴᠦ ᠨᠠᠰᠤᠵᠢᠯ ᠤᠨ ᠠᠰᠠᠷᠠᠮᠵᠢ ᠪᠠᠨ | ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠪᠡ᠃ | 3. ᠬᠤᠪᠢ ᠬᠥᠮᠥᠨ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ | ᠲᠥᠯᠥᠪᠵᠢᠭᠦᠯᠵᠦ ᠪᠣᠯᠣᠨ᠎ᠠ᠃ ᠰᠦᠢᠳᠬᠡᠯ ᠲᠤᠰᠢᠶᠠᠬᠤ ᠱᠠᠲᠤᠨ ᠳᠤ ᠣᠷᠣᠭᠤᠯᠬᠤ ᠠᠴᠠ ᠪᠢᠰᠢ ᠭᠠᠷᠭᠠᠬᠤ ᠦᠭᠡᠢ᠂ | ᠬᠤᠪᠢ ᠬᠥᠮᠥᠨ ᠤ ᠲᠤᠰᠢᠶᠠᠭᠰᠠᠨ ᠰᠦᠢᠳᠬᠡᠯ ᠪᠠ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢ ᠴᠥᠮ | ᠳᠠᠩᠰᠠᠨ ᠡᠷᠦᠬᠡ ᠳᠤ ᠬᠠᠳᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠮᠥᠩᠭᠦ ᠪᠠᠨ ᠠᠪᠬᠤ ᠨᠠᠰᠤᠨ ᠳᠤ | ᠬᠥᠷᠥᠭᠰᠡᠨ ᠵᠡᠷᠭᠡ ᠨᠥᠬᠦᠴᠡᠯ ᠳᠤ ᠨᠡᠶᠢᠴᠡᠪᠡᠯ ᠳᠠᠷᠤᠢ ᠠᠪᠴᠤ ᠪᠣᠯᠣᠨ᠎ᠠ᠃ ᠥᠭᠡᠷ᠎ᠡ ᠪᠠᠷ ᠬᠡᠯᠡᠪᠡᠯ ᠳᠦᠷᠢᠮ ᠤᠨ | ᠲᠠᠯ᠎ᠠ ᠠᠴᠠ ᠣᠷᠣᠯᠴᠠᠭᠴᠢ ᠶᠢ ᠬᠠᠪᠰᠤᠷᠤᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ︽ᠭᠠᠳᠠᠭᠰᠢ ᠭᠠᠷᠭᠠᠬᠤ︾ ᠨᠢ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠪᠡᠯᠡ ᠮᠥᠩᠭᠦ ᠶᠢ ᠣᠶᠤᠨᠴᠢ ᠪᠠᠷ | ᠲᠥᠯᠥᠪᠵᠢᠭᠦᠯᠵᠦ᠂ ᠪᠡᠯᠡ ᠣᠷᠣᠭᠤᠯᠤᠯᠲᠠ ᠶᠢᠨ ᠦᠢᠯᠡᠳᠬᠦᠨ ᠪᠠ ᠪᠡᠯᠡ ᠣᠷᠣᠭᠤᠯᠤᠯᠲᠠ ᠶᠢᠨ ᠬᠤᠭᠤᠴᠠᠭ᠎ᠠ ᠶᠢ | ᠵᠣᠬᠢᠰᠲᠠᠢ ᠰᠣᠩᠭᠤᠵᠤ᠂ ᠤᠷᠢᠳᠴᠢᠯᠠᠨ ᠭᠠᠷᠭᠠᠨ ᠠᠪᠬᠤ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠨᠥᠬᠦᠪᠦᠷᠢᠯᠡᠬᠦ ᠦᠢᠯᠡᠳᠦᠯ ᠢ ᠦᠨᠡᠨ ᠬᠦ ᠪᠠᠳᠠᠷᠠᠭᠤᠯᠬᠤ ᠳᠤ ᠠᠰᠢᠭᠲᠠᠢ ᠶᠤᠮ᠃ | Q4 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠳᠤ ᠶᠠᠮᠠᠷ ᠬᠥᠮᠥᠨ | ᠣᠷᠣᠯᠴᠠᠵᠤ ᠪᠣᠯᠬᠤ ᠪᠤᠶ︖ | A᠄ ᠠᠵᠢᠯ ᠳᠤ ᠪᠠᠶᠢᠭ᠎ᠠ ᠬᠥᠮᠥᠰ ᠶᠠᠮᠠᠷ ᠶᠠᠩᠵᠤ ᠶᠢᠨ ᠠᠵᠢᠯ ᠣᠯᠭᠤᠯᠲᠠ ᠶᠢᠨ ᠬᠡᠯᠪᠡᠷᠢ ᠲᠠᠢ ᠪᠠᠶᠢᠭᠰᠠᠨ ᠢ | ᠬᠠᠮᠢᠶᠠᠷᠬᠤ ᠦᠭᠡᠢ᠂ ᠲᠤᠬᠠᠶᠢᠯᠠᠪᠠᠯ ᠨᠢᠭᠡᠴᠢ ᠳᠤ ᠠᠵᠢᠯᠯᠠᠭᠰᠠᠳ ᠴᠤ ᠲᠡᠷᠡ᠂ ᠠᠮᠢᠳᠤᠯᠢᠭ ᠢᠶᠠᠷ ᠠᠵᠢᠯᠯᠠᠭᠰᠠᠳ ᠴᠦ | ᠲᠡᠷᠡ᠂ ᠠᠵᠢᠯ ᠣᠯᠣᠭᠰᠠᠨ ᠭᠠᠵᠠᠷ ᠣᠷᠣᠨ᠂ ᠡᠷᠦᠭᠡ ᠠᠮᠠ ᠶᠢᠨ ᠲᠠᠩᠰᠠ ᠶᠢᠨ ᠬᠢᠵᠠᠭᠠᠷᠯᠠᠯ ᠢ ᠬᠦᠯᠢᠶᠡᠬᠦ ᠦᠭᠡᠢ᠂ | ᠬᠤᠪᠢ ᠬᠥᠮᠥᠨ ᠰᠠᠶᠢᠨ ᠳᠤᠷ᠎ᠠ ᠠᠴᠠ ᠪᠠᠨ ᠴᠥᠮ ᠲᠣᠰ ᠳᠦᠷᠢᠮ ᠳᠤ ᠡᠷᠬᠡ ᠲᠡᠭᠰᠢ ᠪᠠᠷ ᠣᠷᠣᠯᠴᠠᠵᠤ ᠪᠣᠯᠣᠨ᠎ᠠ᠃ | ᠮᠤᠵᠢ ᠣᠷᠣᠨ ᠠᠯᠤᠰᠯᠠᠨ ᠰᠢᠯᠵᠢᠭᠦᠯᠬᠦ ᠦᠶ᠎ᠡ ᠳᠤ ᠴᠦ ᠬᠤᠪᠢ ᠬᠥᠮᠥᠨ ᠤ ᠡᠷᠬᠡ ᠠᠰᠢᠭ ᠨᠥᠯᠥᠭᠡᠯᠡᠭᠳᠡᠬᠦ ᠦᠭᠡᠢ᠃ | Q5 | Q᠄ ᠣᠷᠤᠯᠴᠠᠬᠤ ᠬᠡᠯᠪᠡᠷᠢ ᠨᠢ ᠶᠠᠮᠠᠷ ᠪᠣᠯ︖ | A᠄ ᠣᠷᠣᠯᠴᠠᠭᠴᠢ ᠪᠥᠬᠦ ᠶᠠᠪᠤᠴᠠ ᠳᠤ ᠣᠷᠤᠯᠴᠠᠬᠤ ᠶᠤᠮ ᠦᠦ ᠣᠨ ᠢᠶᠠᠷ ᠣᠷᠤᠯᠴᠠᠬᠤ ᠶᠤᠮ ᠦᠦ | ᠭᠡᠳᠡᠭ ᠢᠶᠠᠨ ᠥᠪᠡᠰᠦᠪᠡᠨ ᠲᠣᠭᠲᠠᠭᠠᠨ᠎ᠠ᠃ ᠡᠬᠢᠯᠡᠯᠲᠡ ᠶᠢᠨ ᠱᠠᠲᠤᠨ ᠳᠤ 1.2 ᠲᠦᠮᠡᠨ ᠲᠥᠭᠦᠷᠢᠭ ᠤᠨ ᠣᠨ ᠤ | ᠰᠦᠢᠳᠬᠡᠯ ᠲᠤᠰᠢᠶᠠᠬᠤ ᠳᠡᠭᠡᠳᠦ ᠬᠢᠵᠠᠭᠠᠷ ᠠᠴᠠ ᠬᠡᠲᠦᠷᠡᠬᠦ ᠦᠭᠡᠢ ᠯᠡ ᠶᠤᠮ ᠪᠣᠯ᠂ ᠣᠷᠣᠯᠴᠠᠭᠴᠢ ᠬᠡᠳᠦᠢ | ᠲᠤᠰᠢᠶᠠᠬᠤ ᠪᠠᠨ ᠥᠪᠡᠰᠦᠪᠡᠨ ᠲᠣᠭᠲᠠᠭᠠᠵᠤ ᠪᠣᠯᠣᠨ᠎ᠠ᠃ ᠲᠣᠰ ᠣᠨ ᠳᠤ ᠨᠢᠭᠡ ᠯᠡ ᠤᠳᠠᠭ᠎ᠠ ᠳᠤ ᠲᠤᠰᠢᠶᠠᠵᠤ | ᠪᠣᠯᠬᠤ ᠮᠥᠷᠲᠡᠭᠡᠨ ᠪᠠᠰᠠ ᠤᠳᠠᠭ᠎ᠠ ᠬᠤᠪᠢᠶᠠᠨ ᠲᠤᠰᠢᠶᠠᠵᠤ ᠪᠣᠯᠣᠨ᠎ᠠ᠃ | Q6 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠨ ᠬᠡᠷᠬᠢᠨ | ᠪᠠᠶᠢᠭᠤᠯᠬᠤ ᠪᠣᠢ︖ | A᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠣᠷᠤᠯᠴᠠᠬᠤ ᠳᠤ ᠬᠤᠶᠠᠷ ᠳᠠᠩᠰᠠᠨ | ᠡᠷᠦᠬᠡ ᠭᠠᠷᠭᠠᠬᠤ ᠬᠡᠷᠡᠭᠲᠡᠢ᠄ ᠨᠢᠭᠡ ᠨᠢ ᠮᠡᠳᠡᠭᠡ ᠵᠠᠩᠭᠢ ᠶᠢᠨ ᠲᠠᠪᠴᠠᠩ ᠳᠤ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ ᠪᠠᠶᠢᠭᠤᠯᠵᠤ᠂ ᠮᠡᠳᠡᠭᠡ ᠵᠠᠩᠭᠢ ᠲᠡᠮᠳᠡᠭᠯᠡᠬᠦ᠂ ᠬᠠᠶᠢᠵᠤ ᠯᠠᠪᠯᠠᠬᠤ ᠪᠠ | ᠦᠢᠯᠡᠴᠢᠯᠡᠬᠦ ᠵᠡᠷᠭᠡ ᠳᠤ ᠬᠡᠷᠡᠭᠯᠡᠨ᠎ᠡ︔ ᠨᠦᠭᠦᠭᠡ ᠨᠢ ᠪᠠᠩᠬᠢ ᠳᠤ ᠪᠠᠶᠢᠭᠤᠯᠤᠭᠰᠠᠨ ᠪᠤᠶᠤ ᠲᠣᠭᠲᠠᠭᠠᠭᠰᠠᠨ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠪᠡᠯᠡ ᠮᠥᠩᠭᠦᠨ ᠤ ᠳᠠᠩᠰᠠᠨ ᠡᠷᠦᠬᠡ ᠪᠣᠯᠣᠨ᠎ᠠ᠃ ᠡᠭᠦᠨ ᠢ | ᠰᠦᠢᠳᠬᠡᠯ ᠲᠤᠰᠢᠶᠠᠬᠤ᠂ ᠦᠢᠯᠡᠳᠬᠦᠨ ᠬᠤᠳᠠᠯᠳᠤᠨ ᠠᠪᠬᠤ᠂ ᠠᠰᠢᠭ ᠣᠷᠣᠯᠭ᠎ᠠ ᠴᠤᠭᠯᠠᠭᠤᠯᠬᠤ ᠵᠡᠷᠭᠡ ᠳᠤ | ᠬᠡᠷᠡᠭᠯᠡᠨ᠎ᠡ᠃ ᠡᠨᠡ ᠬᠤᠶᠠᠷ ᠳᠠᠩᠰᠠᠨ ᠡᠷᠦᠬᠡ ᠬᠤᠭᠤᠷᠣᠨᠳᠤ ᠪᠠᠨ ᠵᠣᠬᠢᠴᠠᠯᠳᠤᠵᠤ᠂ ᠣᠷᠣᠯᠴᠠᠭᠴᠢ ᠲᠣᠰ ᠲᠣᠰ | ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ︽ᠠᠯᠠᠭᠠᠨ ᠳᠡᠭᠡᠷᠡᠬᠢ 12333︾᠂ | ᠬᠤᠳᠠᠯᠳᠤᠭᠠᠨ ᠤ ᠪᠠᠩᠬᠢ ᠵᠡᠷᠭᠡ ᠣᠯᠠᠨ ᠠᠷᠭ᠎ᠠ ᠪᠠᠷ ᠪᠠᠶᠢᠭᠤᠯᠵᠤ ᠪᠣᠯᠣᠨ᠎ᠠ᠃ ᠡᠭᠦᠨ ᠳᠤ ᠬᠤᠳᠠᠯᠳᠤᠭᠠᠨ ᠤ | ᠪᠠᠩᠬᠢ ᠪᠠᠷ ᠡᠨᠡ ᠬᠤᠶᠠᠷ ᠲᠠᠩᠰᠠᠨ ᠡᠷᠦᠬᠡ ᠶᠢ ᠨᠢᠭᠡ ᠯᠡ ᠤᠳᠠᠭ᠎ᠠ ᠳᠤ ᠪᠥᠬᠦᠨ ᠢ ᠪᠠᠶᠢᠭᠤᠯᠵᠤ ᠪᠣᠯᠣᠨ᠎ᠠ᠃ | Q7 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠬᠡᠷᠬᠢᠨ ᠪᠡᠯᠡ ᠣᠷᠤᠭᠤᠯᠤᠯᠲᠠ ᠬᠢᠬᠦ | ᠪᠣᠢ︖ | A᠄ ᠣᠷᠣᠯᠴᠠᠭᠴᠢ ᠳᠤᠷᠠᠰᠢᠯ ᠢᠶᠠᠨ ᠦᠨᠳᠦᠰᠦᠯᠡᠵᠦ᠂ ᠪᠠᠩᠬᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ | ᠬᠠᠳᠠᠭᠠᠯᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠢᠯᠡ ᠪᠠᠷ ᠴᠤᠭᠯᠠᠭᠤᠯᠤᠭᠰᠠᠨ | ᠰᠠᠭᠤᠷᠢ ᠮᠥᠩᠭᠦ ᠵᠡᠷᠭᠡ ᠶᠢ ᠥᠪᠡᠰᠦᠪᠡᠨ ᠰᠣᠩᠭᠤᠵᠤ ᠪᠣᠯᠬᠤ ᠮᠥᠷᠲᠡᠭᠡᠨ ᠣᠬᠤᠷ᠂ ᠳᠤᠮᠳᠠ ᠪᠠ ᠣᠷᠳᠣ | ᠬᠤᠭᠤᠴᠠᠭᠠᠨ ᠤ ᠬᠢ ᠶᠢ ᠨᠡᠶᠢᠯᠡᠭᠦᠯᠵᠦ ᠪᠣᠯᠣᠨ᠎ᠠ᠃ ᠡᠲᠡᠭᠡᠷ ᠠᠵᠢᠯᠯᠠᠭ᠎ᠠ ᠶᠢ ᠴᠥᠮ ᠪᠡᠯᠡ ᠮᠥᠩᠭᠦᠨ ᠤ ᠲᠠᠩᠰᠠᠨ | ᠡᠷᠦᠬᠡ ᠳᠤ ᠪᠡᠶᠡᠯᠡᠭᠦᠯᠵᠦ ᠪᠣᠯᠬᠤ ᠲᠤᠯᠠ ᠣᠯᠠᠨ ᠰᠠᠯᠠᠭ᠎ᠠ ᠮᠥᠴᠢᠷ ᠪᠠ ᠪᠠᠶᠢᠭᠤᠯᠤᠮᠵᠢ ᠪᠠᠷ ᠭᠦᠶᠦᠭᠰᠡᠨ ᠤ ᠬᠡᠷᠡᠭ | ᠦᠭᠡᠢ᠃ | Q8 | Q᠄ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠡᠷᠬᠢᠨ ᠭᠠᠷᠭᠠᠨ ᠠᠪᠬᠤ ᠪᠣᠢ︖ | A᠄ ᠣᠷᠣᠯᠴᠠᠭᠴᠢ ᠭᠠᠷᠭᠠᠨ ᠠᠪᠬᠤ ᠨᠥᠬᠦᠴᠡᠯ ᠳᠤ ᠨᠡᠶᠢᠴᠡᠭᠰᠡᠨ ᠦᠶ᠎ᠡ ᠳᠤ᠂ ᠰᠠᠷ᠎ᠠ ᠪᠠᠷ ᠭᠠᠷᠭᠠᠨ ᠠᠪᠬᠤ᠂ | ᠡᠰᠡᠬᠦᠯ᠎ᠡ ᠤᠳᠠᠭ᠎ᠠ ᠬᠤᠪᠢᠶᠠᠬᠤ ᠪᠤᠶᠤ ᠭᠠᠭᠴᠠ ᠤᠳᠠᠭ᠎ᠠ ᠪᠠᠷ ᠭᠠᠷᠭᠠᠨ ᠠᠪᠴᠤ ᠪᠣᠯᠣᠨ᠎ᠠ᠃ ᠬᠤᠳᠠᠯᠳᠤᠭᠠᠨ ᠤ | ᠪᠠᠩᠬᠢ ᠬᠤᠪᠢ ᠬᠥᠮᠥᠨ ᠤ ᠰᠣᠩᠭᠤᠬᠤ ᠠᠷᠭ᠎ᠠ ᠢ ᠦᠨᠳᠦᠰᠦᠯᠡᠨ᠂ ᠬᠤᠪᠢ ᠬᠥᠮᠥᠨ ᠤ ᠲᠠᠩᠰᠠᠨ ᠡᠷᠦᠭᠡ ᠶᠢᠨ ᠪᠡᠯᠡ | ᠮᠥᠩᠭᠦ ᠶᠢ ᠣᠷᠣᠯᠴᠠᠭᠴᠢ ᠶᠢᠨ ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ | ᠡᠷᠦᠭᠡ ᠳᠤ ᠰᠢᠯᠵᠢᠭᠦᠯᠦᠨ ᠣᠷᠣᠭᠤᠯᠤᠨ᠎ᠠ᠃ ᠣᠨᠴᠠᠭᠠᠶ ᠪᠠᠶᠢᠳᠠᠯ ᠳᠣᠣᠷ᠎ᠠ᠂ ᠵᠢᠱᠢᠶᠡᠯᠡᠪᠡᠯ ᠬᠥᠳᠡᠯᠮᠦᠷᠢᠯᠡᠬᠦ | ᠴᠢᠳᠠᠪᠤᠷᠢ ᠪᠠᠨ ᠪᠦᠷᠢᠮᠦᠰᠦᠨ ᠠᠯᠳᠠᠬᠤ᠂ ᠭᠠᠳᠠᠭᠠᠳᠤ ᠳᠤ ᠭᠠᠷᠬᠤ ᠪᠤᠶᠤ ᠬᠢᠯᠢ ᠠᠴᠠ ᠭᠠᠷᠴᠤ ᠨᠤᠲᠤᠭᠰᠢᠭᠰᠠᠨ ᠵᠡᠷᠭᠡ | ᠪᠠᠶᠢᠳᠠᠯ ᠳᠤ ᠴᠤ ᠭᠠᠷᠭᠠᠨ ᠠᠪᠴᠤ ᠪᠣᠯᠣᠨ᠎ᠠ᠃ |