ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠵᠠᠮ | ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠰᠤᠳᠤᠯᠤᠨ | ᠪᠠᠶᠢᠷᠢᠯᠠᠭᠤᠯᠵᠤ᠂ ᠲᠦᠭᠵᠢᠷᠡᠯ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠣᠷᠴᠢᠯ ᠢ ᠰᠠᠭᠠᠳ ᠦᠭᠡᠢ ᠪᠣᠯᠭᠠᠬᠤ | ᠬᠡᠷᠡᠭᠲᠡᠢ ᠭᠡᠵᠦ ᠱᠠᠭᠠᠷᠳᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 5 ᠳ᠋ᠤᠭᠠᠷ | ᠰᠠᠷ᠎ᠠ ᠶᠢᠨ 11 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯᠲᠤ | ᠬᠤᠷᠠᠯ ᠬᠤᠷᠠᠯᠳᠤᠭᠤᠯᠵᠤ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠭ᠎ᠠ ᠪᠠᠶᠢᠳᠠᠯ ᠢ ᠲᠠᠨᠢᠯᠴᠠᠭᠤᠯᠪᠠ᠂ ᠣᠯᠠᠨ ᠢᠶᠠᠷ ᠢᠶᠠᠨ ᠠᠩᠬᠠᠷᠴᠠᠭᠠᠶ᠎ᠠ︕ | ᠪᠠᠷᠠᠭᠠᠨ ᠤ ᠲᠡᠭᠡᠭᠡᠪᠦᠷᠢ ᠶᠢᠨ ᠭᠦᠢᠯᠭᠡᠭᠡ ᠨᠡᠪᠲᠡᠷᠡᠬᠦ ᠦᠭᠡᠢ ᠤᠷᠤᠭᠰᠢ ᠦᠭᠡᠢ ᠪᠠᠶᠢᠬᠤ ᠵᠡᠷᠭᠡ ᠠᠰᠠᠭᠤᠳᠠᠯ ᠢ | ᠠᠩᠬ᠎ᠠ ᠠᠯᠬᠤᠮ ᠨᠠᠮᠳᠠᠭᠤᠯᠪᠠ | ᠡᠯ᠎ᠡ ᠭᠠᠵᠠᠷ ᠣᠷᠣᠨ ᠪᠣᠯᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠪᠠᠷᠠᠭᠠᠨ ᠤ | ᠲᠡᠭᠡᠭᠡᠪᠦᠷᠢ ᠶᠢᠨ ᠭᠦᠢᠯᠭᠡᠭᠡᠨ ᠤ ᠨᠡᠪᠲᠡᠷᠡᠬᠦ ᠦᠭᠡᠢ ᠤᠷᠤᠭᠰᠢ ᠦᠭᠡᠢ ᠪᠠᠶᠢᠬᠤ ᠵᠡᠷᠭᠡ ᠠᠰᠠᠭᠤᠳᠠᠯ ᠢ ᠠᠩᠬ᠎ᠠ ᠠᠯᠬᠤᠮ | ᠨᠠᠮᠳᠠᠭᠤᠯᠵᠤ᠂ ᠪᠠᠷᠠᠭᠠᠨ ᠤ ᠭᠦᠢᠯᠭᠡᠭᠡ ᠶᠢᠨ ᠠᠵᠢᠯᠯᠠᠭᠠᠨ ᠤ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠪᠠ᠃ | | ᠪᠥᠬᠦ ᠤᠯᠤᠰ ᠤᠨ ᠬᠠᠭᠠᠵᠤ ᠵᠣᠭᠰᠣᠭᠠᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ | ᠬᠤᠷᠢᠶᠠᠬᠤ ᠥᠷᠲᠡᠭᠡ ᠪᠠ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠤ ᠪᠠᠨ ᠦᠭᠡᠶᠢᠰᠬᠡᠪᠡ︔ | 5 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ | ᠠᠴᠢᠶᠠᠨ ᠤ ᠲᠡᠷᠭᠡ ᠶᠢᠨ ᠤᠷᠤᠰᠬᠠᠯ ᠤᠨ ᠬᠡᠮᠵᠢᠶ᠎ᠡ 4 ᠳ᠋ᠦ᠋ᠭᠡᠷ ᠰᠠᠷ᠎ᠠ ᠶᠢᠨ 18 ᠤ ᠡᠳᠦᠷ ᠤᠨ ᠬᠢ ᠠᠴᠠ 8. | 59% ᠪᠠᠷ ᠳᠡᠭᠡᠭᠰᠢᠯᠡᠵᠦ᠂ ᠲᠡᠮᠦᠷ ᠵᠠᠮ ᠤᠨ ᠪᠠᠷᠠᠭ᠎ᠠ ᠬᠦᠷᠭᠡᠬᠦ ᠬᠡᠮᠵᠢᠶ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ | ᠬᠡᠮᠵᠢᠶ᠎ᠡ᠂ ᠭᠤᠣᠯ ᠭᠠᠷᠠᠮ ᠤᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ 4 ᠳ᠋ᠦ᠋ᠭᠡᠷ ᠰᠠᠷ᠎ᠠ ᠶᠢᠨ 18 ᠤ | ᠡᠳᠦᠷ ᠤᠨ ᠬᠢ ᠠᠴᠠ ᠲᠣᠰ ᠲᠣᠰ 5.71%᠂ 6.16%᠂ 1.12% ᠢᠶᠠᠷ ᠨᠡᠮᠡᠭᠳᠡᠵᠦ᠂ ᠭᠤᠣᠯ ᠪᠣᠯᠬᠤ ᠣᠯᠠᠨ | ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠪᠠᠷᠠᠭ᠎ᠠ ᠰᠢᠤᠳᠠᠨ ᠤ ᠲᠡᠭᠡᠭᠡᠪᠦᠷᠢ ᠶᠢᠨ ᠬᠡᠮᠵᠢᠶ᠎ᠡ ᠪᠠᠷᠤᠭ ᠠᠷᠪᠠᠨ ᠤ | ᠭᠤᠷᠪᠠᠨ ᠬᠤᠪᠢ ᠪᠠᠷ ᠨᠡᠮᠡᠭᠳᠡᠵᠦ᠂ ᠰᠢᠤᠳᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ | ᠪᠠᠷᠤᠭ ᠠᠷᠪᠠᠨ ᠤ ᠬᠤᠶᠠᠷ ᠬᠤᠪᠢ ᠪᠠᠷ ᠨᠡᠮᠡᠭᠳᠡᠵᠡᠢ︔ | ᠱᠠᠩᠬᠠᠢ ᠭᠠᠷᠠᠮ ᠤᠨ ᠴᠢᠩᠭᠡᠯᠢᠭ ᠤᠨ ᠡᠳᠦᠷ ᠤᠨ ᠣᠷᠣᠭᠤᠯᠵᠤ ᠭᠠᠷᠭᠠᠬᠤ ᠬᠡᠮᠵᠢᠶ᠎ᠡ 10 ᠲᠦᠮᠡᠨ | ᠪᠠᠷᠢᠮᠵᠢᠶᠠᠲᠤ ᠬᠠᠶᠢᠷᠴᠠᠭ ᠲᠤ ᠲᠣᠭᠲᠠᠪᠤᠷᠢᠵᠢᠵᠤ᠂ ᠬᠢᠵᠢᠭ ᠤᠨ ᠪᠠᠶᠢᠳᠠᠯ ᠠᠴᠠ ᠡᠮᠦᠨᠡᠬᠢ ᠬᠡᠮᠵᠢᠶ᠎ᠡ ᠠᠴᠠ ᠠᠷᠪᠠᠨ ᠤ | ᠨᠠᠢᠮᠠᠨ ᠬᠤᠪᠢ ᠳᠤ ᠬᠦᠷᠲᠡᠯ᠎ᠡ ᠳᠡᠭᠡᠭᠰᠢᠯᠡᠪᠡ︔ | ᠫᠦᠳᠥ᠋ᠩ ᠨᠢᠰᠬᠡᠯ ᠤᠨ ᠪᠠᠭᠤᠳᠠᠯ ᠪᠣᠯᠣᠨ ᠪᠠᠢ ᠶᠦᠨ ᠨᠢᠰᠬᠡᠯ ᠤᠨ ᠪᠠᠭᠤᠳᠠᠯ ᠤᠨ ᠪᠠᠷᠠᠭ᠎ᠠ ᠰᠢᠤᠳᠠᠨ ᠤ | ᠣᠷᠣᠭᠤᠯᠵᠤ ᠭᠠᠷᠭᠠᠬᠤ ᠬᠡᠮᠵᠢᠶ᠎ᠡ ᠠᠷᠪᠠᠨ ᠤ ᠵᠢᠷᠭᠤᠭᠠᠨ ᠬᠤᠪᠢ ᠳᠤ ᠬᠦᠷᠲᠡᠯ᠎ᠡ ᠳᠡᠭᠡᠭᠰᠢᠯᠡᠪᠡ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠤᠨ ᠲᠤᠬᠠᠢ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠦᠨᠳᠦᠰᠦᠨ ᠱᠠᠭᠠᠷᠳᠠᠯᠭ᠎ᠠ ᠶᠢ ᠣᠷᠣᠯᠠᠵᠤ ᠳᠡᠶᠢᠯᠬᠦ ᠦᠭᠡᠢ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠪᠣᠯ ᠪᠠᠴᠢᠮ ᠪᠠᠶᠢᠳᠠᠯ ᠢ | ᠠᠷᠭᠠᠴᠠᠭᠠᠬᠤ ᠪᠠᠶᠢᠳᠠᠯ ᠳᠣᠣᠷ᠎ᠠ᠂ ᠭᠤᠣᠯᠳᠠᠯᠭ᠎ᠠ ᠲᠠᠢ ᠭᠠᠵᠠᠷ ᠣᠷᠣᠨ ᠤ ᠣᠨᠴᠠᠭᠠᠢ ᠴᠠᠭ ᠬᠤᠭᠤᠴᠠᠭᠠᠨ ᠳᠠᠬᠢ | ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠣᠷᠣᠨ ᠪᠦᠰᠡ ᠠᠯᠤᠰᠯᠠᠨ ᠲᠡᠭᠡᠭᠡᠪᠦᠷᠢᠯᠡᠬᠦ ᠶᠢ ᠪᠠᠲᠤᠯᠠᠬᠤ ᠶᠢᠨ ᠲᠤᠰᠠᠳᠠ | ᠣᠯᠭᠤᠭᠰᠠᠨ ᠰᠢᠯᠵᠢᠭᠦᠯᠦᠨ ᠲᠡᠭᠡᠭᠡᠪᠦᠷᠢᠯᠡᠬᠦ ᠪᠠᠷᠢᠮᠲᠠ ᠪᠠ ᠬᠠᠩᠭᠠᠯᠭ᠎ᠠ ᠶᠢ ᠪᠠᠲᠤᠯᠠᠬᠤ ᠭᠡᠷᠡᠴᠢᠯᠡᠭᠡ ᠪᠠᠶᠢᠵᠤ᠂ ᠭᠤᠣᠯ | ᠵᠣᠷᠢᠯᠭ᠎ᠠ ᠨᠢ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ | ᠲᠡᠷᠭᠡ ᠶᠢᠨ ᠲᠦᠷᠭᠡᠨ ᠪᠥᠭᠡᠳ ᠳᠥᠭᠦᠮ ᠳᠥᠲᠡ ᠨᠡᠪᠲᠡᠷᠡᠬᠦ ᠶᠢ ᠪᠠᠲᠤᠯᠠᠬᠤ ᠶᠢᠨ ᠲᠥᠯᠥᠭᠡ ᠪᠠᠶᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠦᠨᠳᠦᠰᠦᠨ ᠱᠠᠭᠠᠷᠳᠠᠯᠭ᠎ᠠ ᠶᠢ ᠣᠷᠣᠯᠠᠵᠤ ᠳᠡᠶᠢᠯᠬᠦ ᠦᠭᠡᠢ᠃ | ᠪᠠᠷᠠᠭ᠎ᠠ ᠲᠡᠭᠡᠭᠡᠪᠦᠷᠢᠯᠡᠬᠦ ᠲᠡᠷᠭᠡ ᠪᠥᠬᠦᠨ ᠭᠤᠣᠯᠳᠠᠯᠭ᠎ᠠ ᠲᠠᠢ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ | ᠦᠨᠡᠮᠯᠡᠯ ᠢ ᠭᠦᠢᠴᠡᠳᠬᠡᠬᠦ ᠴᠢᠬᠤᠯᠠ ᠦᠭᠡᠢ | ᠣᠨᠴᠠᠭᠠᠶᠢᠯᠠᠨ ᠲᠣᠳᠣᠷᠬᠠᠶᠢᠯᠠᠬᠤ ᠴᠢᠬᠤᠯᠠᠲᠠᠢ ᠨᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠪᠦᠬᠦᠨ ᠨᠡᠪᠲᠡᠷᠡᠬᠦ | ᠦᠨᠡᠮᠯᠡᠯ ᠠᠪᠬᠤ ᠴᠢᠬᠤᠯᠠᠲᠠᠢ ᠪᠢᠰᠢ᠂ ᠲᠡᠭᠡᠭᠡᠪᠦᠷᠢᠯᠡᠬᠦ ᠭᠠᠵᠠᠷ ᠤᠨ ᠬᠤᠶᠠᠷ ᠦᠵᠦᠭᠦᠷ ᠨᠢ ᠴᠥᠮ ᠬᠢᠵᠢᠭ ᠲᠤ | ᠬᠤᠯᠪᠣᠭᠳᠠᠭᠰᠠᠨ ᠭᠠᠵᠠᠷ ᠣᠷᠣᠨ ᠳᠤ ᠪᠠᠶᠢᠬᠤ ᠦᠭᠡᠢ ᠪᠤᠶᠤ ᠭᠤᠣᠯᠳᠠᠯᠭ᠎ᠠ ᠲᠠᠢ ᠡᠳ᠋ ᠪᠠᠷᠠᠭ᠎ᠠ ᠪᠢᠰᠢ ᠲᠡᠷᠭᠡ ᠨᠢ | ᠨᠡᠪᠲᠡᠷᠡᠬᠦ ᠦᠨᠡᠮᠯᠡᠯ ᠠᠪᠬᠤ᠂ ᠭᠦᠢᠴᠡᠳᠬᠡᠬᠦ ᠪᠠ ᠬᠡᠷᠡᠭᠯᠡᠬᠦ ᠴᠢᠬᠤᠯᠠ ᠦᠭᠡᠢ᠃ | ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ | ᠲᠡᠷᠭᠡᠨ ᠤ ᠨᠡᠪᠲᠡᠷᠡᠬᠦ ᠦᠨᠡᠮᠯᠡᠯ ᠪᠠᠶᠢᠬᠤ ᠦᠭᠡᠢ ᠭᠡᠳᠡᠭ ᠢᠶᠠᠷ ᠰᠢᠯᠲᠠᠭᠯᠠᠵᠤ ᠲᠡᠷᠭᠡ ᠨᠡᠪᠲᠡᠷᠡᠬᠦ ᠶᠢ ᠬᠢᠵᠠᠭᠠᠷᠯᠠᠵᠤ | ᠪᠣᠯᠬᠤ ᠦᠭᠡᠢ᠂ ᠨᠡᠪᠲᠡᠷᠡᠬᠦ ᠦᠨᠡᠮᠯᠡᠯ ᠪᠠᠶᠢᠬᠤ ᠲᠡᠷᠭᠡᠨ ᠳᠤ ᠡᠯ᠎ᠡ ᠭᠠᠵᠠᠷ ᠤᠨ ᠬᠢᠨ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠤᠷᠢᠳ ᠢᠶᠠᠷ ᠲᠦᠷᠭᠡᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠣᠯᠭᠤᠬᠤ ᠰᠠᠯᠠᠭ᠎ᠠ | ᠮᠥᠴᠢᠷ ᠪᠠ ᠬᠡᠷᠡᠭᠯᠡᠬᠦ ᠨᠢᠭᠡᠴᠢ ᠨᠦᠭᠦᠳ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ | ᠦᠨᠡᠮᠯᠡᠯ ᠣᠯᠭᠤᠬᠤ ᠭᠤᠭᠴᠤᠭ᠎ᠠ ᠳᠤ᠂ ᠦᠨᠡᠮᠯᠡᠯ ᠣᠯᠭᠤᠭᠰᠠᠨ ᠨᠢᠭᠡᠴᠢ ᠨᠢ ᠦᠨᠡᠮᠯᠡᠯ ᠠᠪᠤᠭᠰᠠᠨ ᠨᠢᠭᠡᠴᠢ | ᠪᠠ ᠳᠠᠭᠠᠭᠠᠨ ᠲᠡᠭᠡᠭᠡᠪᠦᠷᠢᠯᠡᠬᠦ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ︔ | ᠲᠡᠷᠭᠡᠨ ᠤ ᠲᠡᠭᠡᠭᠡᠪᠦᠷᠢᠯᠡᠬᠦ ᠭᠤᠭᠴᠤᠭ᠎ᠠ ᠳᠤ᠂ ᠦᠨᠡᠮᠯᠡᠯ ᠭᠦᠢᠴᠡᠳᠬᠡᠬᠦ ᠨᠢᠭᠡᠴᠢ ᠨᠢ ᠨᠡᠪᠲᠡᠷᠡᠬᠦ ᠦᠨᠡᠮᠯᠡᠯ ᠤᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠵᠣᠷᠢᠭᠰᠠᠨ ᠭᠠᠵᠠᠷ ᠤᠨ ᠪᠠᠷᠠᠭ᠎ᠠ ᠬᠤᠷᠢᠶᠠᠵᠤ ᠶᠠᠪᠤᠭᠤᠯᠬᠤ ᠨᠢᠭᠡᠴᠢ ᠳᠤ | ᠴᠠᠭ ᠲᠤᠬᠠᠢ ᠳᠤ ᠨᠢ ᠬᠦᠷᠭᠡᠵᠦ ᠳᠠᠩᠰᠠᠯᠠᠭᠤᠯᠬᠤ ᠬᠡᠷᠡᠭᠲᠡᠢ︔ | ᠲᠡᠷᠭᠡᠨ ᠤ ᠬᠦᠷᠬᠦ ᠭᠤᠭᠴᠤᠭ᠎ᠠ ᠳᠤ᠂ ᠬᠡᠷᠪᠡ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ ᠪᠥᠭᠡᠳ * | ᠲᠡᠮᠳᠡᠭ ᠦᠭᠡᠢ ᠪᠣᠯ᠂ ᠡᠷᠬᠡᠪᠰᠢ ᠳᠠᠷᠦ᠋ᠢᠬᠠᠨ ᠶᠠᠪᠤᠭᠤᠯᠬᠤ ᠬᠡᠷᠡᠭᠲᠡᠢ᠃ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ | ᠪᠥᠭᠡᠳ * ᠲᠡᠮᠳᠡᠭ ᠲᠠᠢ ᠪᠣᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢᠯᠡᠭᠡ ᠲᠠᠢ᠂ ᠡᠷᠡᠭᠦᠯ ᠮᠡᠨᠳᠦ ᠶᠢᠨ ᠺᠣᠳ᠋ ᠨᠢ ᠬᠡᠪ ᠤᠨ᠂ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ᠂ | ᠥᠭᠡᠷ᠎ᠡ ᠪᠠᠷ ᠬᠡᠯᠡᠪᠡᠯ ᠶᠡᠷᠦᠳᠡ ᠶᠢᠨ ᠬᠡᠯᠡᠳᠡᠭ ︽ᠨᠢᠭᠡ ᠦᠨᠡᠮᠯᠡᠯ ᠬᠤᠶᠠᠷ ᠺᠣᠳ᠋︾ ᠤᠨ ᠱᠠᠭᠠᠷᠳᠠᠯᠭ᠎ᠠ ᠳᠤ ᠨᠡᠶᠢᠴᠡᠪᠡ᠊᠂ | ᠲᠡᠷᠡ ᠳᠠᠷᠤᠢ ᠳᠤ ᠨᠢ ᠶᠠᠪᠤᠭᠤᠯᠵᠤ᠂ ᠳᠠᠪᠬᠤᠷ ᠳᠠᠪᠬᠤᠷ ᠳᠠᠷᠤᠭᠠᠰᠤ ᠨᠡᠮᠡᠵᠦ ᠪᠣᠯᠬᠤ ᠦᠭᠡᠢ᠃ ᠪᠠᠷᠠᠭ᠎ᠠ ᠬᠤᠷᠢᠶᠠᠵᠤ | ᠲᠠᠷᠬᠠᠭᠠᠬᠤ ᠨᠢᠭᠡᠴᠢ ᠠᠴᠠ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠠᠴᠠ ᠵᠣᠷᠢᠭᠰᠠᠨ ᠭᠠᠵᠠᠷ ᠬᠦᠷᠲᠡᠯᠡᠬᠢ | ᠪᠢᠲᠡᠭᠦᠮᠵᠢᠲᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭ ᠠᠴᠠ ᠴᠡᠭ ᠲᠤ ᠲᠡᠭᠡᠭᠡᠪᠦᠷᠢᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠣᠯᠣᠨ᠎ᠠ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠳᠤ ᠠᠦ᠋ᠲ᠋ᠣ᠋ ᠪᠠᠷ | ᠲᠠᠰᠤᠯᠬᠤ ᠲᠣᠭᠲᠠᠴᠠ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠪᠣᠳᠠᠲᠠᠶᠢᠵᠢᠭᠤᠯᠤᠭᠰᠠᠨ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠲᠠᠷᠬᠠᠭᠠᠭᠰᠠᠨ ᠪᠣᠯ᠂ ᠪᠠᠷᠠᠭ᠎ᠠ ᠬᠤᠷᠢᠶᠠᠵᠤ | ᠲᠠᠷᠬᠠᠭᠠᠬᠤ ᠨᠢᠭᠡᠴᠢ ᠪᠠ ᠳᠠᠭᠠᠭᠠᠴᠢᠯᠠᠨ ᠲᠡᠭᠡᠭᠡᠪᠦᠷᠢᠯᠡᠬᠦ ᠨᠢᠭᠡᠴᠢ ᠳᠤ ᠨᠡᠪᠲᠡᠷᠡᠬᠦ ᠦᠨᠡᠮᠯᠡᠯ ᠭᠦᠢᠴᠡᠳᠬᠡᠬᠦ ᠶᠢ | ᠠᠶᠠᠨᠳᠠᠭᠠᠨ ᠠᠦ᠋ᠲ᠋ᠣ᠋ ᠪᠠᠷ ᠲᠦᠷ ᠵᠣᠭᠰᠣᠭᠠᠨ᠎ᠠ᠃ | ᠠᠴᠢᠶᠠᠨ ᠤ ᠲᠡᠷᠭᠡᠨ ᠵᠢᠯᠣᠭᠤᠴᠢ ᠶᠢᠨ ᠠᠵᠢᠯᠯᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ | ᠠᠴᠢᠶᠠᠨ ᠤ ᠲᠡᠷᠭᠡᠨ ᠵᠢᠯᠣᠭᠤᠴᠢ ᠶᠢᠨ ᠲᠡᠷᠭᠡ ᠵᠣᠭᠰᠤᠭᠠᠬᠤ ᠳᠤ ᠬᠦᠴᠢᠷᠲᠡᠢ᠂ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠳᠤ ᠬᠦᠴᠢᠷᠲᠡᠢ᠂ ᠬᠤᠭᠤᠯᠠ ᠢᠳᠡᠬᠦ ᠳᠤ ᠬᠦᠴᠢᠷᠲᠡᠢ᠂ ᠨᠡᠪᠲᠡᠷᠡᠨ ᠥᠩᠭᠡᠷᠡᠬᠦ ᠳᠤ ᠬᠦᠴᠢᠷᠲᠡᠢ | ᠵᠡᠷᠭᠡ ᠠᠰᠠᠭᠤᠳᠠᠯ ᠢ ᠴᠢᠳᠠᠬᠤ ᠶᠢᠨ ᠬᠢᠷᠢ ᠪᠠᠷ ᠰᠢᠢᠳᠪᠦᠷᠢᠯᠡᠨ᠎ᠡ ︽ᠰᠠᠨᠠᠭ᠎ᠠ ᠠᠮᠤᠷ ᠵᠣᠭᠰᠤᠭᠠᠬᠤ︾ ᠦᠢᠯᠡᠴᠢᠯᠡᠭᠡ ᠶᠢ | ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠨᠢ ᠲᠡᠷᠭᠡᠨ ᠵᠣᠭᠰᠣᠭᠠᠯ ᠤᠨ | ᠪᠠᠶᠢᠷᠢᠰᠢᠯ ᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠲᠠᠢ ᠲᠡᠷᠭᠡᠨ ᠵᠣᠭᠰᠣᠭᠠᠯ ᠢ ᠲᠣᠬᠢᠷᠠᠭᠤᠯᠬᠤ ᠵᠡᠷᠭᠡ ᠠᠷᠭ᠎ᠠ ᠪᠠᠷ | ᠳᠠᠮᠵᠢᠭᠤᠯᠤᠨ᠂ ᠠᠴᠢᠶᠠᠨ ᠤ ᠲᠡᠷᠭᠡᠨ ᠵᠣᠭᠰᠣᠭᠠᠯ ᠤᠨ ᠪᠠᠶᠢᠷᠢᠰᠢᠯ ᠢ ᠵᠣᠬᠢᠰᠲᠠᠢ ᠨᠡᠮᠡᠭᠳᠡᠭᠦᠯᠵᠦ᠂ ᠠᠴᠢᠶᠠᠨ ᠤ ᠲᠡᠷᠭᠡ | ᠵᠣᠭᠰᠤᠭᠠᠬᠤ ᠱᠠᠭᠠᠷᠳᠠᠯᠭ᠎ᠠ ᠶᠢ ᠬᠠᠩᠭᠠᠨ᠎ᠠ︔ ᠡᠭᠦᠨ ᠤ ᠬᠠᠮᠲᠤ ᠠᠮᠤᠷ ᠢ ᠬᠠᠮᠠᠭᠠᠯᠠᠵᠤ ᠲᠣᠭᠤᠷᠢᠨ ᠴᠠᠭᠳᠠᠬᠤ | ᠳᠠᠪᠲᠠᠮᠵᠢ ᠤᠳᠠᠭ᠎ᠠ ᠪᠠᠨ ᠨᠢᠭᠤᠴᠠᠯᠠᠵᠤ᠂ ᠲᠣᠰᠣ ᠬᠤᠯᠠᠭᠠᠶᠢᠯᠠᠬᠤ ᠪᠠ ᠪᠠᠷᠠᠭ᠎ᠠ ᠬᠤᠯᠠᠭᠠᠶᠢᠯᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ᠎ᠡ᠃ | ︽ᠰᠦᠢᠳᠬᠡᠯ ᠦᠭᠡᠢ ᠪᠠᠶᠢᠴᠠᠭᠠᠯᠲᠠ︾ ᠶᠢᠨ ᠦᠢᠯᠡᠴᠢᠯᠡᠭᠡ ᠶᠢ ᠢᠳᠡᠪᠬᠢᠲᠡᠢ ᠳᠡᠯᠭᠡᠷᠡᠭᠦᠯᠦᠨ᠎ᠡ᠃ ᠲᠡᠷᠭᠡᠨ ᠤ | ᠤᠷᠤᠰᠬᠠᠯ ᠤᠨ ᠬᠡᠮᠵᠢᠶ᠎ᠡ ᠶᠡᠬᠡᠲᠡᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ | ᠰᠦᠢᠳᠬᠡᠯ ᠬᠤᠷᠢᠶᠠᠬᠤ ᠥᠷᠲᠡᠭᠡ ᠲᠠᠯᠠᠪᠠᠶ ᠵᠡᠷᠭᠡ ᠲᠠᠯᠠᠪᠤᠷ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠢ | ᠨᠢᠭᠲᠠ ᠪᠠᠶᠢᠷᠢᠯᠠᠭᠤᠯᠵᠤ᠂ ᠥᠷᠭᠡᠨ ᠣᠯᠠᠨ ᠵᠢᠯᠣᠭᠤᠴᠢ ᠠᠶᠠᠨᠴᠢᠳ ᠤᠨ ᠣᠶᠢᠷ᠎ᠠ ᠬᠠᠪᠢ ᠳᠤ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠨ᠎ᠠ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠢ ᠰᠦᠢᠳᠬᠡᠯ | ᠠᠪᠬᠤ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ︽ᠬᠠᠯᠠᠮᠵᠢᠲᠤ ᠬᠤᠭᠤᠯᠠ︾ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠦᠢᠯᠡᠴᠢᠯᠡᠭᠡᠨ ᠤ | ᠲᠣᠭᠤᠷᠢᠭ ᠤᠨ ᠡᠳ᠋ ᠪᠠᠷᠠᠭ᠎ᠠ ᠨᠥᠭᠡᠴᠡᠯᠡᠬᠦ ᠡᠷᠴᠢᠮ ᠢ ᠴᠢᠩᠭᠠᠷᠠᠭᠤᠯᠤᠨ᠎ᠠ᠃ ᠨᠥᠬᠦᠴᠡᠯ ᠪᠦᠷᠢᠳᠦᠭᠦᠯᠦᠭᠰᠡᠨ | ᠦᠢᠯᠡᠴᠢᠯᠡᠭᠡᠨ ᠤ ᠲᠣᠭᠤᠷᠢᠭ ᠢ ᠵᠣᠷᠢᠭᠵᠢᠭᠤᠯᠵᠤ᠂ ᠦᠨ᠎ᠡ ᠨᠢ ᠬᠢᠮᠳᠠ᠂ ᠬᠡᠮᠵᠢᠶ᠎ᠡ ᠨᠢ ᠭᠦᠢᠴᠡᠳ᠂ ᠠᠮᠲᠠ ᠨᠢ | ᠰᠠᠶᠢᠬᠠᠨ︽ᠬᠠᠯᠠᠮᠵᠢᠯᠠᠵᠤ ᠬᠤᠭᠤᠯᠠ︾ ᠬᠦᠷᠭᠡᠵᠦ ᠪᠣᠭᠤᠳᠠᠯᠯᠠᠬᠤ ᠦᠢᠯᠡᠴᠢᠯᠡᠭᠡ ᠬᠠᠩᠭᠠᠵᠤ᠂ ᠠᠴᠢᠶᠠᠨ ᠤ ᠮᠠᠰᠢᠨ ᠤ | ᠵᠢᠯᠣᠭᠤᠴᠢ ᠶᠢᠨ ᠬᠤᠭᠤᠯᠠ ᠢᠳᠡᠬᠦ ᠳᠤ ᠬᠦᠴᠢᠷᠲᠡᠢ ᠠᠰᠠᠭᠤᠳᠠᠯ ᠢ ᠨᠢ ᠰᠢᠢᠳᠪᠦᠷᠢᠯᠡᠨ᠎ᠡ᠃ | ︽ᠥᠯᠥ ᠬᠦᠷᠦᠯᠴᠡᠬᠦ︾ ᠦᠢᠯᠡᠴᠢᠯᠡᠭᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠳᠡᠭᠡᠳᠦ ᠬᠤᠷᠳᠤ ᠶᠢᠨ | ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠶᠢᠨ ᠲᠤᠬᠠᠢ ᠶᠢᠨ ᠲᠠᠯᠠᠪᠤᠷ ᠤᠨ ᠦᠢᠯᠡᠴᠢᠯᠡᠭᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠵᠢᠯᠣᠭᠤᠴᠢ ᠠᠶᠠᠨᠴᠢᠳ ᠤᠨ ᠴᠢᠬᠤᠯᠠ ᠦᠭᠡᠢ ᠪᠣᠯ ᠲᠡᠷᠭᠡᠨ ᠠᠴᠠ ᠪᠠᠭᠤᠬᠤ ᠦᠭᠡᠢ᠂ | ᠴᠢᠬᠤᠯᠠ ᠦᠭᠡᠢ ᠪᠣᠯ ᠬᠦᠷᠦᠯᠴᠡᠬᠦ ᠦᠭᠡᠢ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ | ︽ᠤᠷᠢᠳ ᠢᠶᠠᠷ ᠨᠡᠪᠲᠡᠷᠡᠭᠦᠯᠬᠦ︾ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠮᠢᠳᠤ ᠰᠣᠷᠭᠤᠭ | ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ ᠲᠦᠷᠦ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ ᠲᠦᠮᠡᠨ ᠤ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠦᠨᠡᠨ | ᠬᠦ ᠪᠠᠲᠤᠯᠠᠬᠤ ᠬᠡᠷᠡᠭᠲᠡᠢ︔ ︽ᠭᠤᠷᠪᠠ ᠶᠢ ᠬᠢᠬᠦ ᠦᠭᠡᠢ᠂ ᠨᠢᠭᠡ ᠶᠢ ᠤᠷᠢᠳ ᠢᠶᠠᠷ ᠨᠡᠪᠲᠡᠷᠡᠭᠦᠯᠬᠦ︾ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠡᠭᠡᠭᠡᠪᠦᠷᠢ ᠶᠢᠨ ᠲᠡᠷᠭᠡ ᠬᠥᠰᠬᠡ ᠶᠢ ᠰᠦᠢᠳᠬᠡᠯ ᠬᠤᠷᠢᠶᠠᠬᠤ ᠦᠭᠡᠢ᠂ ᠲᠡᠷᠭᠡ ᠵᠣᠭᠰᠤᠭᠠᠬᠤ ᠦᠭᠡᠢ ᠪᠠᠷ ᠲᠦᠷᠭᠡᠨ | ᠨᠡᠪᠲᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠡᠨᠧᠷᠭᠢ᠂ ᠠᠮᠤ ᠪᠤᠳᠠᠭ᠎ᠠ ᠵᠡᠷᠭᠡ ᠦᠢᠯᠡᠳᠪᠦᠷᠢᠯᠡᠯ | ᠠᠮᠢᠳᠤᠷᠠᠯ ᠤᠨ ᠴᠢᠬᠤᠯᠠ ᠡᠳ᠋ ᠪᠠᠷᠠᠭ᠎ᠠ ᠤᠨ ᠲᠡᠭᠡᠭᠡᠪᠦᠷᠢ ᠶᠢᠨ ᠲᠡᠷᠭᠡᠨ ᠤ ᠤᠷᠢᠳ ᠢᠶᠠᠷ ᠳᠥᠭᠦᠮ ᠳᠥᠲᠡ | ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠴᠠᠬᠢᠯᠭᠠᠨ ᠤ ᠨᠡᠭᠦᠷᠡᠰᠦ ᠲᠡᠭᠡᠭᠡᠪᠦᠷᠢᠯᠡᠬᠦ ᠵᠠᠰᠠᠮᠠᠯ ᠵᠠᠮ ᠤᠨ | ᠦᠢᠯᠡᠴᠢᠯᠡᠭᠡᠨ ᠤ ᠪᠠᠲᠤᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | ᠠᠴᠢᠶᠠᠨ ᠤ ᠮᠠᠰᠢᠨ ᠤ ᠵᠢᠯᠣᠭᠤᠴᠢᠳ ᠲᠡᠭᠡᠭᠡᠪᠦᠷᠢᠯᠡᠬᠦ ᠶᠠᠪᠤᠴᠠ ᠳᠤ ᠪᠠᠨ ᠬᠢᠵᠢᠭ ᠢ ᠬᠡᠲᠦᠷᠡᠲᠡᠯ᠎ᠡ | ᠰᠡᠷᠭᠡᠶᠢᠯᠡᠬᠦ ᠵᠡᠷᠭᠡ ᠠᠰᠠᠭᠤᠳᠠᠯ ᠳᠤ ᠲᠤᠯᠭᠠᠷᠠᠪᠠᠯ ᠳᠠᠷᠦ᠋ᠢᠬᠠᠨ 12345᠂ 12328 ᠵᠡᠷᠭᠡ ᠳᠤ ᠤᠲᠠᠰᠤᠳᠠᠪᠠᠯ᠂ | ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠴᠠᠭ | ᠲᠤᠬᠠᠢ ᠳᠤ ᠨᠢ ᠮᠥᠷᠳᠡᠨ ᠳᠠᠭᠠᠵᠤ ᠵᠣᠬᠢᠴᠠᠭᠤᠯᠤᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠣᠯᠣᠨ᠎ᠠ᠃ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ︽ᠡᠴᠦᠰ ᠤᠨ ᠨᠢᠭᠡ ᠺᠢᠯᠤᠮᠧᠲᠷ︾ ᠤᠨ ᠬᠦᠴᠢᠷᠳᠡᠯ ᠢ | ᠰᠢᠢᠳᠪᠦᠷᠢᠯᠡᠬᠦ ᠲᠤᠬᠠᠢ | ᠬᠢᠵᠢᠭ ᠢ ᠰᠡᠷᠭᠡᠶᠢᠯᠡᠬᠦ ᠡᠳ᠋ ᠪᠠᠷᠠᠭ᠎ᠠ᠂ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠪᠠ ᠦᠢᠯᠡᠳᠪᠦᠷᠢᠯᠡᠯ | ᠠᠮᠢᠳᠤᠷᠠᠯ ᠤᠨ ᠴᠢᠬᠤᠯᠠ ᠡᠳ᠋ ᠪᠠᠷᠠᠭ᠎ᠠ ᠶᠢ ᠳᠠᠮᠵᠢᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠤᠨ ᠪᠢᠲᠡᠭᠦᠮᠵᠢᠯᠡᠯ ᠢ | ᠤᠷᠢᠳ ᠢᠶᠠᠷ ᠲᠠᠶᠢᠯᠤᠨ᠎ᠠ | ᠠᠵᠢᠯ ᠢᠶᠠᠨ ᠰᠡᠷᠭᠦᠭᠡᠬᠦ ᠶᠢ ᠠᠬᠢᠭᠤᠯᠬᠤ ᠶᠢᠨ ᠲᠣᠭᠤᠷᠢᠨ ᠳᠤ᠂ ᠡᠯ᠎ᠡ ᠭᠠᠵᠠᠷ ᠤᠨ ᠬᠠᠭᠠᠵᠤ ᠵᠣᠭᠰᠣᠭᠠᠭᠰᠠᠨ | ᠰᠢᠤᠳᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠬᠤᠪᠢᠶᠠᠷᠢᠯᠠᠨ ᠰᠠᠯᠭᠠᠬᠤ ᠲᠥᠪ᠂ ᠡᠵᠡᠩᠨᠡᠯᠲᠡ ᠶᠢᠨ ᠲᠣᠣᠷ | ᠴᠡᠭ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠵᠡᠷᠭᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠵᠠᠩᠭᠢᠶᠠᠰᠤ᠂ ᠲᠣᠣᠷ ᠴᠡᠭ ᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ | ᠳᠣᠣᠷ᠎ᠠ ᠡᠮᠬᠢ ᠵᠢᠷᠤᠮ ᠲᠠᠢ ᠪᠠᠷ ᠪᠢᠲᠡᠭᠦᠮᠵᠢᠯᠡᠯ ᠢ ᠲᠠᠶᠢᠯᠤᠨ᠎ᠠ᠃ | ᠬᠢᠵᠢᠭ ᠢ ᠰᠡᠷᠭᠡᠶᠢᠯᠡᠬᠦ ᠡᠳ᠋ ᠪᠠᠷᠠᠭ᠎ᠠ᠂ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠪᠠ ᠦᠢᠯᠡᠳᠪᠦᠷᠢᠯᠡᠯ | ᠠᠮᠢᠳᠤᠷᠠᠯ ᠤᠨ ᠴᠢᠬᠤᠯᠠ ᠡᠳ᠋ ᠪᠠᠷᠠᠭ᠎ᠠ ᠶᠢ ᠳᠠᠮᠵᠢᠭᠤᠯᠤᠨ ᠬᠦᠷᠭᠡᠬᠦ ᠡᠭᠦᠷᠭᠡ ᠶᠢ ᠳᠠᠭᠠᠭᠠᠵᠤ ᠠᠪᠤᠭᠰᠠᠨ ᠲᠣᠣᠷ | ᠴᠡᠭ ᠤᠨ᠂ ᠪᠢᠲᠡᠭᠦᠮᠵᠢᠯᠡᠯ ᠢ ᠨᠢ ᠤᠷᠢᠳ ᠢᠶᠠᠷ ᠲᠠᠶᠢᠯᠤᠨ᠎ᠠ᠃ | ᠭᠡᠷ ᠲᠤ ᠪᠠᠨ ᠲᠤᠰᠠᠭᠠᠷᠯᠠᠭᠰᠠᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠵᠢᠯ | ᠡᠷᠬᠢᠯᠡᠭᠰᠡᠳ ᠨᠢ ᠲᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ | ᠠᠵᠢᠯ ᠤᠨ ᠪᠠᠶᠢᠷᠢ ᠳᠤ ᠪᠠᠨ ᠳᠠᠷᠦ᠋ᠢᠬᠠᠨ ᠪᠤᠴᠠᠵᠤ ᠠᠵᠢᠯ ᠢᠶᠠᠨ ᠰᠡᠷᠭᠦᠭᠡᠬᠦ ᠶᠢ ᠠᠬᠢᠭᠤᠯᠤᠨ᠎ᠠ᠃ | ᠴᠢᠳᠠᠬᠤ ᠶᠢᠨ ᠴᠢᠨᠡᠭᠡ ᠪᠠᠷ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠩᠭᠢᠶᠠᠰᠤ᠂ ᠲᠣᠣᠷ | ᠴᠡᠭ ᠢ ᠪᠢᠲᠡᠭᠦᠮᠵᠢᠯᠡᠨ ᠡᠵᠡᠮᠳᠡᠬᠦ ᠣᠷᠣᠨ ᠤ ᠭᠠᠳᠠᠨ᠎ᠠ ᠲᠣᠬᠢᠷᠠᠭᠤᠯᠵᠤ᠂ ᠲᠣᠣᠷ ᠴᠡᠭ ᠤᠨ ᠡᠮᠬᠢ ᠵᠢᠷᠤᠮ ᠲᠠᠢ | ᠠᠵᠢᠯᠯᠠᠬᠤ ᠶᠢ ᠪᠠᠲᠤᠯᠠᠨ᠎ᠠ | ᠠᠵᠢᠯᠯᠠᠭᠤᠯᠤᠨ ᠡᠷᠭᠢᠯᠳᠦᠭᠦᠯᠬᠦ ᠶᠢ ᠪᠠᠲᠤᠯᠠᠬᠤ ᠶᠢᠨ ᠲᠣᠭᠤᠷᠢᠨ ᠳᠤ᠂ ᠡᠯ᠎ᠡ ᠭᠠᠵᠠᠷ ᠢ ᠵᠢᠯᠤᠭᠤᠳᠴᠤ | ᠪᠠᠶᠢᠭᠠᠳ ᠪᠢᠲᠡᠭᠦᠮᠵᠢᠯᠡᠨ ᠡᠵᠡᠮᠳᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠦᠶᠡᠰ᠂ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠢ ᠪᠢᠲᠡᠭᠦᠮᠵᠢᠯᠡᠨ ᠡᠵᠡᠮᠳᠡᠬᠦ ᠣᠷᠣᠨ ᠤ ᠭᠠᠳᠠᠨ᠎ᠠ ᠲᠣᠬᠢᠷᠠᠭᠤᠯᠵᠤ᠂ | ᠲᠣᠣᠷ ᠴᠡᠭ ᠤᠨ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠨ᠎ᠠ᠃ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠨᠢ ᠪᠢᠲᠡᠭᠦᠮᠵᠢᠯᠡᠨ | ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠪᠠ ᠰᠡᠷᠭᠡᠶᠢᠯᠡᠯᠲᠡ ᠶᠢᠨ ᠣᠷᠣᠨ ᠤ ᠭᠠᠳᠠᠨ᠎ᠠ ᠪᠠᠶᠢᠪᠠᠯ᠂ | ᠳᠤᠷ᠎ᠠ ᠪᠠᠷ ᠢᠶᠠᠨ ᠬᠠᠭᠠᠵᠤ ᠵᠣᠭᠰᠣᠭᠠᠵᠤ ᠪᠣᠯᠬᠤ ᠦᠭᠡᠢ᠃ | ᠰᠡᠷᠭᠡᠶᠢᠯᠡᠯᠲᠡ ᠶᠢᠨ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠬᠡᠪᠴᠢᠶᠡᠨ ᠳᠣᠲᠣᠷᠠᠬᠢ ᠮᠤᠵᠢ ᠶᠢᠨ | ᠬᠤᠭᠤᠷᠣᠨᠳᠣᠬᠢ᠂ ᠬᠤᠲᠠ ᠶᠢᠨ ᠬᠤᠭᠤᠷᠣᠨᠳᠣᠬᠢ ᠬᠠᠩᠭᠠᠯᠭ᠎ᠠ ᠶᠢ ᠬᠠᠷᠢᠭᠤᠴᠠᠭᠰᠠᠨ ᠦᠢᠯᠡᠳᠪᠦᠷᠢᠯᠡᠯ ᠠᠮᠢᠳᠤᠷᠠᠯ ᠤᠨ | ᠡᠳ᠋ ᠪᠠᠷᠠᠭ᠎ᠠ ᠪᠠ ᠰᠢᠤᠳᠠᠨ ᠤ ᠵᠦᠢᠯ ᠤᠨ ᠲᠦᠷᠭᠡᠨ ᠬᠦᠷᠭᠡᠯᠲᠡ ᠶᠢ ᠬᠠᠭᠠᠵᠤ ᠵᠣᠭᠰᠤᠭᠠᠬᠤ ᠴᠢᠬᠤᠯᠠᠲᠠᠢ ᠪᠣᠯ᠂ ᠲᠠᠰ | ᠳᠠᠷᠠᠭᠠᠯᠠᠯ ᠶᠣᠰᠣᠭᠠᠷ ᠲᠣᠰ ᠲᠣᠰ ᠮᠤᠵᠢᠶᠢᠨ ᠱᠠᠲᠤ᠂ ᠬᠤᠲᠠ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠳᠤ ᠳᠡᠪᠰᠢᠭᠦᠯᠵᠦ ᠵᠥᠪᠰᠢᠶᠡᠷᠡᠭᠦᠯᠬᠦ ᠬᠡᠷᠡᠭᠲᠡᠢ᠃ | ᠱᠠᠭᠠᠷᠳᠠᠯᠭ᠎ᠠ ᠳᠤ ᠨᠡᠶᠢᠴᠡᠭᠰᠡᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡᠨ ᠤ | ᠨᠡᠪᠲᠡᠷᠡᠬᠦ ᠶᠢ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ | ᠤᠷᠢᠳ ᠢᠶᠠᠷ ᠨᠡᠪᠲᠡᠷᠡᠭᠦᠯᠬᠦ ᠶᠢᠨ ᠲᠣᠭᠤᠷᠢᠨ ᠳᠤ᠂ ᠡᠯ᠎ᠡ ᠭᠠᠵᠠᠷ ᠢ ᠵᠢᠯᠣᠭᠤᠳᠤᠨ ᠬᠠᠷᠢᠶ᠎ᠠ ᠣᠷᠣᠨ ᠤ | ᠳᠣᠲᠣᠷᠠᠬᠢ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠴᠠᠭ ᠲᠤᠬᠠᠢ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠱᠠᠭᠠᠷᠳᠠᠯᠭ᠎ᠠ ᠳᠤ ᠨᠡᠶᠢᠴᠡᠭᠰᠡᠨ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡᠨ ᠤ ᠨᠡᠪᠲᠡᠷᠡᠬᠦ ᠶᠢ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ | ᠡᠯ᠎ᠡ ᠭᠠᠵᠠᠷ ᠤᠨ ᠬᠢᠨ ᠤ ᠬᠤᠲᠠ ᠶᠢᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠬᠠᠷᠢᠭᠤᠴᠠᠬᠤ | ᠠᠷᠠᠯᠵᠢᠶᠠᠨ ᠤ ᠭᠦᠢᠯᠭᠡᠭᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠯᠲᠡ ᠪᠠ ᠰᠢᠤᠳᠠᠨ ᠤ ᠲᠦᠷᠭᠡᠨ | ᠬᠦᠷᠭᠡᠯᠲᠡ ᠶᠢᠨ ᠠᠵᠤ ᠠᠬᠤᠶᠢᠯᠠᠯ ᠤᠨ ᠨᠡᠷᠡᠰ ᠤᠨ ᠬᠠᠭᠤᠳᠠᠰᠤ ᠶᠢ ᠲᠦᠷᠭᠡᠳᠬᠡᠨ ᠪᠠᠶᠢᠭᠤᠯᠬᠤ ᠶᠢ ᠠᠬᠢᠭᠤᠯᠵᠤ᠂ | ᠨᠡᠷᠡᠰ ᠤᠨ ᠬᠠᠭᠤᠳᠠᠰᠤᠨ ᠳᠤ ᠣᠷᠣᠭᠤᠯᠤᠭᠰᠠᠨ ᠠᠵᠤ ᠠᠬᠤᠶᠢᠯᠠᠯ ᠳᠤ ᠬᠤᠲᠠ ᠶᠢᠨ ᠳᠣᠲᠣᠷ᠎ᠠ ᠨᠡᠪᠲᠡᠷᠡᠬᠦ ᠲᠡᠷᠭᠡᠨ ᠤ | ᠦᠨᠡᠮᠯᠡᠯ ᠢ ᠤᠷᠢᠳ ᠢᠶᠠᠷ ᠭᠦᠢᠴᠡᠳᠬᠡᠵᠦ᠂ ᠲᠡᠷᠭᠡᠨ ᠤ ᠤᠷᠢᠳ ᠢᠶᠠᠷ ᠳᠥᠭᠦᠮ ᠳᠥᠲᠡ ᠨᠡᠪᠲᠡᠷᠡᠬᠦ ᠶᠢ ᠪᠠᠲᠤᠯᠠᠬᠤ | ᠬᠡᠷᠡᠭᠲᠡᠢ᠃ | ᠬᠥᠳᠡᠭᠡ ᠲᠣᠰᠬᠤᠨ ᠤ ᠵᠠᠰᠠᠮᠠᠯ ᠵᠠᠮ ᠤᠨ ︽ᠪᠢᠴᠢᠯ ᠣᠷᠴᠢᠯ︾ ᠤᠨ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠲᠤᠬᠠᠢ | ᠡᠩ ᠤᠨ ᠵᠠᠰᠠᠮᠠᠯ ᠵᠠᠮ ᠢᠯᠠᠩᠭᠤᠶ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ︽ᠪᠢᠴᠢᠯ ᠣᠷᠴᠢᠯ︾ ᠤᠨ | ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ | ᠡᠩ ᠤᠨ ᠵᠠᠰᠠᠮᠠᠯ ᠵᠠᠮ ᠤᠨ ᠲᠠᠰᠤᠯᠤᠭᠳᠠᠭᠰᠠᠨ ᠪᠠ ︽ᠡᠴᠦᠰ ᠤᠨ ᠨᠢᠭᠡ ᠺᠢᠯᠤᠮᠧᠲᠷ︾ ᠤᠨ ᠲᠡᠭᠡᠭᠡᠪᠦᠷᠢ | ᠬᠠᠷᠰᠢᠯᠠᠭᠳᠠᠭᠰᠠᠨ ᠵᠡᠷᠭᠡ ᠪᠣᠳᠠᠲᠠᠢ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠵᠠᠮ ᠤᠨ ᠲᠣᠣᠷ ᠤᠨ ᠲᠠᠰᠤᠯᠤᠭᠳᠠᠨ | ᠲᠦᠭᠵᠢᠷᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ ᠡᠳᠦᠷ | ᠲᠤᠲᠤᠮ ᠤᠨ ᠲᠣᠬᠢᠷᠠᠭᠤᠯᠤᠯᠲᠠ ᠪᠠ ᠠᠵᠢᠯ ᠤᠨ ᠬᠢᠨᠠᠯᠲᠠ ᠵᠢᠯᠣᠭᠤᠳᠤᠯᠭ᠎ᠠ ᠶᠢ ᠴᠢᠩᠭᠠᠳᠬᠠᠵᠤ᠂ ᠡᠯ᠎ᠡ | ᠭᠠᠵᠠᠷ ᠤᠨ ᠬᠢᠨ ᠤ ᠠᠵᠢᠯ ᠤᠨ ᠲᠤᠰᠬᠠᠢ ᠠᠩᠭᠢ ᠪᠠᠶᠢᠭᠤᠯᠬᠤ ᠶᠢ ᠵᠢᠯᠣᠭᠤᠳᠤᠨ᠂ 24 ᠴᠠᠭ ᠢᠶᠠᠷ ᠵᠢᠵᠢᠭᠦᠷᠯᠡᠨ | ᠰᠠᠬᠢᠵᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠢᠯᠡᠴᠢᠯᠡᠨ ᠮᠡᠳᠡᠭᠦᠯᠵᠦ ᠵᠠᠭᠠᠯᠳᠤᠬᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠪᠠᠶᠢᠳᠠᠯ ᠲᠠᠢ ᠤᠶᠠᠯᠳᠤᠭᠤᠯᠤᠨ᠂ ᠴᠠᠭ | ᠲᠤᠬᠠᠢ ᠳᠤ ᠨᠢ ᠴᠤᠤᠷᠢᠶᠠᠲᠤᠨ ᠳᠠᠭᠠᠵᠤ᠂ ᠪᠠᠷᠢᠨ ᠬᠠᠷᠭᠤᠭᠤᠯᠵᠤ ᠪᠠᠷᠢᠨ ᠰᠠᠶᠢᠵᠢᠷᠠᠭᠤᠯᠤᠨ᠎ᠠ᠃ | ᠲᠠᠷᠢᠶᠠᠴᠢᠳ ᠤᠨ ᠨᠤᠲᠤᠭ ᠲᠤ ᠪᠠᠨ ᠪᠤᠴᠠᠬᠤ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠪᠠᠶᠢᠴᠠᠭᠠᠵᠤ᠂ | ︽ᠴᠡᠭ ᠠᠴᠠ ᠴᠡᠭ ᠲᠤ ᠬᠦᠷᠬᠦ︾ ᠲᠡᠷᠭᠡ ᠳᠠᠭᠠᠭᠠᠴᠢᠯᠠᠬᠤ᠂ ᠪᠢᠲᠡᠭᠦᠮᠵᠢᠲᠦ ᠴᠠᠭᠠᠷᠢᠭ ᠢᠶᠠᠷ ᠠᠵᠢᠯᠯᠠᠬᠤ ᠵᠡᠷᠭᠡ | ᠠᠷᠭ᠎ᠠ ᠪᠠᠷ ᠳᠠᠮᠵᠢᠭᠤᠯᠤᠨ᠂ ᠲᠠᠷᠢᠶᠠᠴᠢᠳ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ᠃ | ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ | ᠰᠠᠭᠠᠳ ᠦᠭᠡᠢ ᠨᠡᠪᠲᠡᠷᠡᠭᠦᠯᠬᠦ ᠪᠠ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠶᠢ ᠢᠮᠠᠭᠲᠠ ᠪᠠᠲᠤᠯᠠᠬᠤ | ᠬᠡᠷᠡᠭᠲᠡᠢ᠃ ᠡᠭᠦᠨᠤ ᠬᠠᠮᠲᠤ ᠲᠠᠷᠢᠶᠠᠯᠠᠩ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠢ ᠭᠤᠣᠯᠳᠠᠯᠭ᠎ᠠ ᠲᠠᠢ ᠡᠳ᠋ | ᠪᠠᠷᠠᠭᠠᠨ ᠤ ᠲᠡᠭᠡᠭᠡᠪᠦᠷᠢ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠨᠡᠪᠲᠡᠷᠡᠬᠦ ᠦᠨᠡᠮᠯᠡᠯ ᠢ ᠤᠷᠢᠳ ᠢᠶᠠᠷ | ᠣᠯᠭᠤᠵᠤ᠂ ᠤᠷᠢᠳ ᠢᠶᠠᠷ ᠪᠠᠶᠢᠴᠠᠭᠠᠨ ᠨᠡᠪᠲᠡᠷᠡᠭᠦᠯᠵᠦ᠂ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠢ ᠴᠠᠭ | ᠲᠤᠬᠠᠢ ᠳᠤ ᠨᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠨ᠎ᠠ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠠᠭᠤᠯᠭ᠎ᠠ ᠪᠠ ᠲᠤᠬᠠᠶᠢᠯᠠᠭᠰᠠᠨ ᠠᠵᠢᠯ ᠤᠨ | ᠭᠦᠢᠴᠡᠳᠬᠡᠬᠦ ᠠᠷᠭ᠎ᠠ ᠮᠠᠶ᠋ᠢᠭ ᠢ ᠤᠯᠠᠨ ᠠᠷᠭ᠎ᠠ ᠵᠠᠮ ᠢᠶᠠᠷ ᠨᠡᠶᠢᠲᠡᠯᠡᠵᠦ᠂ ᠵᠠᠮ ᠲᠡᠭᠡᠭᠡᠪᠦᠷᠢ ᠶᠢᠨ ᠲᠤᠬᠠᠶᠢᠯᠠᠭᠰᠠᠨ | ᠠᠵᠢᠯ ᠤᠨ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠬᠦ ᠬᠡᠷᠡᠭᠲᠡᠢ᠃ ᠬᠠᠯᠠᠮᠰᠢᠯ ᠤᠲᠠᠰᠤ ᠲᠣᠬᠢᠷᠠᠭᠤᠯᠬᠤ ᠵᠡᠷᠭᠡ | ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠵᠤ ᠠᠬᠤᠶᠢᠯᠠᠯ᠂ ᠤᠯᠠᠨ ᠲᠦᠮᠡᠨ ᠳᠤ ᠲᠤᠯᠭᠠᠷᠠᠭᠰᠠᠨ | ᠬᠦᠴᠢᠷᠳᠡᠯ ᠪᠠ ᠲᠤᠰᠬᠠᠭᠰᠠᠨ ᠲᠣᠪᠤᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠡᠵᠡᠮᠰᠢᠵᠦ᠂ ᠲᠦᠷᠦ ᠶᠢᠨ | ᠪᠣᠳᠣᠯᠭ᠎ᠠ ᠶᠢᠨ ᠦᠢᠯᠡᠴᠢᠯᠡᠭᠡ ᠪᠠ ᠮᠡᠷᠭᠡᠵᠢᠯ ᠤᠨ ᠳᠡᠮᠵᠢᠯᠭᠡ ᠶᠢ ᠰᠠᠶᠢᠲᠤᠷ ᠬᠢᠵᠦ᠂ ᠬᠠᠮᠤᠭ ᠤᠨ ᠲᠦᠷᠭᠡᠨ ᠢᠶᠠᠷ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | |