ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ 5 ᠰᠠᠷ᠎ᠠ ᠶᠢᠨ 16 ᠤ | ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠤᠨ ︽ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ | ᠠᠰᠠᠭᠤᠳᠠᠯ ᠢ ᠵᠥᠪ ᠲᠠᠨᠢᠵᠤ ᠡᠵᠡᠮᠳᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ | ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠴᠢᠬᠤᠯᠠ ᠶᠡᠭᠡ | ᠠᠰᠠᠭᠤᠳᠠᠯ ᠳᠤ ᠲᠤᠯᠭᠠᠷᠠᠵᠤ ᠪᠠᠶᠢᠬᠤ ᠶᠢ ᠵᠥᠪ ᠲᠠᠨᠢᠵᠥ ᠡᠵᠡᠮᠳᠡᠬᠦ ᠶᠢ ᠱᠠᠭᠠᠷᠳᠠᠵᠤ ᠪᠠᠶᠢᠨ᠎ᠠ ᠭᠡᠵᠤ ᠴᠢᠬᠤᠯᠠᠴᠢᠯᠠᠪᠠ᠃ | | ᠵᠣᠬᠢᠶᠠᠯ ᠳᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠣᠯᠤᠨ | ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ ᠡᠵᠡᠮᠳᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠃ ᠬᠠᠮᠲᠤ ᠪᠠᠷ ᠪᠠᠶᠠᠵᠢᠬᠤ | ᠬᠠᠷᠠᠯᠲᠠ ᠶᠢ ᠪᠡᠶᠡᠯᠡᠭᠦᠯᠬᠦ ᠳᠤ ᠶᠠᠭᠤᠨ ᠤ ᠡᠮᠦᠨ᠎ᠡ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ | ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠲᠣᠮᠣ ᠪᠥᠭᠡᠳ ᠰᠠᠶᠢᠨ ᠬᠢᠵᠦ᠂ ᠳᠠᠷᠠᠭ᠎ᠠ ᠨᠢ ᠵᠦᠢ ᠵᠣᠬᠢᠰᠲᠠᠶ | ᠳᠦᠷᠢᠮ ᠤᠨ ᠲᠣᠬᠢᠷᠠᠭᠤᠯᠤᠯᠲᠠ ᠪᠠᠷ ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠰᠠᠶᠢᠲᠤᠷ ᠬᠤᠪᠢᠶᠠᠬᠤ | ᠬᠡᠷᠡᠭᠲᠡᠶ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠂ ᠪᠢᠳᠡ ᠨᠥᠬᠦᠴᠡᠯ ᠪᠦᠷᠢᠯᠳᠦᠭᠦᠯᠵᠦ | ᠪᠠᠶᠢᠭᠠᠳ ᠲᠦᠷᠢᠮ ᠢ ᠲᠡᠭᠦᠯᠳᠡᠷᠵᠢᠭᠦᠯᠵᠦ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠶ ᠶᠢᠨ ᠨᠡᠮᠡᠭᠳᠡᠯ ᠤᠨ ᠠᠵᠢᠯ ᠣᠯᠭᠤᠯᠲᠠ ᠶᠢ ᠳᠠᠶᠢᠴᠢᠯᠠᠬᠤ | ᠬᠦᠴᠦᠨ ᠢ ᠳᠡᠭᠡᠭᠰᠢᠯᠡᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠣᠳᠠᠲᠤ | ᠴᠣᠭᠴᠠ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠬᠡᠷᠡᠭᠲᠡᠶ᠃ ᠬᠤᠪᠢᠶᠠᠷᠢᠯᠠᠯᠲᠠ ᠶᠢᠨ ᠴᠢᠳᠠᠪᠬᠢ ᠪᠠ ᠦᠢᠯᠡᠳᠦᠯ ᠢ ᠪᠠᠳᠠᠷᠠᠭᠤᠯᠵᠤ᠂ ᠦᠷ᠎ᠡ ᠪᠦᠲᠦᠮᠵᠢ | ᠪᠠ ᠲᠥᠪ ᠭᠤᠣᠯᠴᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠩᠬᠠᠨ ᠤ ᠬᠤᠪᠢᠶᠠᠷᠢᠯᠠᠯᠲᠠ᠂ ᠲᠠᠬᠢᠨ | ᠬᠤᠪᠢᠶᠠᠷᠢᠯᠠᠯᠲᠠ᠂ ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠤᠬᠦᠯᠬᠦ ᠰᠠᠭᠤᠷᠢ | ᠴᠢᠨᠠᠷᠲᠠᠢ ᠲᠦᠷᠢᠮ ᠤᠨ ᠲᠤᠬᠢᠷᠠᠭᠤᠯᠤᠯᠳᠠ ᠶᠢ ᠪᠠᠶᠢᠭᠤᠯᠬᠤ ᠭᠡᠷᠡᠭᠳᠠᠢ᠃ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠷᠥ ᠶᠢᠨ ᠪᠣᠳᠣᠯᠭ᠎ᠠ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠯ ᠢᠶᠠᠷ ᠢᠶᠠᠨ ᠴᠢᠷᠮᠠᠶᠢᠵ᠊᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ | ᠰᠠᠭᠤᠴᠠ ᠵᠡᠷᠭᠡ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠨᠠᠷᠢᠯᠢᠭ ᠣᠨᠣᠴᠠᠲᠠᠶ ᠬᠠᠩᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠬᠦᠷᠦᠩᠭᠡ ᠶᠢᠨ ᠣᠨᠴᠠᠯᠢᠭ ᠪᠠ ᠦᠢᠯᠡ ᠠᠵᠢᠯᠯᠠᠭᠠᠨ ᠤ ᠵᠢᠮ᠎ᠡ ᠶᠣᠰᠣ ᠶᠢ ᠵᠥᠪ ᠲᠠᠨᠢᠵᠤ | ᠡᠵᠡᠮᠳᠡᠬᠦ ᠬᠡᠷᠡᠭᠲᠡᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠪᠣᠯ ᠮᠠᠨ ᠤ | ᠨᠠᠮ ᠤᠨ ᠨᠢᠭᠡᠨ ᠠᠭᠤᠤ ᠶᠡᠭᠡ ᠡᠭᠦᠳᠦᠯᠲᠡ ᠮᠥᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠨᠥᠬᠦᠴᠡᠯ ᠳᠣᠣᠷ᠎ᠠ ᠬᠦᠷᠦᠩᠭᠡ ᠶᠢᠨ ᠢᠳᠡᠪᠬᠢ ᠦᠢᠯᠡᠳᠦᠯ ᠢ ᠬᠡᠷᠬᠢᠨ ᠪᠠᠳᠠᠷᠠᠭᠤᠯᠬᠤ ᠶᠢ ᠰᠦᠪᠡᠭᠴᠢᠯᠡᠬᠦ ᠶᠢᠨ ᠬᠠᠮᠲᠤ | ᠬᠦᠷᠦᠩᠭᠡ ᠶᠢᠨ ᠨᠠᠵᠠᠭᠠᠢ ᠦᠢᠯᠡᠳᠦᠯ ᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ | ᠨᠣᠭᠤᠭᠠᠨ ᠳ᠋ᠧᠩ︾ ᠲᠤᠬᠢᠷᠠᠭᠤᠯᠤᠨ ᠥᠭᠴᠦ᠂ ᠵᠠᠷᠢᠮ ᠬᠦᠷᠦᠩᠭᠡ ᠶᠢᠨ ᠵᠡᠷᠯᠢᠭ ᠪᠠᠯᠠᠮᠠᠳ ᠢᠶᠠᠷ ᠪᠤᠶᠢᠵᠢᠬᠤ ᠶᠢ | ᠰᠡᠷᠭᠡᠶᠢᠯᠡᠨ ᠬᠤᠷᠢᠭᠯᠠᠵᠤ᠂ ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠵᠤ᠂ ᠬᠦᠷᠦᠩᠭᠡ ᠶᠢᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ | ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ | ᠬᠥᠲᠥᠯᠥᠨ ᠵᠢᠯᠣᠭᠤᠳᠴᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠦᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠩᠬᠠᠨ ᠤ ᠪᠦᠲᠦᠭᠡᠭᠳᠡᠭᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠳᠡᠬᠦ | ᠬᠡᠷᠡᠭᠲᠡᠢ᠃ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠪᠠᠲᠤᠯᠠᠬᠤ ᠪᠣᠯ ᠨᠢᠭᠡᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ | ᠲᠥᠯᠥᠪᠵᠢᠭᠦᠯᠭᠡ ᠪᠠᠨ ᠴᠢᠩᠭᠠᠳᠬᠠᠵᠤ᠂ ᠡᠷᠲᠡᠬᠡᠨ ᠲᠤᠬᠢᠷᠠᠭᠤᠯᠤᠯᠳᠠ ᠬᠢᠵᠦ᠂ ᠬᠠᠩᠭᠠᠯᠭ᠎ᠠ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ | ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠬᠦᠷᠢᠶᠡᠨ ᠤ ᠠᠷᠪᠢᠯᠠᠨ ᠭᠠᠮᠨᠠᠬᠤ | ᠠᠵᠢᠯᠯᠠᠭ᠎ᠠᠶᠢ ᠠᠬᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠭᠠᠳᠠᠭᠠᠳᠤ ᠳᠠᠬᠢ ᠡᠬᠢ ᠪᠠᠶᠠᠯᠢᠭ ᠤᠨ ᠪᠠᠲᠤᠯᠠᠭ᠎ᠠ ᠶᠢᠨ | ᠴᠢᠳᠠᠪᠤᠷᠢ ᠶᠢ ᠰᠢᠯᠢᠳᠡᠭᠵᠢᠭᠦᠯᠦᠨ᠎ᠡ᠃ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ | ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠮᠠᠨ ᠤ ᠪᠤᠳᠠᠭᠠᠨ ᠠᠶᠠᠭᠠᠨ ᠳᠤ ᠭᠤᠣᠯᠳᠠᠭᠤ ᠳᠤᠮᠳᠠᠳᠤ ᠤᠯᠤᠰ ᠤᠨ | ᠠᠮᠤ ᠪᠤᠳᠠᠭ᠎ᠠ ᠶᠢ ᠬᠢᠬᠦ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠦᠨᠡᠰᠦᠨ ᠠᠮᠤ ᠶᠢᠨ ᠬᠠᠷᠢᠴᠠᠯᠠᠰᠢᠬᠦᠢ ᠠᠮᠤᠷ | ᠲᠦᠪᠰᠢᠨ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠰᠦᠪᠡᠨ ᠬᠠᠩᠭᠠᠬᠤ ᠶᠢ ᠦᠨᠡᠨ ᠬᠦ ᠪᠠᠲᠤᠯᠠᠵᠤ᠂ ᠲᠣᠰᠣᠯᠢᠭ | ᠲᠠᠷᠢᠮᠠᠯ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠪᠠ ᠥᠪᠡᠷ ᠢ ᠪᠠᠨ ᠬᠠᠩᠭᠠᠬᠤ ᠨᠤᠷᠮ᠎ᠠ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠳᠡᠬᠦ | ᠬᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠣᠯᠤᠨ ᠮᠠᠨ ᠤ | ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠬᠦᠨᠳᠦ ᠶᠡᠭᠡ ᠠᠶᠤᠯ | ᠲᠦᠭᠰᠢᠭᠦᠷᠢ ᠪᠤᠶᠤ ᠬᠢᠮᠤᠷᠠᠯ ᠭᠠᠷᠬᠤ ᠠᠴᠠ ᠬᠦᠴᠦᠯᠡᠨ ᠵᠠᠶᠢᠯᠠᠰᠭᠢᠬᠦ ᠬᠡᠷᠡᠭᠲᠡᠢ᠃ ᠦᠷᠭᠦᠯᠵᠢᠯᠡᠨ ᠶᠡᠭᠡ ᠲᠠᠯ᠎ᠠ ᠶᠢ | ᠲᠣᠭᠲᠠᠪᠦᠷᠢᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠤᠨᠤᠴᠠᠳᠠᠢ ᠪᠠᠷ ᠵᠠᠳᠠᠯᠬᠤ ᠦᠨᠳᠦᠰᠦᠨ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠴᠡᠳ ᠡᠬᠢ | ᠪᠠᠶᠠᠯᠢᠭ ᠲᠠᠢ ᠪᠠᠶᠢᠵᠤ᠂ ᠡᠯ᠎ᠡ ᠲᠠᠯ᠎ᠠ ᠶᠢᠨ ᠬᠢᠨ ᠥᠷᠭᠡᠨ ᠢᠶᠠᠷ ᠬᠠᠮᠵᠢᠯᠴᠠᠵᠤ᠂ ᠵᠠᠬ᠎ᠠ ᠳᠡᠯᠭᠡᠭᠦᠷ ᠠᠯᠤᠰᠯᠠᠭᠰᠠᠨ ᠠᠵᠢᠯ | ᠲᠦᠷᠦᠯ ᠠᠯᠤᠰᠯᠠᠭᠰᠠᠨ ᠨᠢᠭᠡᠳᠦᠯᠲᠡᠢ ᠲᠥᠯᠥᠪᠵᠢᠭᠦᠯᠦᠨ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠬᠥᠭᠵᠢᠯᠲᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ | ᠬᠡᠯᠪᠡᠷᠢ ᠪᠠᠨ ᠬᠤᠪᠢᠷᠠᠭᠤᠯᠬᠤ ᠪᠤᠳᠤᠯᠢᠶᠠᠨᠲᠠᠢ ᠢᠨᠵᠧᠨᠧᠷᠢᠩ ᠪᠠ ᠤᠷᠳᠤ ᠬᠤᠭᠤᠴᠠᠭᠠᠨ ᠤ ᠡᠭᠦᠷᠭᠡ ᠮᠥᠨ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠂ ᠭᠡᠪᠡᠴᠦ ᠨᠢᠭᠡ ᠯᠡ | ᠳᠡᠭᠡᠷ᠎ᠡ ᠪᠦᠲᠦᠭᠡᠵᠦ ᠳᠡᠶᠢᠯᠬᠦ ᠦᠭᠡᠢ ᠶᠤᠮ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ | ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ | ᠭᠠᠮᠨᠠᠬᠤ ᠶᠢ ᠲᠡᠷᠢᠭᠦᠨ ᠳᠤ ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ | ᠰᠢᠯᠤᠭᠤᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠡᠭᠦᠷᠡᠰᠦ ᠪᠠᠷ ᠭᠤᠣᠯ | ᠪᠣᠯᠭᠠᠭᠰᠠᠨ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ | ᠠᠰᠢᠭᠯᠠᠬᠤ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠣᠬᠢᠷᠲᠤᠯ | ᠦᠭᠡᠢ ᠪᠠᠭ᠎ᠠ ᠨᠡᠭᠦᠷᠡᠰᠦᠲᠥ᠋ᠷᠥᠭᠴᠢᠳᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠵᠤ᠂ | ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠨ᠎ᠡ᠃ ᠰᠢᠨᠵᠢᠯᠡᠬᠦ ᠤᠬᠠᠭᠠᠨᠴᠢ ᠪᠠᠷ ᠬᠢᠨᠠᠨ | ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠳᠦᠷᠢᠮ ᠢ ᠲᠡᠭᠦᠯᠳᠡᠷᠵᠢᠭᠦᠯᠦᠨ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠤᠷᠮᠠᠰᠢᠭᠤᠯᠤᠨ | ᠬᠢᠵᠠᠭᠠᠷᠯᠠᠬᠤ ᠲᠣᠭᠲᠠᠴᠠ ᠶᠢ ᠲᠦᠷᠭᠡᠳᠭᠡᠨ ᠪᠤᠶ ᠪᠣᠯᠭᠠᠨ᠎ᠠ᠃ ︽ᠬᠤᠶᠠᠷ ᠢ ᠬᠢᠵᠠᠭᠠᠷᠯᠠᠬᠤ︾᠂ ︽ᠬᠤᠤᠰ | ᠨᠡᠭᠦᠷᠡᠰᠦᠲᠥ᠋ᠷᠥᠭᠴᠢ︾ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠳᠥᠭᠦᠮᠬᠡᠨ ᠱᠠᠳᠤ ᠱᠠᠳᠤ ᠪᠠᠷ | ᠵᠠᠳᠠᠯᠬᠤ ᠶᠢ ᠰᠡᠷᠭᠡᠶᠢᠯᠡᠨ ᠬᠤᠷᠢᠠᠠᠯᠠᠨ᠎ᠠ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ | ᠬᠦᠴᠦᠷᠬᠡᠭ ᠤᠯᠤᠰ ᠢ ᠲᠦᠷᠭᠡᠳᠭᠡᠨ ᠪᠦᠲᠦᠭᠡᠨ ᠪᠠᠶᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃ |