ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 9 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 9 ᠤ ᠦᠳᠡ ᠶᠢᠨ ᠬᠤᠶᠢᠨ᠎ᠠ ᠭᠧᠷᠮᠠᠨ ᠤ ᠶᠡᠷᠦᠩᠬᠡᠢ ᠰᠠᠶᠢᠳ | ᠱᠦᠸᠧᠷᠽᠢ ᠲᠠᠢ ᠸᠢᠳᠢᠣ᠋ ᠠᠭᠤᠯᠵᠠᠯᠲᠠ ᠬᠢᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠦᠷᠭᠦᠯᠵᠢᠯᠡᠨ ᠪᠤᠳᠤᠯᠢᠶᠠᠨᠲᠠᠢ ᠬᠤᠪᠢᠷᠠᠯᠲᠠ ᠭᠠᠷᠴᠤ᠂ | ᠪᠦᠬᠦ ᠪᠥᠮᠪᠥᠷᠴᠡᠭ ᠤᠨ ᠠᠮᠤᠷ ᠲᠦᠪᠰᠢᠨ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ | ᠥᠷᠢᠰᠥᠯᠳᠦᠭᠡᠨ ᠢᠯᠡᠳᠲᠡ ᠨᠡᠮᠡᠭᠳᠡᠵᠦ᠂ ᠣᠷᠤᠭ᠎ᠠ ᠪᠤᠰᠬᠠᠭ᠎ᠠ ᠬᠤᠪᠢᠷᠠᠯᠲᠠ ᠲᠠᠢ ᠴᠠᠭ ᠦᠶ᠎ᠡ ᠳᠤ ᠨᠡᠩ ᠤᠯᠠᠨ | ᠲᠣᠭᠲᠠᠪᠤᠷᠢᠲᠤ ᠴᠢᠨᠠᠷ ᠪᠣᠯᠤᠨ ᠲᠣᠭᠲᠠᠭᠠᠯᠲᠤ ᠴᠢᠨᠠᠷ ᠨᠡᠮᠡᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠳᠤᠮᠳᠠᠳᠤ | ᠤᠯᠤᠰ ᠪᠣᠯᠤᠨ ᠭᠧᠷᠮᠠᠨ ᠪᠣᠯ ᠪᠦᠷ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠪᠣᠯᠤᠨ᠎ᠠ᠃ ᠣᠳᠣᠬᠠᠨ ᠤ | ᠪᠠᠶᠢᠳᠠᠯ ᠳᠣᠣᠷ᠎ᠠ᠂ ᠨᠡᠩ ᠴᠦ ᠳᠤᠮᠳᠠᠳᠤ ᠭᠧᠷᠮᠠᠨ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ | ᠬᠥᠭᠵᠢᠯᠲᠡ ᠶᠢ ᠪᠠᠲᠤᠯᠠᠵᠤ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ | ᠬᠦᠳᠦᠯᠥᠨ ᠳᠠᠭᠠᠭᠤᠯᠬᠤ ᠴᠢᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤᠶᠢ ᠱᠠᠭᠠᠷᠳᠠᠵᠤ ᠪᠠᠶᠢᠨ᠎ᠠ᠂ ᠡᠨᠡ ᠨᠢ | ᠬᠤᠶᠠᠷ ᠤᠯᠤᠰ ᠤᠨ ᠠᠷᠠᠳ ᠲᠦᠮᠡᠨ ᠳᠤ ᠠᠰᠢᠭᠲᠠᠢ ᠪᠠᠷ ᠪᠠᠷᠠᠬᠤ ᠦᠬᠡᠢ᠂ ᠳᠡᠯᠡᠬᠡᠢ ᠶᠢᠨ ᠡᠩᠬᠡ ᠲᠠᠶᠢᠪᠤᠩ ᠠᠮᠤᠷ | ᠲᠣᠭᠲᠠᠭᠤᠨ ᠳᠤ ᠴᠤ ᠴᠢᠬᠤᠯᠠ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠩᠭᠡᠷᠡᠭᠰᠡᠨ 50 ᠵᠢᠯ ᠤᠨ ᠲᠤᠷᠰᠢ᠂ ᠳᠤᠮᠳᠠᠳᠤ ᠭᠧᠷᠮᠠᠨ ᠤ ᠬᠠᠷᠢᠯᠴᠠᠭ᠎ᠠ ᠥᠨᠳᠥᠷ | ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠲᠠᠮᠵᠢᠨ ᠬᠠᠮᠲᠤ ᠪᠠᠷ ᠬᠥᠭᠵᠢᠬᠦ᠂ ᠬᠠᠷᠢᠯᠴᠠᠨ | ᠠᠮᠵᠢᠯᠲᠠ ᠳᠤ ᠬᠦᠷᠭᠡᠬᠦ ᠶᠢ ᠪᠡᠶᠡᠯᠡᠭᠦᠯᠪᠡ᠂ ᠵᠠᠩᠭᠢᠯᠠᠭ᠎ᠠ ᠨᠢ ᠬᠠᠷᠢᠯᠴᠠᠨ ᠬᠦᠨᠳᠦᠳᠭᠡᠬᠦ᠂ ᠬᠠᠮᠲᠤᠷᠠᠯᠴᠠᠵᠤ ᠬᠠᠮᠲᠤ ᠪᠠᠷ | ᠠᠰᠢᠭ ᠬᠦᠷᠳᠡᠬᠦ ᠶᠢ ᠪᠠᠷᠢᠮᠲᠠᠯᠠᠭᠰᠠᠨ ᠳᠤ ᠪᠠᠶᠢᠨ᠎ᠠ᠂ ᠡᠨᠡ ᠬᠦ ᠡᠷᠬᠢᠮ ᠨᠠᠨᠳᠢᠨ ᠲᠤᠷᠰᠢᠯᠭ᠎ᠠ ᠪᠣᠯᠤᠨ ᠴᠢᠬᠤᠯᠠ | ᠵᠠᠷᠴᠢᠮ ᠢ ᠢᠮᠠᠭᠲᠠ ᠪᠠᠷᠢᠮᠲᠠᠯᠠᠶ᠎ᠡ᠃ ᠳᠤᠮᠳᠠᠳᠤ ᠶᠢᠨ ᠲᠠᠯ᠎ᠠ ᠶᠢᠨ ᠬᠢᠨ ᠤ ᠳᠤᠮᠳᠠᠳᠤ ᠭᠧᠷᠮᠠᠨ ᠤ ᠬᠠᠷᠢᠯᠴᠠᠭ᠎ᠠ ᠶᠢ | ᠬᠥᠭᠵᠢᠭᠦᠯᠬᠦ ᠤᠭ ᠰᠠᠨᠠᠭ᠎ᠠ ᠬᠤᠪᠢᠷᠠᠬᠤ ᠦᠭᠡᠢ᠂ ᠭᠧᠷᠮᠠᠨ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩ | ᠦᠨᠡᠨᠴᠢ ᠬᠦᠰᠡᠯ ᠬᠤᠪᠢᠷᠠᠬᠤ ᠦᠭᠡᠢ᠂ ᠳᠤᠮᠳᠠᠳᠤ ᠭᠧᠷᠮᠠᠨ ᠤ ᠨᠡᠩ ᠤᠯᠠᠨ ᠠᠴᠢ ᠬᠤᠯᠪᠣᠭᠳᠠᠯ ᠲᠠᠢ ᠶᠡᠭᠡ | ᠶᠠᠪᠤᠳᠠᠯ ᠢ ᠬᠠᠮᠲᠤ ᠪᠠᠷ ᠪᠦᠲᠦᠭᠡᠬᠦ ᠢᠲᠡᠭᠡᠯ ᠬᠤᠪᠢᠷᠠᠬᠤ ᠦᠭᠡᠢ ᠶᠤᠮ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ | ᠬᠠᠮᠲᠤᠷᠠᠯᠴᠠᠭ᠎ᠠ ᠶᠢᠨ ᠭᠤᠣᠯ ᠬᠦᠭ ᠠᠶᠠᠰ ᠢ ᠪᠠᠷᠢᠮᠲᠠᠯᠠᠵᠤ᠂ ᠬᠤᠶᠠᠷ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢᠨ | ᠲᠣᠭᠲᠠᠴᠠ ᠶᠢ ᠰᠠᠶᠢᠲᠤᠷ ᠠᠰᠢᠭᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠤᠷᠸ᠎ᠠ ᠠᠵᠤ | ᠠᠬᠤᠢ ᠶᠢᠨ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠭᠤᠨ ᠪᠠᠶᠢᠯᠭᠠᠬᠤ ᠵᠡᠷᠭᠡ ᠡᠯ᠎ᠡ ᠬᠦᠷᠢᠶᠡᠨ ᠳᠤ ᠶᠠᠷᠢᠯᠴᠠᠭ᠎ᠠ ᠥᠷᠨᠢᠭᠦᠯᠵᠦ᠂ ᠳᠤᠮᠳᠠᠳᠤ ᠭᠧᠷᠮᠠᠨ ᠤ | ᠬᠠᠷᠢᠯᠴᠠᠭᠠᠨ ᠤ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠪᠠᠯ ᠵᠣᠬᠢᠨ᠎ᠠ᠃ ᠬᠠᠷᠢᠯᠴᠠᠨ ᠠᠰᠢᠭᠲᠠᠢ | ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠪᠣᠬᠢᠷᠲᠤᠯ ᠦᠭᠡᠢ ᠣᠷᠴᠢᠨ ᠲᠣᠭᠤᠷᠢᠨ ᠤ | ᠬᠠᠮᠠᠭᠠᠯᠠᠯᠲᠠ᠂ ᠦᠢᠯᠡᠴᠢᠯᠡᠭᠡᠨ ᠤ ᠠᠷᠠᠯᠵᠢᠶ᠎ᠠ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠯᠲᠠ ᠵᠡᠷᠭᠡ ᠰᠢᠨ᠎ᠡ | ᠮᠡᠷᠭᠡᠵᠢᠯ ᠤᠨ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠭᠡᠶ᠎ᠡ᠃ ᠳᠤᠮᠳᠠᠳᠤ ᠤᠯᠤᠰ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠨᠢ ᠭᠧᠷᠮᠠᠨ ᠢ ᠪᠠᠭᠲᠠᠭᠠᠭᠰᠠᠨ ᠡᠯ᠎ᠡ ᠤᠯᠤᠰ ᠲᠤ ᠨᠡᠩ | ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠬᠤ ᠪᠣᠯᠤᠨ᠎ᠠ᠃ ᠵᠢᠩᠬᠢᠨᠢ ᠤᠯᠠᠨ ᠲᠠᠯᠠᠲᠤ | ᠦᠵᠡᠯ ᠢ ᠰᠠᠨᠠᠭᠠᠴᠢᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠪᠠᠶᠢᠷᠢ | ᠰᠠᠭᠤᠷᠢ ᠶᠢ ᠭᠠᠷ ᠬᠤᠯᠪᠣᠨ ᠬᠠᠮᠠᠭᠠᠯᠠᠵᠤ᠂ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠡ ᠶᠢ | ᠬᠠᠮᠠᠭᠠᠯᠠᠨ᠂ ᠨᠡᠭᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠪᠦᠬᠦ | ᠪᠥᠮᠪᠥᠷᠴᠡᠭ ᠤᠨ ᠲᠡᠩᠴᠡᠭᠦᠷᠢᠲᠡᠢ᠂ ᠵᠣᠬᠢᠴᠠᠩᠭᠤᠢ᠂ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠤᠶ᠎ᠡ᠃ ᠭᠧᠷᠮᠠᠨ ᠤ ᠬᠢᠨ | ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠤᠨ ᠪᠦᠬᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠬᠦ ᠶᠢᠨ ᠬᠠᠮᠲᠤ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠧᠦ᠋ᠷᠣᠫᠠ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ | ᠮᠥᠨ᠂ ᠳᠤᠮᠳᠠᠳᠤ ᠧᠦ᠋ᠷᠣᠫᠠ ᠪᠣᠯ ᠬᠠᠷᠢᠯᠴᠠᠨ ᠲᠤᠰ ᠲᠤᠰ ᠤᠨ ᠢᠶᠠᠨ ᠬᠦᠭᠵᠢᠯᠲᠡ ᠶᠢᠨ ᠠᠵᠠ ᠲᠣᠬᠢᠶᠠᠯ ᠮᠥᠨ᠂ | ᠳᠤᠮᠳᠠᠳᠤ ᠧᠦ᠋ᠷᠣᠫᠠ ᠶᠢᠨ ᠬᠠᠮᠲᠤ ᠶᠢᠨ ᠠᠰᠢᠭ ᠲᠤᠰᠠ ᠨᠢ ᠵᠥᠷᠢᠯᠳᠦᠭᠡᠨ ᠠᠴᠠ ᠬᠤᠯᠠ ᠶᠡᠭᠡ ᠶᠤᠮ᠃ | ᠳᠤᠮᠳᠠᠳᠤ ᠶᠢᠨ ᠲᠠᠯ᠎ᠠ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠪᠠᠶᠢᠯᠳᠤᠬᠤ ᠪᠤᠳᠤᠯᠭ᠎ᠠ ᠶᠢᠨ | ᠪᠡᠶ᠎ᠡ ᠪᠠᠨ ᠳᠠᠭᠠᠭᠠᠬᠤ ᠶᠢ ᠳᠡᠮᠵᠢᠨ᠎ᠠ᠃ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠨᠢ ᠵᠤᠷᠢᠭᠤᠳᠠ ᠬᠠᠨᠳᠤᠭᠤᠯᠬᠤ | ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠠᠭᠴᠢ ᠲᠠᠯ᠎ᠠ ᠳᠤ ᠬᠢᠵᠠᠭᠠᠷᠯᠠᠭᠳᠠᠬᠤ ᠦᠭᠡᠢ ᠶᠤᠮ᠃ ᠡᠨᠡ ᠪᠣᠯ ᠬᠤᠶᠠᠷ | ᠲᠠᠯ᠎ᠠ ᠪᠠᠷ ᠢᠶᠠᠨ ᠤᠷᠳᠤ ᠬᠤᠭᠤᠴᠠᠭ᠎ᠠ ᠪᠠᠷ ᠪᠠᠷᠢᠮᠲᠠᠯᠠᠪᠠᠯ ᠵᠣᠬᠢᠬᠤ ᠪᠠᠶᠢᠯᠳᠤᠬᠤ ᠪᠤᠳᠤᠯᠭ᠎ᠠ ᠶᠢᠨ ᠬᠠᠮᠲᠤ ᠶᠢᠨ | ᠲᠠᠨᠢᠯᠲᠠ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠤᠪᠢᠰᠤᠩᠭᠤᠢ᠂ ᠠᠯᠤᠰ ᠬᠡᠳᠤ ᠶᠢᠨ ᠬᠠᠷᠠᠴᠠ ᠶᠢ ᠪᠠᠷᠢᠮᠲᠠᠯᠠᠵᠤ᠂ | ᠬᠠᠷᠢᠯᠴᠠᠨ ᠬᠦᠨᠳᠦᠳᠭᠡᠬᠦ ᠶᠢ ᠪᠠᠷᠢᠮᠲᠠᠯᠠᠵᠤ᠂ ᠵᠥᠪ ᠲᠠᠨᠢᠯᠲᠠ ᠶᠢ ᠪᠠᠲᠤ ᠰᠠᠬᠢᠵᠤ᠂ ᠤᠯᠤᠯᠴᠠᠭ᠎ᠠ ᠪᠠᠨ ᠴᠢᠩᠭᠠᠳᠬᠠᠵᠤ᠂ | ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠭᠠᠵᠠᠷ ᠤᠷᠤᠨ ᠢᠶᠠᠷ ᠰᠢᠯᠳᠠᠭᠠᠯᠠᠬᠳᠠᠬᠤ ᠤᠯᠤᠰ ᠲᠦᠷᠦ ᠶᠢᠨ | ᠬᠢᠮᠤᠷᠠᠯ ᠤᠨ ᠡᠮᠦᠨ᠎ᠡ᠂ ᠶᠠᠷᠢᠯᠴᠠᠭ᠎ᠠ ᠪᠠ ᠬᠠᠮᠲᠤᠷᠠᠯᠴᠠᠭ᠎ᠠ ᠶᠢ ᠰᠠᠨᠠᠭᠠᠴᠢᠯᠠᠵᠤ᠂ ᠳᠤᠮᠳᠠᠳᠤ ᠧᠦ᠋ᠷᠣᠫᠠ ᠶᠢᠨ | ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ ᠪᠠᠶᠢᠳᠠᠯ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠢ | ᠠᠷᠭᠠᠴᠠᠭᠠᠶ᠎ᠠ︔ ᠬᠢᠵᠢᠭ ᠤᠨ ᠳᠠᠷᠠᠭᠠᠬᠢ ᠰᠡᠷᠭᠦᠯᠲᠡ ᠶᠢᠨ ᠬᠦᠴᠢᠷ ᠠᠰᠠᠭᠤᠳᠠᠯ ᠤᠨ ᠡᠮᠦᠨ᠎ᠡ᠂ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ | ᠳᠤᠮᠳᠠᠳᠤ ᠧᠦ᠋ᠷᠣᠫᠠ ᠶᠢᠨ ᠬᠠᠮᠲᠤᠷᠠᠯᠴᠠᠭᠠᠨ ᠤ ᠨᠡᠭᠡᠭᠡᠯᠲᠡᠲᠦ ᠴᠢᠨᠠᠷ ᠢᠶᠠᠷ ᠳᠡᠯᠡᠬᠡᠢ ᠶᠢᠨ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠠᠬᠢᠭᠤᠯᠤᠶ᠎ᠠ︔ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠤ ᠡᠮᠦᠨ᠎ᠡ᠂ ᠠᠭᠤᠷ | ᠠᠮᠢᠰᠬᠤᠯ ᠤᠨ ᠬᠤᠪᠢᠷᠠᠯᠲᠠ᠂ ᠦᠷᠭᠦᠯᠵᠢᠯᠡᠬᠦ ᠬᠥᠭᠵᠢᠯᠲᠡ ᠵᠡᠷᠭᠡ ᠬᠥᠮᠦᠨ ᠲᠥᠷᠥᠯᠬᠢᠲᠡᠨ ᠤ ᠢᠷᠡᠭᠡᠳᠦᠢ ᠳᠤ | ᠬᠤᠯᠪᠣᠭᠳᠠᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠧᠦ᠋ᠷᠣᠫᠠ ᠶᠢᠨ ᠶᠠᠷᠢᠯᠴᠠᠭ᠎ᠠ ᠶᠢᠨ | ᠥᠷᠭᠡᠨ ᠳᠡᠯᠭᠡᠷ ᠴᠢᠨᠠᠷ ᠢᠶᠠᠷ ᠪᠦᠬᠦ ᠪᠥᠮᠪᠥᠷᠴᠡᠭ ᠤᠨ ᠵᠠᠰᠠᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠶ᠎ᠠ᠃ | ᠭᠧᠷᠮᠠᠨ ᠤ ᠬᠢᠨ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠳᠤ ᠢᠳᠡᠪᠬᠢᠲᠡᠢ | ᠨᠥᠯᠥᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠱᠦᠸᠧᠷᠽᠢ᠂ ᠤᠢᠢᠷ᠎ᠠ ᠶᠢᠨ ᠵᠢᠯ ᠠᠴᠠ ᠨᠠᠭᠠᠰᠢ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ | ᠮᠠᠰᠢ ᠰᠠᠶᠢᠨ ᠪᠣᠯᠵᠠᠢ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠤᠯᠠᠮᠵᠢᠯᠠᠯ ᠢᠶᠠᠨ ᠵᠠᠯᠭᠠᠮᠵᠢᠯᠠᠵᠤ᠂ ᠬᠤᠶᠠᠷ | ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠠᠬᠢᠭᠤᠯᠪᠠᠯ | ᠵᠣᠬᠢᠨ᠎ᠠ᠃ ᠭᠧᠷᠮᠠᠨ ᠤ ᠲᠠᠯ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠯ᠎ᠡ ᠲᠡᠰ ᠳᠠᠪᠬᠤᠷᠭ᠎ᠠ ᠶᠢᠨ ᠨᠢᠭᠲᠠ ᠤᠯᠤᠯᠴᠠᠭ᠎ᠠ | ᠶᠠᠪᠤᠯᠴᠠᠭ᠎ᠠ ᠶᠢ ᠪᠠᠲᠤᠯᠠᠵᠤ᠂ ᠰᠢᠨ᠎ᠡ ᠨᠢᠭᠡ ᠡᠭᠡᠯᠵᠢ ᠶᠢᠨ ᠭᠧᠷᠮᠠᠨ ᠳᠤᠮᠳᠠᠳᠤ ᠶᠢᠨ ᠵᠠᠰᠠᠭ ᠤᠨ ᠣᠷᠳᠣᠨ ᠤ | ᠵᠥᠪᠳᠡᠯᠴᠡᠭᠡ ᠶᠢ ᠰᠠᠶᠢᠲᠤᠷ ᠡᠷᠬᠢᠯᠡᠵᠦ᠂ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ | ᠪᠠᠶᠢᠯᠭᠠᠬᠤ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠵᠡᠷᠭᠡ ᠴᠢᠬᠤᠯᠠ ᠵᠥᠪᠯᠡᠬᠦ | ᠵᠦᠢᠯ ᠤᠨ ᠲᠤᠬᠠᠢ ᠶᠠᠷᠢᠯᠴᠠᠭ᠎ᠠ ᠥᠷᠨᠢᠭᠦᠯᠵᠦ᠂ ᠠᠷᠠᠯᠵᠢᠶ᠎ᠠ ᠪᠡᠯᠡ ᠣᠷᠣᠭᠤᠯᠤᠯᠲᠠ᠂ ᠠᠭᠤᠷ ᠠᠮᠢᠰᠬᠤᠯ ᠤᠨ | ᠬᠤᠪᠢᠷᠠᠯᠲᠠ᠂ ᠬᠢᠵᠢᠭ ᠲᠠᠢ ᠲᠡᠮᠡᠴᠡᠬᠦ᠂ ᠡᠷᠡᠭᠦᠯ ᠬᠠᠮᠠᠭᠠᠯᠠᠯ ᠡᠮ ᠡᠮᠨᠡᠯᠭᠡ᠂ ᠰᠤᠷᠭᠠᠨ ᠬᠥᠮᠦᠵᠢᠯ ᠰᠣᠶᠣᠯ ᠵᠡᠷᠭᠡ | ᠥᠷᠭᠡᠨ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠭᠧᠷᠮᠠᠨ ᠤ ᠬᠢᠨ ᠳᠤᠮᠳᠠᠳᠤ ᠶᠢᠨ ᠲᠠᠯ᠎ᠠ ᠶᠢᠨ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠳᠠ ᠪᠠᠨ ᠥᠷᠭᠡᠳᠭᠡᠬᠦ ᠪᠠᠷ ᠴᠢᠷᠮᠠᠶᠢᠬᠤ ᠶᠢ ᠪᠠᠶᠠᠷᠯᠠᠨ ᠤᠭᠲᠤᠵᠤ ᠪᠠᠶᠢᠨ᠎ᠠ᠂ | ᠡᠨᠡ ᠨᠢ ᠭᠧᠷᠮᠠᠨ ᠤ ᠲᠠᠯ᠎ᠠ ᠳᠤ ᠨᠡᠩ ᠤᠯᠠᠨ ᠠᠵᠠ ᠲᠣᠬᠢᠶᠠᠯ ᠠᠪᠴᠢᠷᠠᠬᠤ ᠪᠣᠯᠤᠨ᠎ᠠ᠃ ᠭᠧᠷᠮᠠᠨ ᠤ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠦᠷᠢᠶᠡᠨ ᠤ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ | ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠢᠳᠡᠪᠬᠢᠲᠡᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠭᠡᠪᠡ᠃ | ᠬᠤᠶᠠᠷ ᠤᠯᠤᠰ ᠤᠨ ᠤᠳᠤᠷᠢᠳᠬᠤ ᠬᠥᠮᠦᠨ ᠪᠠᠰᠠ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ | ᠭᠦᠨᠵᠡᠭᠡᠶ ᠪᠥᠭᠡᠳ ᠦᠨᠡᠨᠴᠢ ᠪᠠᠷ ᠰᠣᠯᠢᠯᠴᠠᠵᠠᠶ᠃ ᠰᠢ ᠶᠢᠨ ᠫᠢᠩ᠂ ᠳᠤᠮᠳᠠᠳᠤ ᠶᠢᠨ ᠲᠠᠯ᠎ᠠ ᠢᠮᠠᠭᠲᠠ ᠡᠩᠬᠡ | ᠲᠠᠶᠢᠪᠤᠩ ᠢ ᠡᠷᠬᠢᠮᠯᠡᠵᠤ᠂ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠠᠴᠠ ᠡᠭᠦᠰᠴᠦ᠂ | ᠪᠡᠶ᠎ᠡ ᠪᠠᠨ ᠳᠠᠭᠠᠭᠠᠵᠤ ᠡᠵᠡᠨ ᠮᠡᠳᠡᠨ ᠮᠠᠭᠠᠳᠯᠠᠯᠲᠠ ᠬᠢᠬᠦ ᠪᠦᠭᠡᠳ ᠥᠪᠡᠷ ᠤᠨ ᠠᠷᠭ᠎ᠠ ᠬᠡᠯᠪᠡᠷᠢ ᠪᠠᠷ ᠢᠶᠠᠨ ᠢᠳᠬᠠᠨ | ᠡᠪᠰᠡᠭᠦᠯᠵᠤ ᠬᠡᠯᠡᠯᠴᠡᠭᠡ ᠬᠢᠬᠦ ᠶᠢ ᠠᠬᠢᠭᠤᠯᠵᠤ᠂ ᠪᠠᠶᠢᠳᠠᠯ ᠢ ᠨᠠᠮᠳᠠᠭᠤᠯᠬᠤ ᠶᠢ ᠠᠬᠢᠭᠤᠯᠤᠭᠰᠠᠭᠠᠷ ᠢᠷᠡᠵᠠᠢ᠃ | ᠦᠺᠷᠠᠶᠢᠨ ᠤ ᠬᠢᠮᠤᠷᠠᠯ ᠨᠢ ᠧᠦ᠋ᠷᠣᠫᠠ ᠲᠢᠪ ᠤᠨ ᠠᠮᠤᠷ ᠲᠦᠪᠰᠢᠨ ᠢ ᠳᠠᠬᠢᠨᠲᠠ ᠵᠠᠩᠭᠢᠯᠠᠭ᠎ᠠ ᠶᠢᠨ ᠲᠣᠨᠣᠯᠵᠢᠨ | ᠵᠠᠮ ᠳᠤ ᠣᠷᠣᠭᠤᠯᠪᠠ᠃ ᠮᠥᠷᠭᠦᠯᠳᠦᠭᠡᠨ ᠢ ᠰᠢᠷᠦᠭᠦᠰᠦᠭᠦᠯᠤᠨ ᠥᠷᠭᠡᠳᠬᠡᠵᠤ᠂ ᠠᠪᠬᠤ ᠶᠢᠨ ᠳᠠᠮᠳᠤᠬ ᠦᠭᠡᠢ ᠪᠠᠶᠢᠳᠠᠯ | ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠧᠦ᠋ᠷᠣᠫᠠ ᠶᠢᠨ ᠲᠠᠯ᠎ᠠ ᠲᠡᠦᠬᠡ ᠶᠢᠨ ᠬᠠᠷᠢᠭᠤᠴᠠᠯᠭ᠎ᠠ ᠡᠭᠦᠷᠭᠡᠯᠡᠯ ᠪᠣᠯᠤᠨ | ᠤᠯᠤᠰ ᠲᠦᠷᠦ ᠶᠢᠨ ᠤᠶᠤᠨ ᠤᠬᠠᠭᠠᠨ ᠢᠶᠠᠨ ᠭᠠᠷᠭᠠᠵᠤ᠂ ᠧᠦ᠋ᠷᠣᠫᠠ ᠲᠢᠪ ᠤᠨ ᠠᠯᠤᠰ ᠬᠡᠳᠤ ᠶᠢᠨ ᠠᠮᠤᠷ | ᠲᠣᠭᠲᠠᠭᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠲᠠᠢ ᠠᠷᠭ᠎ᠠ ᠬᠡᠯᠪᠡᠷᠢ ᠪᠠᠷ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠪᠠᠯ ᠵᠤᠬᠢᠨ᠎ᠠ᠃ ᠧᠦ᠋ᠷᠣᠫᠠ ᠲᠢᠪ ᠤᠨ ᠠᠮᠤᠷ ᠲᠦᠪᠰᠢᠨ ᠨᠢ ᠧᠦ᠋ᠷᠣᠫᠠᠴᠤᠳ ᠤᠨ | ᠭᠠᠷ ᠲᠤ ᠪᠠᠶᠢᠬᠤ ᠬᠡᠷᠡᠭᠲᠡᠶ᠃ ᠧᠦ᠋ᠷᠣᠫᠠ ᠲᠢᠪ ᠤᠨ ᠬᠢᠨ ᠢᠳᠬᠠᠨ ᠡᠪᠰᠡᠭᠦᠯᠵᠤ ᠬᠡᠯᠡᠯᠴᠡᠭᠡ ᠬᠢᠬᠦ ᠶᠢ ᠠᠬᠢᠭᠤᠯᠬᠤ | ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠵᠤ᠂ ᠡᠴᠦᠰ ᠲᠡᠭᠡᠨ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ | ᠧᠦ᠋ᠷᠣᠫᠠ ᠲᠢᠪ ᠤᠨ ᠠᠮᠤᠷ ᠲᠦᠪᠰᠢᠨ ᠤ ᠪᠣᠷᠣ ᠲᠥᠯᠥᠪ ᠢ ᠠᠬᠢᠭᠤᠯᠤᠨ ᠪᠠᠶᠢᠭᠤᠯᠬᠤ ᠶᠢ ᠳᠤᠮᠳᠠᠳᠤ ᠤᠯᠤᠰ | ᠳᠡᠮᠵᠢᠨ᠎ᠠ᠃ ᠳᠤᠮᠳᠠᠳᠤ ᠤᠯᠤᠰ ᠳᠡᠯᠡᠬᠡᠢ ᠨᠡᠶᠢᠭᠡᠮ ᠤᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠬᠤ ᠳᠤ | ᠠᠰᠢᠭᠲᠠᠢ ᠠᠯᠢᠪᠠ ᠴᠢᠷᠮᠠᠶᠢᠯᠭ᠎ᠠ ᠶᠢ ᠪᠠᠶᠠᠷᠯᠠᠨ ᠤᠭᠲᠤᠵᠤ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤᠷᠤᠰ | ᠦᠺᠷᠠᠶᠢᠨ ᠬᠤᠶᠠᠷ ᠲᠠᠯ᠎ᠠ ᠶᠢᠨ ᠬᠡᠯᠡᠯᠴᠡᠭᠡ ᠪᠠᠷ ᠳᠠᠮᠵᠢᠨ ᠡᠩᠬᠡ ᠲᠠᠶᠢᠪᠤᠩ ᠢ ᠪᠡᠶᠡᠯᠡᠭᠦᠯᠬᠦ ᠶᠢ ᠳᠡᠮᠵᠢᠪᠡᠯ ᠵᠣᠬᠢᠨ᠎ᠠ | ᠭᠡᠵᠤ ᠴᠢᠬᠤᠯᠠᠴᠢᠯᠠᠵᠠᠢ᠃ | ᠳ᠋ᠢᠩ ᠰᠢᠤᠸᠠᠢ ᠰᠢᠶᠠᠩ᠂ ᠶᠠᠩ ᠵᠢᠶᠧ ᠤᠤᠢ᠂ ᠸᠠᠩ ᠢ᠂ ᠡᡁᠧ ᠯᠢ ᠹᠧᠩ ᠨᠠᠷ ᠠᠭᠤᠯᠵᠠᠯᠲᠠ ᠳᠤ | ᠣᠷᠣᠯᠴᠠᠪᠠ᠃ |