5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠴᠠᠭ ᠮᠥᠴᠡ ᠶᠢ ᠠᠯᠳᠠᠯ ᠦᠭᠡᠢ ᠴᠢᠷᠮᠠᠶᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ | ᠣᠶᠢᠯᠠᠭᠠᠶ᠎ᠠ︕ | ᠣᠶᠢᠷ᠎ᠠ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠪᠠᠭᠤᠷᠠᠬᠤ ᠬᠠᠨᠳᠤᠰᠢ ᠲᠠᠢ | ᠪᠠᠶᠢᠨ᠎ᠠ | ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ | ᠦᠷᠭᠦᠯᠵᠢᠯᠡᠨ ᠪᠠᠭᠤᠷᠠᠬᠤ ᠬᠠᠨᠳᠤᠰᠢ ᠲᠠᠢ ᠪᠣᠯᠵᠤ᠂ 5 ᠳ᠋ᠤᠭᠠᠷ ᠰᠠᠷ᠎ᠠ ᠶᠢᠨ 5 ᠤ ᠡᠳᠦᠷ ᠠᠴᠠ ᠨᠠᠭᠠᠰᠢ᠂ ᠪᠥᠬᠦ | ᠤᠯᠤᠰ ᠤᠨ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠰᠠᠳ ᠴᠥᠮ | 5000 ᠬᠥᠮᠥᠨ ᠠᠴᠠ ᠳᠣᠣᠷ᠎ᠠ ᠪᠠᠶᠢᠨ᠎ᠠ᠃ 5 ᠳ᠋ᠤᠭᠠᠷ ᠰᠠᠷ᠎ᠠ ᠶᠢᠨ 12 ᠤᠨ ᠡᠳᠦᠷ ᠪᠦᠬᠦ ᠤᠯᠤᠰ ᠤᠨ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ 2300 ᠠᠴᠠ ᠳᠣᠷᠣᠭᠰᠢ ᠪᠣᠯᠵᠠᠢ᠃ | ᠣᠳᠣᠬᠠᠨ ᠳᠤ᠂ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠰᠠᠶᠢᠵᠢᠷᠠᠵᠤ᠂ ᠪᠥᠬᠦ | ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠲᠣᠭᠲᠠᠭᠤᠨ ᠢᠶᠠᠷ ᠪᠠᠭᠤᠷᠠᠬᠤ | ᠬᠠᠨᠳᠤᠰᠢ ᠲᠠᠢ ᠪᠠᠶᠢᠨ᠎ᠠ᠃ | ᠭᠢᠷᠢᠨ ᠮᠤᠵᠢ ᠶᠢᠨ ᠬᠢᠵᠢᠭ ᠤᠨ ᠪᠠᠶᠢᠳᠠᠯ ᠰᠡᠭᠦᠯ ᠬᠤᠷᠢᠶᠠᠬᠤ ᠱᠠᠲᠤᠨ ᠳᠤ ᠣᠷᠣᠪᠠ᠃ | ᠣᠶᠢᠷ᠎ᠠ ᠳᠤ ᠪᠡᠭᠡᠵᠢᠩ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠡᠳᠦᠢ | ᠲᠡᠳᠦᠢ ᠪᠠᠭᠠᠰᠴᠤ᠂ ᠬᠠᠮᠤᠭ ᠤᠨ ᠥᠨᠳᠥᠷ ᠲᠤ ᠪᠠᠨ 70 ᠭᠠᠷᠤᠢ ᠬᠥᠮᠥᠨ ᠪᠠᠶᠢᠭᠰᠠᠨ ᠠᠴᠠ 5 ᠳ᠋ᠤᠭᠠᠷ ᠰᠠᠷ᠎ᠠ ᠶᠢᠨ | 12 ᠤᠨ ᠡᠳᠦᠷ ᠲᠤ 47 ᠬᠥᠮᠥᠨ ᠪᠣᠯᠵᠤ ᠪᠠᠭᠤᠷᠠᠪᠠ᠂ ᠡᠨᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ | ᠬᠠᠨᠳᠤᠯᠭᠠᠲᠤ ᠴᠢᠨᠠᠷ ᠪᠠ ᠦᠷ᠎ᠡ ᠪᠦᠲᠦᠮᠵᠢ ᠶᠢ ᠢᠯᠡᠷᠡᠭᠦᠯᠵᠦ ᠪᠠᠶᠢᠪᠠᠴᠤ ᠬᠠᠮᠢᠶᠠᠷᠤᠨ ᠡᠵᠡᠮᠳᠡᠬᠦ ᠪᠠᠶᠢᠳᠠᠯ ᠳᠤ | ᠣᠷᠤᠭ᠎ᠠ ᠦᠭᠡᠢ ᠬᠠᠯᠳᠠᠪᠤᠷᠢᠯᠠᠭᠰᠠᠳ ᠤᠨ ᠮᠡᠳᠡᠭᠦᠯᠦᠯᠲᠡ ᠮᠥᠨ ᠯᠠ ᠢᠯᠡᠷᠡᠵᠦ᠂ ᠨᠡᠶᠢᠭᠡᠮ ᠲᠣᠭᠤᠷᠢᠭ ᠤᠨ | ᠬᠠᠯᠳᠠᠪᠤᠷᠢᠯᠠᠬᠤ ᠲᠦᠭᠰᠢᠭᠦᠷᠢ ᠶᠢ ᠬᠠᠷᠠᠬᠠᠨ ᠪᠦᠷᠢᠮᠦᠰᠦᠨ ᠬᠤᠷᠢᠭᠯᠠᠵᠤ ᠳᠡᠶᠢᠯᠦᠭᠡᠳᠦᠢ ᠪᠠᠶᠢᠨ᠎ᠠ᠃ | ᠰᠧᠴᠤᠸᠠᠨ ᠤ ᠭᠤᠸᠠᠩ ᠠᠨ ᠤ ᠬᠢᠵᠢᠭ ᠤᠨ ᠪᠠᠶᠢᠳᠠᠯ ᠮᠥᠨ ᠬᠦ ᠬᠥᠭᠵᠢᠵᠦ ᠪᠠᠶᠢᠭ᠎ᠠ ᠪᠣᠯᠬᠤᠷ ᠠᠯᠢ | ᠲᠦᠷᠭᠡᠨ ᠢᠶᠠᠷ ᠢᠯᠭᠠᠷᠠᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠴᠢᠬᠤᠯᠠᠲᠠᠢ ᠪᠠᠶᠢᠨ᠎ᠠ᠃ | ᠾᠧᠨᠠᠨ᠂ ᠵᠢᠶᠠᠩᠰᠤ᠂ ᠵᠧᠵᠢᠶᠠᠩ᠂ ᠵᠢᠶᠠᠩᠰᠢ᠂ ᠯᠢᠶᠣᠤᠨᠢᠩ ᠵᠡᠷᠭᠡ ᠭᠠᠵᠠᠷ ᠤᠨ ᠬᠢᠵᠢᠭ ᠤᠨ ᠪᠠᠶᠢᠳᠠᠯ | ᠤᠯᠠᠮ ᠢᠶᠠᠷ ᠲᠣᠭᠲᠠᠭᠤᠨ ᠪᠣᠯᠵᠤ ᠪᠠᠶᠢᠪᠠᠴᠤ ᠮᠥᠨ ᠬᠦ ᠠᠯᠢ ᠲᠦᠷᠭᠡᠨ ᠢᠶᠠᠷ ᠲᠡᠭ ᠪᠣᠯᠭᠠᠬᠤ ᠴᠢᠬᠤᠯᠠᠲᠠᠢ ᠪᠠᠶᠢᠨ᠎ᠠ᠃ | | ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠪᠢᠲᠡᠭᠦᠮᠵᠢᠯᠡᠬᠦ᠂ ᠬᠠᠮᠢᠶᠠᠷᠬᠤ᠂ | ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ | ᠪᠣᠭᠤᠨᠢᠰᠬᠠᠨ᠎ᠠ | ᠤᠮᠢᠺᠷᠤᠨ ᠬᠢᠵᠢᠭ ᠤᠨ ᠪᠠᠶᠢᠳᠠᠯ ᠨᠢ ᠥᠩᠭᠡᠷᠡᠭᠰᠡᠨ ᠤ ᠬᠢᠵᠢᠭ ᠤᠨ ᠪᠠᠶᠢᠳᠠᠯ ᠤᠨ ᠣᠨᠴᠠᠯᠢᠭ ᠲᠠᠢ ᠠᠳᠠᠯᠢ | ᠦᠭᠡᠢ᠂ ᠣᠨᠴᠠᠭᠠᠶᠢᠯᠠᠨ ᠲᠠᠷᠬᠠᠬᠤ ᠬᠤᠷᠳᠤᠴᠠ ᠨᠢ ᠲᠦᠷᠭᠡᠨ᠂ ᠨᠢᠭᠤᠭᠳᠠᠬᠤ ᠬᠤᠭᠤᠴᠠᠭ᠎ᠠ ᠨᠢ ᠣᠬᠤᠷ᠂ ᠨᠢᠭᠤᠭᠳᠠᠮᠠᠯ | ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ ︽ᠭᠤᠷᠪᠠᠨ ᠣᠷᠣᠨ︾ ᠤ ᠬᠠᠮᠢᠶᠠᠷᠤᠯᠲᠠ ᠪᠣᠯ ᠪᠦᠲᠦᠮᠵᠢᠲᠡᠶ | ᠰᠢᠢᠳᠪᠦᠷᠢᠯᠡᠬᠦ ᠠᠷᠭ᠎ᠠ ᠮᠥᠨ᠂ ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ | ᠪᠢᠲᠡᠭᠦᠮᠵᠢᠯᠡᠬᠦ᠂ ᠬᠠᠮᠢᠶᠠᠷᠬᠤ᠂ ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ | ᠲᠤᠰᠠᠭᠠᠷᠯᠠᠬᠤ ᠴᠠᠭ ᠢ ᠪᠣᠭᠤᠨᠢᠰᠬᠠᠨ᠎ᠠ᠃ ᠲᠦᠷ ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ | ᠲᠦᠷᠭᠡᠨ ᠬᠠᠮᠢᠶᠠᠷᠴᠤ ᠲᠦᠷᠭᠡᠨ ᠰᠢᠯᠢᠬᠦ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ᠲᠦᠷᠭᠡᠨ ᠢᠶᠠᠷ ᠲᠦᠷᠭᠡᠨ ᠢ | ᠡᠵᠡᠮᠳᠡᠵᠦ᠂ ᠲᠦᠭᠰᠢᠭᠦᠷᠢ ᠭᠠᠳᠠᠭᠰᠢ ᠯᠡᠪᠡᠷᠡᠬᠦ ᠠᠴᠠ ᠰᠡᠷᠭᠡᠶᠢᠯᠡᠵᠦ᠂ ᠲᠦᠭᠰᠢᠭᠦᠷᠢ ᠶᠢ ᠠᠷᠢᠯᠭᠠᠭᠰᠠᠨ ᠤ ᠳᠠᠷᠠᠭ᠎ᠠ | ᠳᠠᠷᠤᠢ ᠲᠦᠷᠭᠡᠨ ᠤᠤᠯ ᠪᠠᠶᠢᠳᠠᠯ ᠳᠤ ᠨᠢ ᠪᠤᠴᠠᠭᠠᠬᠤ ᠬᠡᠷᠡᠭᠲᠡᠢ᠃ | ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ | ︽ᠥᠯᠢᠭᠡᠷ ᠠᠪᠬᠤ ᠴᠠᠭᠠᠷᠢᠭ︾ ᠢ ᠪᠠᠶᠢᠭᠤᠯᠤᠨ᠎ᠠ | ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ | ︽ᠥᠯᠢᠭᠡᠷ ᠠᠪᠬᠤ ᠴᠠᠭᠠᠷᠢᠭ︾ ᠪᠠᠶᠢᠭᠤᠯᠬᠤ ᠨᠢ ᠨᠢᠭᠡ ᠲᠠᠯ᠎ᠠ ᠪᠠᠷ ᠣᠯᠠᠨ ᠨᠡᠶᠢᠲᠡ ᠶᠢᠨ ᠣᠶᠢᠷ᠎ᠠ ᠬᠠᠪᠢ ᠳᠤ ᠪᠠᠨ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠦᠯᠢᠶᠡᠬᠦ ᠳᠤ ᠠᠰᠢᠭᠲᠠᠢ ᠪᠥᠭᠡᠳ | ᠬᠠᠯᠳᠠᠪᠤᠷᠢᠯᠠᠭᠳᠠᠭᠰᠠᠳ ᠢ ᠡᠷᠲᠡᠬᠡᠨ ᠢᠯᠡᠷᠡᠭᠦᠯᠬᠦ ᠳᠤ ᠨᠠᠩ ᠠᠰᠢᠭᠲᠠᠢ ᠪᠠᠶᠢᠵᠤ᠂ ᠪᠠᠶᠢᠴᠠᠭᠠᠨ ᠰᠢᠯᠭᠠᠵᠤ | ᠤᠷᠢᠳᠴᠢᠯᠠᠨ ᠰᠡᠷᠡᠮᠵᠢᠯᠡᠭᠦᠯᠬᠦ ᠬᠤᠷᠳᠤᠴᠠ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠡᠷᠲᠡᠬᠡᠨ ᠢᠯᠡᠷᠡᠭᠦᠯᠵᠦ᠂ | ᠬᠢᠵᠢᠭ ᠤᠨ ᠪᠠᠶᠢᠳᠠᠯ ᠢ ᠴᠠᠭ ᠲᠤᠬᠠᠢ ᠳᠤ ᠨᠢ ᠡᠵᠡᠮᠳᠡᠬᠦ ᠳᠤ ᠠᠰᠢᠭᠲᠠᠢ᠃ | ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ ᠠᠪᠬᠤ | ᠴᠠᠭᠠᠷᠢᠭ︾ ᠨᠢ ᠠᠵᠢᠯᠲᠠᠨ ᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠬᠦ ᠶᠢ ᠱᠠᠭᠠᠷᠳᠠᠵᠤ ᠪᠠᠶᠢᠨ᠎ᠠ᠃ ᠨᠢᠭᠡ | ᠲᠠᠯ᠎ᠠ ᠪᠠᠷ ᠰᠢᠯᠭᠠᠨ ᠪᠠᠶᠢᠴᠠᠭᠠᠬᠤ ᠮᠡᠷᠭᠡᠵᠢᠯ ᠤᠨ ᠠᠵᠢᠯᠲᠠᠨ ᠡᠨᠡ ᠬᠤᠶᠠᠷ ᠵᠢᠯ ᠤᠨ ᠪᠣᠯᠪᠠᠰᠤᠷᠠᠯ ᠢᠶᠠᠷ ᠳᠡᠮᠵᠢᠨ | ᠵᠣᠬᠢᠬᠤ ᠨᠥᠭᠡᠴᠡ ᠲᠠᠢ ᠪᠣᠯᠵᠤ᠂ ᠨᠥᠭᠦᠭᠡ ᠲᠠᠯ᠎ᠠ ᠪᠠᠷ ᠡᠶᠢᠮᠦ ᠣᠯᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ | ᠴᠡᠭ ᠢ ᠪᠠᠶᠢᠷᠢᠯᠠᠭᠤᠯᠬᠤ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠥᠯᠢᠭᠡᠷ ᠠᠪᠬᠤ ᠠᠵᠢᠯᠲᠠᠨ ᠤ ᠡᠩᠨᠡᠭᠡ ᠶᠢ | ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠰᠤᠷᠤᠯᠴᠠᠭᠰᠠᠨ | ᠬᠥᠮᠥᠰ ᠤᠨ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠪᠣᠯᠪᠠᠰᠤᠷᠠᠯ ᠢᠶᠠᠷ ᠳᠡᠮᠵᠢᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠳᠤ ᠣᠷᠤᠯᠴᠠᠬᠤ ᠶᠢ | ᠵᠣᠷᠢᠭᠵᠢᠭᠤᠯᠵᠤ᠂ ᠵᠥᠪᠬᠡᠨ ᠣᠲᠣ ᠶᠢᠨ ᠪᠠᠶᠢᠭ᠎ᠠ ᠡᠮᠴᠢ ᠪᠠ ᠰᠤᠪᠢᠯᠠᠭᠴᠢ ᠪᠠᠷ ᠬᠢᠵᠠᠭᠠᠷᠯᠠᠬᠤ ᠦᠭᠡᠢ᠃ ᠡᠭᠦᠨ ᠠᠴᠠ | ᠭᠠᠳᠠᠨ᠎ᠠ᠂ ᠪᠥᠭᠡᠮ ᠬᠦᠴᠢᠯ ᠤᠨ ᠥᠯᠢᠭᠡᠷ ᠠᠪᠬᠤ ᠲᠤᠬᠠᠢ ᠶᠢᠨ ᠲᠠᠯᠠᠪᠤᠷ ᠲᠤ ᠪᠠᠰᠠ ᠨᠢᠭᠡ ᠪᠦᠯᠦᠭ ᠬᠥᠮᠥᠰ ᠢ | ᠱᠠᠭᠠᠷᠳᠠᠵᠤ᠂ ᠭᠤᠣᠯᠳᠠᠭᠤ ᠮᠡᠳᠡᠭᠡ ᠵᠠᠩᠭᠢ ᠣᠷᠣᠭᠤᠯᠬᠤ᠂ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠷᠢᠴᠠᠭᠤᠯᠵᠤ᠂ | ᠪᠠᠰᠠ ᠠᠷᠠᠳ ᠣᠯᠠᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ᠂ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠬᠢᠯᠭᠡᠵᠦ ᠪᠤᠢ᠂ ᠡᠨᠡ ᠬᠡᠰᠡᠭ ᠠᠵᠢᠯ ᠢ ᠡᠩ ᠤᠨ ᠠᠵᠢᠯᠲᠠᠨ ᠪᠠ ᠰᠠᠶᠢᠨ ᠳᠤᠷ᠎ᠠ ᠶᠢᠨ | ᠠᠵᠢᠯᠯᠠᠭᠴᠢ ᠪᠠᠷ ᠡᠭᠦᠷᠭᠡᠯᠡᠭᠦᠯᠵᠦ ᠪᠣᠯᠣᠨ᠎ᠠ᠃ | ᠮᠠᠨ ᠤ ᠤᠯᠤᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠨᠢᠭᠡᠨᠲᠡ ᠲᠠᠩ | ᠬᠤᠭᠤᠯᠠᠢ ᠪᠠᠷ ᠡᠳᠦᠷ ᠪᠦᠷᠢ 5700 ᠲᠦᠮᠡᠨ ᠬᠤᠭᠤᠯᠠᠢ ᠦᠯᠢᠭᠡᠷ ᠠᠪᠬᠤ ᠬᠡᠮᠵᠢᠶᠡᠨ ᠳᠤ ᠬᠦᠷᠴᠡᠢ | ᠬᠤᠶᠠᠷ ᠵᠢᠯ ᠭᠠᠷᠤᠢ ᠶᠢᠨ ᠢᠳᠡᠪᠬᠢᠲᠡᠢ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠮᠠᠨ ᠤ ᠤᠯᠤᠰ ᠤᠨ | ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠡᠬᠡᠬᠡᠨ ᠲᠠᠪᠰᠢᠯᠳᠠ ᠲᠠᠢ ᠪᠣᠯᠵᠠᠢ᠃ ᠣᠲᠣ ᠪᠣᠯᠲᠠᠯ᠎ᠠ᠂ ᠪᠥᠬᠦ | ᠤᠯᠤᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠬᠤ 1.3 ᠲᠦᠮᠡᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠲᠠᠢ ᠪᠣᠯᠣᠭᠰᠠᠨ ᠪᠥᠭᠡᠳ 15.3 ᠲᠦᠮᠡᠨ ᠲᠤᠰᠬᠠᠢ ᠮᠡᠷᠭᠡᠵᠢᠯ ᠤᠨ ᠠᠵᠢᠯᠲᠠᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠮᠡᠷᠭᠡᠵᠢᠯ ᠤᠨ ᠠᠵᠢᠯ ᠢ ᠬᠢᠵᠦ ᠪᠣᠶ᠃ ᠣᠳᠣᠬᠠᠨ ᠳᠤ ᠡᠳᠦᠷ ᠪᠦᠷᠢ ᠶᠢᠨ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠴᠢᠳᠠᠪᠤᠷᠢ ᠨᠢ ᠨᠢᠭᠡᠨᠲᠡ ᠲᠠᠩ ᠬᠤᠭᠤᠯᠠᠢ ᠪᠠᠷ ᠡᠳᠦᠷ ᠪᠦᠷᠢ 5700 ᠲᠦᠮᠡᠨ ᠬᠤᠭᠤᠯᠠᠢ | ᠦᠯᠢᠭᠡᠷ ᠠᠪᠬᠤ ᠬᠡᠮᠵᠢᠶᠡᠨ ᠳᠤ ᠬᠦᠷᠴᠦ ᠪᠠᠶᠢᠨ᠎ᠠ᠂ ᠶᠡᠷᠦᠩᠬᠡᠢ ᠳᠤ ᠨᠢ ᠠᠪᠴᠤ ᠦᠵᠡᠪᠡᠯ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠴᠢᠳᠠᠪᠤᠷᠢ ᠢᠯᠡᠳᠲᠡ ᠳᠡᠭᠡᠭᠰᠢᠯᠡᠵᠡᠢ᠃ | ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠶᠢ ᠲᠠᠷᠢᠬᠤ ᠨᠢ | ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠳᠤ ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ | ᠪᠦᠲᠦᠮᠵᠢ ᠨᠢ ᠨᠡᠩ ᠰᠠᠶᠢᠨ | ᠣᠳᠣᠬᠠᠨ ᠳᠤ ᠮᠠᠨ ᠤ ᠤᠯᠤᠰ ᠤᠨ ᠤᠮᠢᠺᠷᠤᠨ ᠳᠡᠯᠭᠡᠷᠡᠵᠦ ᠪᠠᠶᠢᠭ᠎ᠠ ᠭᠠᠵᠠᠷ ᠣᠷᠣᠨ᠂ ᠢᠯᠠᠩᠭᠤᠶ᠎ᠠ ᠥᠷᠭᠡᠨ | ᠳᠡᠯᠭᠡᠷᠡᠩᠭᠦᠢ᠂ ᠬᠦᠨᠳᠦ ᠨᠣᠴᠢᠲᠠᠢ ᠳᠡᠯᠭᠡᠷᠡᠵᠦ ᠪᠠᠶᠢᠭ᠎ᠠ ᠭᠠᠵᠠᠷ ᠣᠷᠣᠨ ᠤ ᠬᠢᠨᠠᠨ ᠪᠠᠶᠢᠴᠠᠭᠠᠭᠰᠠᠨ ᠪᠠ ᠦᠨᠡᠯᠡᠨ | ᠵᠢᠱᠢᠭᠰᠡᠨ ᠦᠷ᠎ᠡ ᠳ᠋ᠦᠩ ᠠᠴᠠ ᠠᠪᠴᠤ ᠦᠵᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠬᠤᠶᠠᠷ ᠤᠳᠠᠭ᠎ᠠ | ᠲᠠᠷᠢᠯᠭ᠎ᠠ ᠬᠢᠭᠰᠡᠨ᠂ ᠭᠤᠷᠪᠠᠨ ᠤᠳᠠᠭ᠎ᠠ ᠲᠠᠷᠢᠯᠭ᠎ᠠ ᠬᠢᠭᠰᠡᠨ ᠤ ᠬᠤᠭᠤᠷᠣᠨᠳᠣᠬᠢ ᠬᠠᠮᠠᠭᠠᠯᠠᠬᠤ ᠦᠢᠯᠡᠳᠦᠯ ᠤᠨ | ᠵᠥᠷᠢᠶ᠎ᠡ ᠨᠢ ᠮᠠᠰᠢ ᠢᠯᠡᠷᠬᠡᠢ ᠪᠠᠶᠢᠳᠠᠭ ᠪᠥᠭᠡᠳ ᠬᠤᠶᠠᠷ ᠤᠳᠠᠭ᠎ᠠ ᠲᠠᠷᠢᠯᠭ᠎ᠠ ᠬᠢᠭᠰᠡᠨ ᠪᠠ ᠭᠤᠷᠪᠠᠨ ᠤᠳᠠᠭ᠎ᠠ | ᠲᠠᠷᠢᠯᠭ᠎ᠠ ᠬᠢᠭᠰᠡᠨ ᠤ ᠬᠤᠭᠤᠷᠣᠨᠳᠣᠬᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ | ᠦᠢᠯᠡᠳᠦᠯ ᠤᠨ ᠲᠠᠯ᠎ᠠ ᠪᠠᠷ ᠴᠤ ᠢᠯᠡᠷᠬᠡᠢ ᠵᠥᠷᠢᠶ᠎ᠡ ᠲᠠᠢ ᠪᠠᠶᠢᠬᠤ ᠶᠢ ᠣᠯᠵᠤ ᠬᠠᠷᠠᠵᠤ ᠪᠣᠯᠣᠨ᠎ᠠ᠃ ᠡᠩ ᠤᠨ | ᠪᠠᠶᠢᠳᠠᠯ ᠠᠴᠠ ᠠᠪᠴᠤ ᠬᠡᠯᠡᠪᠡᠯ ᠵᠥᠷᠢᠶ᠎ᠡ ᠨᠢ ᠭᠤᠣᠯᠳᠠᠭᠤ ᠬᠤᠶᠠᠷ ᠲᠠᠯ᠎ᠠ ᠪᠠᠷ ᠢᠯᠡᠷᠡᠵᠦ ᠪᠤᠢ᠄ ᠨᠢᠭᠡ ᠳᠤ | ᠠᠨᠲ᠋ᠢᠪᠤᠳ ᠤᠨ ᠬᠢᠷᠢ ᠲᠦᠪᠰᠢᠨ ᠤ ᠬᠤᠪᠢᠷᠠᠯᠲᠠ ᠶᠢᠨ ᠪᠠᠶᠢᠳᠠᠯ︔ ᠬᠤᠶᠠᠷ ᠲᠤ ᠡᠪᠡᠳᠴᠢᠯᠡᠬᠦ ᠨᠤᠷᠮ᠎ᠠ᠂ ᠬᠦᠨᠳᠦ | ᠡᠪᠡᠳᠴᠢᠨ ᠳᠤ ᠨᠡᠷᠪᠡᠭᠳᠡᠬᠦ ᠨᠤᠷᠮ᠎ᠠ᠂ ᠡᠪᠡᠳᠴᠢᠨ ᠢᠶᠠᠷ ᠦᠬᠦᠬᠦ ᠨᠤᠷᠮ᠎ᠠ ᠶᠢᠨ ᠵᠥᠷᠢᠶ᠎ᠡ ᠵᠡᠷᠭᠡ ᠳᠤ ᠬᠤᠯᠪᠣᠭᠳᠠᠨ᠎ᠠ᠃ | ᠰᠢᠶᠠᠩᠭᠠᠩ ᠤᠨ ᠡᠷᠡᠭᠦᠯ ᠬᠠᠮᠠᠭᠠᠯᠠᠯ ᠤᠨ ᠵᠠᠬᠢᠷᠭ᠎ᠠ ᠶᠢᠨ 5 ᠳ᠋ᠤᠭᠠᠷ ᠰᠠᠷ᠎ᠠ ᠶᠢᠨ 5 ᠤ ᠡᠳᠦᠷ ᠨᠡᠶᠢᠲᠡᠯᠡᠭᠰᠡᠨ | ᠮᠡᠳᠡᠭᠡ ᠵᠠᠩᠭᠢ ᠶᠢ ᠦᠨᠳᠦᠰᠦᠯᠡᠪᠡᠯ᠂ ᠰᠢᠶᠠᠩᠭᠠᠩ ᠳᠤ ᠸᠠᠺᠼᠢᠨ ᠤ ᠲᠠᠷᠢᠯᠭ᠎ᠠ ᠬᠢᠭᠰᠡᠨ ᠦᠭᠡᠢ 70 — 79 | ᠨᠠᠰᠤᠨ ᠤ ᠬᠤᠭᠤᠷᠣᠨᠳᠤᠬᠢ ᠨᠠᠰᠤᠲᠠᠶᠢᠴᠤᠳ ᠤᠨ ᠳᠣᠲᠣᠷ᠎ᠠ ᠡᠪᠡᠳᠴᠢᠨ ᠢᠶᠠᠷ ᠦᠬᠦᠭᠰᠡᠨ ᠨᠣᠷᠮ᠎ᠠ ᠨᠢ 5.55% | ᠪᠠᠶᠢᠵᠤ᠂ ᠬᠤᠶᠠᠷ ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ ᠨᠣᠷᠮ᠎ᠠ ᠨᠢ 0. | 59% ᠪᠠᠶᠢᠵᠤ᠂ ᠭᠤᠷᠪᠠᠨ ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ | ᠨᠣᠷᠮ᠎ᠠ ᠨᠢ 0.16% ᠪᠠᠶᠢᠪᠠ᠃ ᠥᠭᠡᠷ᠎ᠡ ᠪᠠᠷ ᠬᠡᠯᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ 70 — 79 | ᠨᠠᠰᠤᠨ ᠤ ᠬᠤᠭᠤᠷᠣᠨᠳᠤᠬᠢ ᠨᠠᠰᠤᠲᠠᠶᠢᠴᠤᠳ ᠤᠨ ᠡᠪᠡᠳᠴᠢᠨ ᠢᠶᠠᠷ ᠦᠬᠦᠬᠦ ᠨᠣᠷᠮ᠎ᠠ ᠨᠢ ᠲᠣᠰ ᠲᠣᠰ ᠬᠤᠶᠠᠷ | ᠤᠳᠠᠭ᠎ᠠ᠂ ᠭᠤᠷᠪᠠᠨ ᠤᠳᠠᠭ᠎ᠠ ᠲᠠᠷᠢᠯᠭ᠎ᠠ ᠬᠢᠭᠰᠡᠨ ᠲᠣᠰ ᠨᠠᠰᠤᠨ ᠤ ᠬᠥᠮᠥᠰ ᠤᠨ 9 ᠳᠠᠬᠢᠨ ᠪᠠ 34 ᠳᠠᠬᠢᠨ | ᠪᠣᠯᠣᠨ᠎ᠠ᠃ | ᠤᠮᠢᠺᠷᠤᠨ ᠳᠡᠯᠭᠡᠷᠡᠭᠰᠡᠨ ᠬᠤᠭᠤᠴᠠᠭᠠᠨ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠭᠢᠷᠢᠨ | ᠬᠤᠲᠠ ᠳᠤ ᠰᠤᠳᠤᠯᠤᠯᠲᠠ ᠬᠢᠭᠰᠡᠨ ᠦᠷ᠎ᠡ ᠳ᠋ᠦᠩ ᠢ ᠨᠢᠭᠡᠨᠲᠡ ᠨᠡᠶᠢᠲᠡᠯᠡᠪᠡ᠃ 60 ᠨᠠᠰᠤᠨ ᠠᠴᠠ ᠳᠡᠭᠡᠭᠰᠢᠬᠢ | ᠬᠥᠮᠥᠰ ᠤᠨ ᠳᠣᠲᠣᠷ᠎ᠠ᠂ ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠨᠢᠭᠡ ᠯᠡ ᠤᠳᠠᠭ᠎ᠠ ᠢᠳᠡᠪᠬᠢ ᠦᠭᠡᠶᠢᠳᠡᠭᠦᠯᠬᠦ | ᠸᠠᠺᠼᠢᠨ ᠤ ᠲᠠᠷᠢᠯᠭ᠎ᠠ ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠨᠢ ᠬᠤᠶᠠᠷ ᠤᠳᠠᠭ᠎ᠠ᠂ ᠭᠤᠷᠪᠠ | ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠶᠢᠨ 20 ᠳᠠᠬᠢᠨ ᠠᠴᠠ | ᠳᠡᠭᠡᠭᠰᠢ ᠪᠠᠶᠢᠳᠠᠭ᠃ | ᠡᠲᠡᠭᠡᠷ ᠲᠤᠭ᠎ᠠ ᠪᠠᠷᠢᠮᠲᠠ ᠪᠠᠷ ᠳᠡᠮᠵᠢᠨ ᠪᠥᠬᠦ ᠶᠠᠪᠤᠴᠠ ᠳᠤ ᠸᠠᠺᠼᠢᠨ ᠤ ᠲᠠᠷᠢᠯᠭ᠎ᠠ ᠶᠢ ᠲᠠᠷᠢᠬᠤ᠂ | ᠴᠢᠩᠭᠠᠳᠬᠠᠬᠤ ᠲᠠᠷᠢᠯᠭ᠎ᠠ ᠶᠢ ᠲᠠᠷᠢᠬᠤ ᠨᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠤᠷᠢᠳᠴᠢᠯᠠᠨ | ᠰᠡᠷᠭᠡᠶᠢᠯᠡᠬᠦ ᠳᠤ ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ ᠳ᠋ᠦᠩ ᠨᠢ ᠨᠠᠩ ᠰᠠᠶᠢᠨ ᠪᠣᠯᠬᠤ ᠶᠢ ᠮᠡᠳᠡᠵᠦ ᠪᠣᠯᠣᠨ᠎ᠠ᠃ | ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠪᠠᠨ ᠰᠤᠯᠠᠳᠬᠠᠪᠠᠯ᠂ ᠣᠬᠤᠷ ᠬᠤᠭᠤᠴᠠᠭᠠᠨ ᠳᠤ ᠶᠡᠭᠡ ᠬᠡᠮᠵᠢᠶᠡᠨ ᠤ | ᠬᠥᠮᠥᠰ ᠡᠪᠡᠳᠴᠢᠨ ᠳᠤ ᠬᠠᠯᠳᠠᠪᠤᠷᠢᠯᠠᠭᠳᠠᠨ᠎ᠠ | ᠤᠮᠢᠺᠷᠤᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠨᠢ ᠴᠢᠩᠭ᠎ᠠ᠂ ᠲᠠᠷᠬᠠᠬᠤ ᠬᠤᠷᠳᠤᠴᠠ ᠨᠢ | ᠲᠦᠷᠭᠡᠨ᠂ R0 ᠬᠡᠮᠵᠢᠭᠳᠡᠯ ᠨᠢ 9.5 ᠪᠠᠶᠢᠵᠤ᠂ ᠳ᠋ᠧᠯᠳ᠋ᠨ ᠣᠨᠳᠣᠣᠰᠢᠭᠰᠠᠨ ᠸᠢᠷᠦ᠋ᠰ ᠤᠨ 2 ᠳᠠᠬᠢᠨ ᠪᠠᠶᠢᠳᠠᠭ᠂ | ᠬᠠᠷᠢᠨ ᠦᠶ᠎ᠡ ᠶᠢᠨ ᠬᠤᠭᠤᠷᠣᠨᠳᠣᠬᠢ ᠵᠠᠢ ᠨᠢ ᠵᠥᠪᠬᠡᠨ 2.83 ᠡᠳᠦᠷ ᠪᠠᠶᠢᠵᠤ᠂ ᠲᠠᠷᠬᠠᠬᠤ ᠶᠠᠪᠤᠴᠠ ᠳᠤ ᠪᠠᠰᠠ | ᠵᠣᠬᠢᠬᠤ ᠬᠠᠷᠢᠴᠠᠯ ᠤᠨ ᠬᠠᠯᠳᠠᠪᠤᠷᠢᠯᠠᠭᠰᠠᠳ ᠨᠢ ᠡᠪᠡᠳᠴᠢᠨ ᠤ ᠢᠯᠡᠷᠡᠯ ᠦᠭᠡᠢ ᠪᠠᠶᠢᠳᠠᠭ᠃ ᠡᠶᠢᠮᠦ ᠠᠴᠠ ᠲᠠᠷᠬᠠᠬᠤ | ᠬᠤᠷᠳᠤᠴᠠ ᠨᠢ ᠲᠦᠷᠭᠡᠨ ᠮᠥᠷᠲᠡᠭᠡᠨ ᠠᠮᠠᠷᠬᠠᠨ ᠮᠡᠳᠡᠭᠳᠡᠬᠦ ᠦᠭᠡᠢ ᠪᠠᠶᠢᠵᠤ᠂ ᠰᠡᠷᠭᠡᠶᠢᠯᠡᠨ ᠡᠵᠡᠮᠳᠡᠬᠦ ᠬᠦᠴᠢᠷᠳᠡᠯ ᠢ | ᠴᠦ ᠨᠡᠮᠡᠭᠳᠡᠭᠦᠯᠵᠡᠢ᠃ | ᠭᠡᠪᠡᠴᠦ ᠪᠢᠳᠡ ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠤᠯᠠᠷᠠᠭᠤᠯᠪᠠᠯ᠂ ᠣᠬᠤᠷᠬᠠᠨ | ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ ᠬᠥᠮᠥᠰ ᠡᠪᠡᠳᠴᠢᠨ ᠳᠤ ᠬᠠᠯᠳᠠᠪᠤᠷᠢᠯᠠᠭᠳᠠᠬᠤ ᠪᠣᠯᠣᠨ᠎ᠠ᠃ ᠮᠠᠨ ᠤ | ᠤᠯᠤᠰ ᠤᠨ ᠬᠥᠮᠥᠨ ᠠᠮᠠ ᠶᠢᠨ ᠰᠠᠭᠤᠷᠢ ᠲᠤᠭ᠎ᠠ ᠶᠡᠭᠡ᠂ ᠨᠠᠰᠤᠵᠢᠭᠰᠠᠨ ᠬᠥᠮᠥᠨ ᠠᠮᠠ ᠤᠯᠠᠨ᠃ ᠨᠠᠰᠤᠲᠠᠶᠢᠴᠤᠳ | ᠪᠠ ᠰᠠᠭᠤᠷᠢ ᠴᠢᠨᠠᠷᠲᠠᠢ ᠡᠪᠡᠳᠴᠢᠨ ᠡᠮᠭᠡᠭ ᠲᠠᠢ ᠬᠥᠮᠥᠰ ᠡᠪᠡᠳᠴᠢᠨ ᠳᠤ ᠬᠠᠯᠳᠠᠪᠤᠷᠢᠯᠠᠭᠳᠠᠪᠠᠯ ᠠᠮᠠᠷᠬᠠᠨ ᠬᠦᠨᠳᠦ | ᠡᠪᠡᠳᠴᠢᠨ ᠪᠣᠯᠵᠤ ᠬᠥᠭᠵᠢᠨ᠎ᠡ᠂ ᠡᠭᠦᠨ ᠤ ᠳᠡᠭᠡᠷ᠎ᠡ ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ | ᠬᠡᠮᠵᠢᠶ᠎ᠡ ᠬᠦᠷᠦᠯᠴᠡᠬᠦ ᠦᠭᠡᠢ᠂ ᠢᠯᠠᠩᠭᠤᠶ᠎ᠠ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠤᠳᠠ ᠬᠥᠳᠡᠭᠡ᠂ | ᠣᠷᠣᠨ ᠪᠦᠰᠡ ᠶᠢᠨ ᠬᠤᠭᠤᠷᠣᠨᠳᠣᠬᠢ ᠲᠠᠷᠬᠠᠯᠲᠠ ᠲᠡᠩᠴᠡᠭᠦᠷᠢ ᠦᠭᠡᠢ ᠪᠠᠶᠢᠳᠠᠭ᠃ ᠬᠦᠨᠳᠦ ᠡᠪᠡᠳᠴᠢᠨ ᠤ | ᠡᠮᠴᠢᠯᠡᠭᠡᠨ ᠤ ᠡᠬᠢ ᠪᠠᠶᠠᠯᠢᠭ ᠢᠶᠠᠷ ᠵᠢᠱᠢᠶᠡᠯᠡᠪᠡᠯ᠂ ᠥᠨᠳᠥᠷ ᠬᠢᠷᠢ ᠲᠦᠪᠰᠢᠨ ᠪᠦᠬᠦᠢ ᠬᠦᠨᠳᠦ ᠡᠪᠡᠳᠴᠢᠨ ᠤ | ᠡᠮᠴᠢᠯᠡᠭᠡᠨ ᠤ ᠪᠦᠯᠬᠦᠮ ᠪᠤᠶᠤ ᠬᠦᠨᠳᠦ ᠡᠪᠡᠳᠴᠢᠲᠡᠨ ᠤ ᠣᠷᠣ ᠶᠡᠷᠦ ᠨᠢ ᠲᠣᠮᠣ ᠡᠮᠨᠡᠯᠭᠡ ᠶᠢᠨ ᠬᠤᠷᠢᠶ᠎ᠠ ᠪᠠ ᠲᠣᠮᠣ | ᠬᠤᠲᠠ ᠳᠤ ᠲᠥᠪᠯᠡᠷᠡᠵᠦ ᠪᠠᠶᠢᠳᠠᠭ᠃ | ᠡᠶᠢᠮᠦ ᠠᠴᠠ ᠪᠢᠳᠡ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠨᠣᠯᠵᠢᠬᠤᠨ ᠢ | ᠪᠠᠷᠢᠮᠲᠠᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ | ᠬᠢᠵᠦ ᠪᠠᠶᠢᠭᠠᠳ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠵᠠᠶᠢᠯᠠᠰᠬᠢᠵᠦ᠂ ᠡᠭᠦᠨ ᠤ ᠤᠯᠠᠮ ᠠᠴᠠ | ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ | ᠬᠡᠷᠡᠭᠲᠡᠢ᠃ | ᠹᠢᠽᠢᠺ ᠤᠨ ᠲᠤᠰᠠᠭᠠᠷᠯᠠᠯ ᠤᠨ ᠠᠷᠭ᠎ᠠ ᠠᠪᠴᠠᠯ ᠠᠪᠬᠤ ᠶᠢᠨ ᠬᠠᠮᠲᠤ ᠠᠮᠤᠷ ᠲᠦᠪᠰᠢᠨ ᠤ ᠨᠡᠪᠲᠡᠷᠡᠬᠦ ᠵᠠᠮ᠂ | ᠠᠮᠢ ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠬᠦ ᠬᠡᠷᠡᠭᠲᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠵᠠᠷᠢᠮ ᠪᠣᠭᠤᠮᠲᠠ ᠲᠣᠬᠢᠷᠠᠭᠤᠯᠬᠤ᠂ ᠣᠷᠣᠵᠤ | ᠭᠠᠷᠬᠤ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠭᠠᠳᠠᠭᠰᠢ | ᠯᠡᠪᠡᠷᠡᠬᠦ ᠶᠢ ᠰᠡᠷᠭᠡᠶᠢᠯᠡᠬᠦ ᠪᠠ ᠵᠠᠷᠢᠮ ᠬᠦᠮᠦᠰ ᠤᠨ ᠲᠦᠭᠰᠢᠭᠦᠷᠢᠲᠦ ᠣᠷᠣᠨ ᠳᠤ ᠣᠷᠣᠬᠤ ᠶᠢ ᠰᠡᠷᠭᠡᠶᠢᠯᠡᠵᠦ᠂ ᠥᠷᠭᠡᠨ | ᠤᠯᠠᠨ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠬᠤ ᠳᠤ ᠲᠦᠢᠯ ᠤᠨ ᠴᠢᠬᠤᠯᠠᠲᠠᠢ ᠶᠤᠮ᠃ ᠭᠡᠪᠡᠴᠦ ᠹᠢᠽᠢᠺ ᠤᠨ | ᠲᠤᠰᠠᠭᠠᠷᠯᠠᠯ ᠤᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠭᠠᠵᠠᠷ ᠵᠦᠢ ᠶᠢᠨ ᠣᠷᠴᠢᠨ ᠲᠣᠭᠤᠷᠢᠨ ᠲᠠᠢ ᠪᠠᠨ | ᠤᠶᠠᠯᠳᠤᠭᠤᠯᠤᠨ ᠠᠮᠤᠷ ᠲᠦᠪᠰᠢᠨ ᠤ ᠨᠡᠪᠲᠡᠷᠡᠬᠦ ᠵᠠᠮ᠂ ᠠᠮᠢ ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠵᠦ᠂ | ᠲᠤᠰᠬᠠᠢ ᠬᠥᠮᠥᠨ ᠲᠣᠬᠢᠷᠠᠭᠤᠯᠤᠨ ᠵᠢᠵᠢᠭᠦᠷᠯᠡᠭᠦᠯᠵᠦ᠂ ᠣᠨᠢᠰᠤᠯᠠᠵᠤ ᠦᠭᠡᠢ᠂ ᠪᠢᠲᠡᠭᠦᠮᠵᠢᠯᠡᠬᠦ ᠦᠭᠡᠢ ᠪᠠᠶᠢᠵᠤ᠂ ᠪᠠᠴᠢᠮ | ᠪᠠᠶᠢᠳᠠᠯ ᠭᠠᠷᠬᠤ ᠦᠶ᠎ᠡ ᠳᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠵᠡᠭᠡᠯᠢ ᠰᠢᠶᠠᠩ᠂ ᠨᠡᠶᠢᠭᠡᠮ ᠲᠣᠭᠤᠷᠢᠭ ︵ᠲᠣᠰᠬᠤᠨ︶ ᠨᠢ ᠪᠠᠰᠠ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ | ᠡᠵᠡᠮᠳᠡᠬᠦ ᠣᠷᠣᠨ ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠰᠠᠭᠤᠷᠢ ᠲᠤᠭ᠎ᠠ ᠪᠣᠯᠣᠨ | ᠲᠠᠷᠬᠠᠯᠲᠠ ᠶᠢᠨ ᠪᠠᠶᠢᠳᠠᠯ ᠢ ᠡᠵᠡᠮᠰᠢᠵᠦ᠂ ᠬᠠᠷᠢᠶᠠᠲᠤ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ | ᠳᠠᠯᠳᠠ ᠬᠡᠮ ᠢ ᠠᠷᠢᠯᠭᠠᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠴᠢᠭᠯᠡᠯᠲᠦ | ᠴᠢᠨᠠᠷᠲᠠᠢ ᠪᠠᠷ ᠲᠣᠭᠲᠠᠭᠠᠨ᠂ ᠬᠠᠷᠢᠯᠴᠠᠬᠤ ᠬᠥᠮᠥᠨ᠂ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ | ᠰᠠᠭᠤᠭᠠᠯᠢ ᠠᠷᠠᠳ ᠲᠤ ᠨᠡᠶᠢᠲᠡᠯᠡᠵᠦ᠂ ᠰᠠᠭᠤᠭᠠᠯᠢ ᠠᠷᠠᠳ ᠬᠡᠷᠪᠡ ᠪᠠᠴᠢᠮ ᠪᠠᠶᠢᠳᠠᠯ ᠳᠤ ᠲᠤᠯᠭᠠᠷᠠᠪᠠᠯ ᠠᠵᠢᠯᠲᠠᠨ ᠢ | ᠡᠷᠢᠵᠦ ᠣᠯᠬᠤ᠂ ᠲᠦᠷᠭᠡᠨ ᠵᠠᠶᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠥᠮᠥᠰ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠳᠤ ᠪᠠᠨ ᠶᠠᠭᠤ ᠶᠢ | ᠠᠩᠬᠠᠷᠪᠠᠯ ᠵᠣᠬᠢᠬᠤ ᠪᠣᠶ︖ | ᠲᠤᠬᠠᠢ ᠶᠢᠨ ᠲᠠᠯᠠᠪᠤᠷ ᠲᠤ ᠦᠯᠢᠭᠡᠷ ᠠᠪᠬᠤ ᠠᠵᠢᠯ ᠢ ᠰᠠᠶᠢᠲᠤᠷ ᠬᠢᠬᠦ ᠳᠤ ᠤᠯᠠᠨ ᠨᠡᠶᠢᠲᠡ ᠶᠢᠨ | ᠢᠳᠡᠪᠬᠢᠲᠡᠢ ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠢ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠥᠮᠥᠰ | ᠠᠮᠠᠪᠴᠢ ᠵᠡᠭᠦᠵᠦ᠂ ᠪᠥᠭᠡᠮᠨᠡᠷᠡᠬᠦ ᠦᠭᠡᠢ᠂ ᠠᠮᠤᠷ ᠲᠦᠪᠰᠢᠨ ᠤ ᠵᠠᠢ ᠶᠢ ᠪᠠᠲᠤᠯᠠᠬᠤ ᠬᠡᠷᠡᠭᠲᠡᠢ᠃ ᠲᠤᠬᠠᠢ ᠶᠢᠨ | ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠵᠤ᠂ ᠥᠯᠢᠭᠡᠷ ᠠᠪᠬᠤ ᠶᠠᠪᠤᠴᠠ ᠳᠤ | ᠥᠯᠢᠭᠡᠷ ᠠᠪᠬᠤ ᠲᠠᠪᠴᠠᠩ ᠵᠢᠴᠢ ᠥᠯᠢᠭᠡᠷ ᠠᠪᠬᠤ ᠲᠠᠪᠴᠠᠩ ᠳᠡᠭᠡᠷᠡᠬᠢ ᠶᠠᠮᠠᠷᠪᠠ ᠡᠳ᠋ ᠪᠣᠳᠠᠰ ᠲᠤ ᠭᠠᠷ ᠬᠦᠷᠴᠦ | ᠪᠣᠯᠬᠤ ᠦᠭᠡᠢ᠂ ᠥᠯᠢᠭᠡᠷ ᠠᠪᠴᠤ ᠪᠠᠷᠠᠭᠰᠠᠨ ᠤ ᠳᠠᠷᠠᠭ᠎ᠠ ᠳᠠᠷᠤᠢ ᠲᠦᠷᠭᠡᠨ ᠠᠮᠠᠪᠴᠢ ᠪᠠᠨ ᠵᠡᠭᠦᠵᠦ᠂ ᠲᠤᠬᠠᠢ ᠶᠢᠨ | ᠲᠠᠯᠠᠪᠤᠷ ᠠᠴᠠ ᠲᠦᠷᠭᠡᠨ ᠵᠠᠶᠢᠯᠠᠨ᠎ᠠ᠃ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠦᠯᠢᠭᠡᠷ ᠠᠪᠬᠤ ᠠᠵᠢᠯ ᠢ ᠰᠠᠶᠢᠲᠤᠷ ᠬᠢᠬᠦ ᠨᠢ ᠲᠡᠶᠢᠮᠦ ᠬᠢᠯᠪᠠᠷ ᠶᠠᠪᠤᠳᠠᠯ ᠪᠢᠰᠢ ᠶᠤᠮ᠂ ᠨᠠᠷᠢᠨ ᠨᠢᠭᠲᠠ ᠵᠣᠬᠢᠶᠠᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠱᠠᠭᠠᠷᠳᠠᠬᠤ ᠶᠢᠨ ᠬᠠᠮᠲᠤ ᠤᠯᠠᠨ ᠨᠡᠶᠢᠲᠡ ᠶᠢᠨ ᠮᠠᠰᠢ ᠰᠠᠶᠢᠨ | ᠬᠠᠮᠵᠢᠯᠴᠠᠭ᠎ᠠ ᠶᠢ ᠱᠠᠭᠠᠷᠳᠠᠨ᠎ᠠ᠃ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢ ᠬᠡᠷᠡᠭᠴᠡᠭᠡ ᠲᠠᠢ ᠦᠶ᠎ᠡ ᠳᠤ ᠲᠦᠷᠭᠡᠨ ᠬᠡᠷᠡᠭᠯᠡᠬᠦ ᠶᠢ ᠬᠡᠷᠬᠢᠨ | ᠪᠠᠲᠤᠯᠠᠬᠤ ᠪᠣᠶ︖ | ᠣᠳᠣᠬᠠᠨ ᠳᠤ ᠣᠯᠠᠩᠬᠢ ᠮᠤᠵᠢ ᠬᠤᠲᠠ ᠶᠢᠨ ᠬᠢᠨ ᠨᠢᠭᠡᠨᠲᠡ ᠱᠠᠭᠠᠷᠳᠠᠯᠭ᠎ᠠ ᠶᠣᠰᠣᠭᠠᠷ ᠵᠣᠬᠢᠬᠤ ᠲᠣᠭᠠᠨ ᠤ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠭᠠᠷᠭᠠᠭᠰᠠᠨ ᠪᠥᠭᠡᠳ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ | ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠵᠣᠬᠢᠬᠤ ᠬᠡᠮᠵᠢᠶᠡᠨ ᠤ ᠡᠪᠡᠳᠴᠢᠨ ᠤ ᠣᠷᠣ ᠶᠢ ᠨᠥᠭᠡᠴᠡᠯᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ | ᠬᠢᠵᠦ᠂ ᠢᠯᠠᠩᠭᠤᠶ᠎ᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ | ᠪᠡᠯᠡᠳᠬᠡᠯ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃ | ᠨᠢᠭᠡᠳᠦᠭᠡᠷ ᠲᠤ᠂ ᠡᠯ᠎ᠡ ᠮᠤᠵᠢ ᠶᠢᠨ ᠬᠢᠨ ᠲᠤᠰᠬᠠᠢ ᠣᠷᠣᠨ ᠤ ᠲᠡᠰ ᠤᠨ ᠬᠤᠳᠠ ᠪᠠᠷ ᠨᠢᠭᠡᠴᠢ ᠪᠣᠯᠭᠠᠵᠤ᠂ | ᠡᠩ ᠤᠨ ᠦᠶ᠎ᠡ ᠪᠠ ᠬᠢᠵᠢᠭ ᠤᠨ ᠦᠶ᠎ᠡ ᠶᠢ ᠤᠶᠠᠯᠳᠤᠭᠤᠯᠬᠤ ᠵᠠᠷᠴᠢᠮ ᠢᠶᠠᠷ᠂ ᠵᠣᠬᠢᠬᠤ ᠲᠣᠭᠠᠨ ᠤ ᠴᠢᠩᠭᠡᠯᠢᠭᠲᠦ | ᠡᠮᠨᠡᠯᠭᠡ ᠶᠢᠨ ᠬᠤᠷᠢᠶ᠎ᠠ ᠶᠢ ᠬᠡᠪ ᠤᠨ ᠪᠠᠶᠢᠳᠠᠯ ᠢᠶᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠤᠯᠪᠣᠭᠳᠠᠯ | ᠪᠦᠬᠦᠢ ᠤᠰᠤ᠂ ᠴᠠᠬᠢᠯᠭᠠᠨ᠂ ᠵᠣᠷᠯᠣᠩ᠂ ᠰᠦᠷᠴᠢᠭᠦᠷ ᠤᠬᠢᠶᠠᠯᠭ᠎ᠠ᠂ ᠰᠠᠯᠬᠢ ᠨᠡᠪᠲᠡᠷᠡᠭᠦᠯᠬᠦ ᠵᠡᠷᠭᠡ ᠰᠠᠭᠤᠷᠢ | ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠥᠭᠡᠷᠡᠴᠢᠯᠡᠯᠲᠡ ᠶᠢ ᠤᠷᠢᠳᠴᠢᠯᠠᠨ ᠪᠣᠳᠠᠲᠠᠶᠢᠵᠢᠭᠤᠯᠬᠤ ᠬᠡᠷᠡᠭᠲᠡᠢ ᠭᠡᠵᠦ | ᠤᠯᠠᠮ ᠴᠢᠨᠠᠭᠰᠢᠳᠠ ᠱᠠᠭᠠᠷᠳᠠᠪᠠ᠃ | ᠬᠤᠶᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠪᠠ ᠡᠮᠴᠢᠯᠡᠭᠡᠨ ᠤ | ᠲᠥᠬᠦᠭᠡᠷᠦᠮᠵᠢ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠬᠤ ᠬᠠᠷᠢᠴᠠᠯ ᠢᠶᠠᠷ ᠡᠮᠴᠢᠯᠡᠭᠡᠨ ᠤ | ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠠᠪᠤᠷᠠᠨ ᠵᠠᠰᠠᠬᠤ ᠪᠠ ᠬᠠᠯᠳᠠᠪᠤᠷᠢᠯᠠᠯ ᠢ ᠡᠵᠡᠮᠳᠡᠬᠦ ᠵᠡᠷᠭᠡ | ᠲᠠᠯ᠎ᠠ ᠶᠢᠨ ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ᠃ ᠡᠭᠦᠨ ᠠᠴᠠ ᠭᠠᠳᠠᠨ᠎ᠠ ᠡᠪᠡᠳᠴᠢᠲᠡᠨ ᠤ ᠣᠷᠣ ᠶᠢᠨ ᠨᠢᠭᠡᠴᠢ᠂ | ᠡᠮᠴᠢᠯᠡᠭᠡᠨ ᠳᠤ ᠬᠡᠷᠡᠭᠯᠡᠬᠦ ᠡᠳ᠋ ᠪᠣᠳᠠᠰ᠂ ᠡᠮᠴᠢᠯᠡᠭᠡᠨ ᠤ ᠲᠣᠨᠤᠭ ᠲᠥᠬᠦᠭᠡᠷᠦᠮᠵᠢ ᠶᠢ ᠰᠠᠶᠢᠲᠤᠷ ᠨᠥᠭᠡᠴᠡᠯᠡᠬᠦ ᠶᠢᠨ | ᠬᠠᠮᠲᠤ ᠡᠮᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ ᠰᠠᠶᠢᠲᠤᠷ ᠪᠠᠶᠢᠭᠤᠯᠵᠤ᠂ ᠬᠢᠵᠢᠭ ᠤᠨ ᠪᠠᠶᠢᠳᠠᠯ ᠭᠠᠷᠪᠠᠯ 24 | ᠴᠠᠭ ᠤᠨ ᠳᠣᠲᠣᠷ᠎ᠠ ᠡᠲᠡᠭᠡᠷ ᠲᠣᠨᠤᠭ ᠲᠥᠬᠦᠭᠡᠷᠦᠮᠵᠢ ᠶᠢ ᠨᠢᠭᠡᠨᠲᠡ ᠪᠡᠯᠡᠳᠬᠡᠭᠰᠡᠨ ᠴᠢᠩᠭᠡᠯᠢᠭᠲᠦ ᠡᠮᠨᠡᠯᠭᠡ ᠶᠢᠨ | ᠬᠤᠷᠢᠶ᠎ᠠ ᠳᠤ ᠣᠷᠣᠭᠤᠯᠵᠤ᠂ ᠡᠮᠨᠡᠯᠭᠡ ᠶᠢᠨ ᠠᠵᠢᠯᠲᠠᠨ ᠵᠢᠴᠢ ᠬᠠᠮᠢᠶ᠎ᠠ ᠪᠦᠬᠦᠢ ᠲᠣᠨᠤᠭ ᠲᠥᠬᠦᠭᠡᠷᠦᠮᠵᠢ ᠶᠢ ᠴᠦ | ᠭᠦᠢᠴᠡᠳ ᠣᠷᠣᠭᠤᠯᠵᠤ ᠴᠢᠳᠠᠬᠤ ᠬᠡᠷᠡᠭᠲᠡᠢ ᠭᠡᠵᠦ ᠱᠠᠭᠠᠷᠳᠠᠪᠠ᠃ | ᠭᠤᠷᠪᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠠᠵᠢᠯᠯᠠᠭᠠᠨ ᠢ ᠰᠠᠶᠢᠲᠤᠷ | ᠪᠠᠲᠤᠯᠠᠵᠤ᠂ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ | ᠪᠦᠲᠦᠭᠡᠨ ᠪᠠᠶᠢᠭᠤᠯᠤᠯᠲᠠ ᠵᠢᠴᠢ ᠪᠦᠲᠦᠭᠡᠨ ᠪᠠᠶᠢᠭᠤᠯᠤᠭᠰᠠᠨ ᠤ ᠳᠠᠷᠠᠭᠠᠬᠢ ᠬᠡᠪ ᠤᠨ ᠠᠵᠢᠯᠯᠠᠭᠠᠨ ᠢ ᠪᠥᠬᠦ | ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠬᠡᠷᠡᠭᠴᠡᠭᠡ ᠲᠠᠢ ᠦᠶ᠎ᠡ ᠳᠤ ᠨᠢᠭᠡ ᠡᠳᠦᠷ ᠤᠨ ᠳᠣᠲᠣᠷ᠎ᠠ᠂ ᠥᠭᠡᠷ᠎ᠡ ᠪᠠᠷ | ᠬᠡᠯᠡᠪᠡᠯ 24 ᠴᠠᠭ ᠤᠨ ᠳᠣᠲᠣᠷ᠎ᠠ ᠴᠢᠩᠭᠡᠯᠢᠭᠲᠦ ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠵᠤ ᠠᠰᠢᠭᠯᠠᠯᠲᠠ ᠳᠤ | ᠣᠷᠣᠭᠤᠯᠬᠤ ᠶᠢ ᠦᠨᠡᠨ ᠬᠦ ᠪᠠᠲᠤᠯᠠᠵᠤ᠂ ᠡᠪᠡᠳᠴᠢᠲᠡᠨ ᠢ ᠠᠯᠢ ᠲᠦᠷᠭᠡᠨ ᠢᠶᠠᠷ ᠡᠮᠨᠡᠨ ᠵᠠᠰᠠᠵᠤ᠂ ᠬᠤᠷᠢᠶᠠᠪᠠᠰᠤ | ᠵᠣᠬᠢᠬᠤ ᠶᠢ ᠨᠢ ᠪᠦᠬᠦᠨ ᠢ ᠬᠤᠷᠢᠶᠠᠨ ᠠᠪᠴᠤ᠂ ᠵᠠᠰᠠᠪᠠᠰᠤ ᠵᠣᠬᠢᠬᠤ ᠶᠢ ᠨᠢ ᠪᠦᠬᠦᠨ ᠢ ᠵᠠᠰᠠᠬᠤ ᠳᠤ ᠲᠤᠯᠭᠠᠭᠤᠷᠢᠯᠠᠯ | ᠬᠠᠩᠭᠠᠬᠤ ᠬᠡᠷᠡᠭᠲᠡᠢ᠃ | |