ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 3 ᠤ ᠴᠠᠬᠢᠯᠭᠠᠨ ᠮᠡᠳᠡᠭᠡ ︽5 · 4︾ ᠤ | ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 | ᠰᠠᠷ᠎ᠠ ᠶᠢᠨ 2 ᠤᠨ ᠡᠳᠦᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠦᠯᠦᠭᠯᠡᠯ ᠤᠨ ᠰᠠᠨᠰᠠᠷ ᠤᠨ ᠦᠷᠲᠡᠭᠡ ᠶᠢ ᠪᠦᠳᠦᠭᠡᠨ ᠪᠠᠶᠢᠭᠤᠯᠵᠤ ᠪᠠᠶᠢᠭ᠎ᠠ ᠵᠠᠯᠠᠭᠤᠴᠤᠳ ᠤᠨ | ᠪᠦᠯᠬᠦᠮ ᠳᠤ ᠬᠠᠷᠢᠭᠤ ᠵᠠᠬᠢᠳᠠᠯ ᠢᠯᠡᠭᠡᠵᠦ᠂ ᠰᠠᠨᠰᠠᠷ ᠤᠨ ᠠᠶᠠᠯᠠᠯ ᠤᠨ ᠹᠷᠣᠨᠲ ᠤᠨ ᠪᠦᠬᠦ ᠵᠠᠯᠠᠭᠤᠴᠤᠳ ᠲᠤ | ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠡᠳᠡᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ | ᠲᠠᠯᠪᠢᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠤᠩᠰᠢᠭᠠᠳ ᠪᠢ 9 ᠵᠢᠯ ᠤᠨ | ᠡᠮᠦᠨ᠎ᠡ ᠲᠠᠨ ᠤ ᠲᠡᠨᠳᠡ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ | ᠰᠣᠯᠢᠯᠴᠠᠭᠰᠠᠨ ᠪᠠᠶᠢᠳᠠᠯ ᠢ ᠰᠠᠨᠠᠵᠤ ᠤᠯᠪᠠ᠃ 9 ᠵᠢᠯ ᠤᠨ ᠲᠤᠷᠰᠢ ᠲᠩᠷᠢ ᠶᠢᠨ ᠣᠷᠳᠣᠨ᠂ ᠳᠣᠬᠢᠭᠤᠷ ᠲᠤᠯᠤᠭᠠᠨ | ᠣᠲᠣ᠂ ᠴᠠᠩ ᠧ ᠠᠴᠠ ᠠᠪᠤᠭᠠᠳ ᠲᠢᠶᠠᠨ ᠾᠧ᠂ ᠲᠢᠶᠠᠨ ᠸᠧᠨ᠂ ᠰᠢ ᠾᠧ ᠬᠦᠷᠲᠡᠯ᠎ᠡ᠂ ᠳᠤᠮᠳᠠᠳᠤ ᠤᠯᠤᠰ ᠤᠨ | ᠰᠠᠨᠰᠠᠷ ᠤᠨ ᠠᠶᠠᠯᠠᠯ ᠤᠨ ᠬᠢᠨ ᠲᠠᠰᠤᠷᠠᠯᠲᠠ ᠥᠬᠡᠶ ᠰᠢᠨ᠎ᠡ ᠲᠡᠦᠬᠡ ᠶᠢ ᠪᠦᠳᠦᠭᠡᠵᠤ᠂ ᠦᠯᠡᠮᠵᠢ ᠣᠯᠠᠨ ᠰᠠᠨᠰᠠᠷ ᠤᠨ | ᠠᠶᠠᠯᠠᠯ ᠤᠨ ᠵᠠᠯᠠᠭᠤᠴᠤᠳ ᠨᠢᠷᠤᠭᠤ ᠲᠤᠯᠭᠠᠭᠤᠷᠢ ᠪᠣᠯᠵᠣ᠂ ᠬᠦᠨᠳᠦ ᠡᠭᠦᠷᠭᠡ ᠶᠢ ᠡᠭᠦᠷᠭᠡᠯᠡᠵᠦ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠡᠷᠡᠮᠡᠬᠡᠶᠢᠯᠡᠨ ᠳᠠᠪᠰᠢᠬᠤ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠠᠢ ᠭᠡᠵᠤ ᠬᠡᠯᠡᠪᠡ᠃ | ᠰᠢ ᠶᠢᠨ ᠫᠢᠩ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠠᠶᠢᠭᠤᠯᠬᠤ ᠳᠤ ᠦᠶ᠎ᠡ ᠦᠶ᠎ᠡ ᠶᠢᠨ | ᠬᠥᠮᠦᠰ ᠲᠤ ᠲᠦᠰᠢᠭᠯᠡᠨ ᠦᠷᠭᠦᠯᠵᠢᠯᠡᠨ ᠲᠡᠮᠡᠴᠡᠬᠦ ᠬᠡᠷᠡᠭᠲᠡᠢ᠃ ᠥᠷᠭᠡᠨ ᠤᠯᠠᠨ ᠰᠠᠨᠰᠠᠷ ᠤᠨ ᠠᠶᠠᠯᠠᠯ ᠤᠨ | ᠵᠠᠯᠠᠭᠤᠴᠤᠳ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ ᠬᠥᠮᠦᠨ ᠰᠠᠭᠤᠯᠭᠠᠭᠰᠠᠨ ᠰᠠᠨᠰᠠᠷ ᠤᠨ | ᠠᠶᠠᠯᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ | ᠬᠦᠰᠡᠯ ᠵᠡᠭᠦᠳᠦ ᠪᠠᠨ ᠬᠥᠭᠡᠭᠡᠴᠡᠯᠳᠦᠬᠦ ᠰᠠᠨᠰᠠᠷ ᠤᠨ ᠠᠶᠠᠨ ᠵᠠᠮ ᠳᠤ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ | ᠰᠠᠴᠤᠷᠠᠭᠤᠯᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠳᠤ ᠲᠠᠬᠢᠨ ᠰᠢᠨ᠎ᠡ ᠭᠠᠪᠢᠶ᠎ᠠ | ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | 2013 ᠣᠨ ᠤ 5 ᠰᠠᠷ᠎ᠠ ᠶᠢᠨ 4 ᠤ ᠡᠳᠦᠷ᠂ ᠰᠢ ᠶᠢᠨ ᠫᠢᠩ ᠳᠤᠮᠳᠠᠳᠤ ᠤᠯᠤᠰ ᠤᠨ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠺᠣᠮᠫᠠᠨᠢ ᠶᠢᠨ ᠳᠤᠮᠳᠠᠳᠤ ᠤᠯᠤᠰ ᠤᠨ | ᠰᠠᠨᠰᠠᠷ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠳᠤ ᠬᠦᠷᠴᠦ᠂ ︽ᠳᠤᠮᠳᠠᠳᠤ ᠶᠢᠨ ᠵᠡᠭᠦᠳᠦ ᠶᠢ | ᠲᠡᠷᠭᠡᠯᠰᠢᠬᠦᠯᠬᠦ ᠳᠤ ᠵᠠᠯᠠᠭᠤᠴᠤᠳ ᠵᠣᠷᠢᠭᠲᠠᠢ ᠪᠠᠷ ᠡᠭᠦᠷᠭᠡᠯᠡᠬᠦ︾ ᠭᠤᠣᠯ ᠰᠡᠳᠦᠪᠲᠦ ᠡᠪᠯᠡᠯ ᠤᠨ ᠡᠳᠦᠷ ᠤᠨ | ᠠᠵᠢᠯᠯᠠᠭ᠎ᠠ ᠳᠤ ᠣᠷᠣᠯᠴᠠᠵᠤ᠂ ᠡᠯ᠎ᠡ ᠡᠲᠡᠭᠡᠳ ᠤᠨ ᠰᠢᠯᠢᠳᠡᠭ ᠵᠠᠯᠠᠭᠤᠴᠤᠳ ᠤᠨ ᠲᠥᠯᠥᠭᠡᠯᠡᠭᠴᠢᠳ ᠲᠠᠢ | ᠶᠠᠷᠢᠯᠴᠠᠬᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 | ᠵᠢᠯ ᠤᠨ ᠤᠢ ᠶᠢᠨ ᠲᠠᠰᠢᠷᠠᠮ ᠢᠶᠠᠷ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠦᠯᠦᠭᠯᠡᠯ ᠤᠨ ᠰᠠᠨᠰᠠᠷ ᠤᠨ ᠦᠷᠳᠡᠭᠡ ᠶᠢ ᠪᠦᠳᠤᠭᠡᠨ ᠪᠠᠶᠢᠭᠤᠯᠵᠤ ᠪᠠᠶᠢᠭ᠎ᠠ ᠵᠠᠯᠠᠭᠤᠴᠤᠳ ᠤᠨ | ᠪᠦᠯᠬᠦᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠰ ᠪᠦᠯᠦᠭᠯᠡᠯ ᠤᠨ 8 ᠲᠦᠮᠡᠨ | ᠵᠠᠯᠠᠭᠤᠴᠤᠳ ᠢ ᠲᠥᠯᠥᠭᠡᠯᠡᠨ 9 ᠵᠢᠯ ᠤᠨ ᠲᠤᠷᠰᠢᠬᠢ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠰᠠᠨᠰᠠᠷᠤᠨ ᠠᠶᠠᠯᠠᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠭᠠᠷ ᠬᠤᠯᠪᠣᠨ | ᠲᠡᠮᠡᠴᠡᠬᠦ ᠡᠷᠡᠰ ᠵᠣᠷᠢᠭ ᠢᠶᠠᠨ ᠢᠯᠡᠳᠭᠡᠵᠡᠭᠡᠭᠰᠡᠨ ᠪᠠᠶᠢᠨ᠎ᠠ᠃ | |