ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 18 ᠤ ᠴᠠᠬᠢᠯᠭᠠᠨ ᠮᠡᠳᠡᠭᠡ 5 ᠰᠠᠷ᠎ᠠ ᠶᠢᠨ 18 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠵᠥᠪᠯᠡᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠪᠦᠬᠦ | ᠪᠥᠮᠪᠥᠷᠴᠡᠭ ᠤᠨ ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠲᠦᠷᠦᠭᠦᠴᠦᠳ ᠤᠨ ᠬᠤᠷᠠᠯ ᠳᠡᠭᠡᠷ᠎ᠡ | ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ 1952 | ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠲᠤ ᠰᠠᠭᠤᠷᠢᠯᠠᠨ᠂ ᠳᠡᠯᠡᠬᠡᠢ ᠳ᠋ᠠᠬᠢᠨ ᠳᠤ ᠬᠠᠨᠳᠤᠵᠤ᠂ | ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠰᠤ ᠶᠢ ᠴᠢᠩᠭᠠᠷᠠᠭᠤᠯᠬᠤ᠂ ᠤᠯᠠᠨ | ᠤᠯᠤᠰ ᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠬᠤ᠂ ᠤᠯᠤᠰ ᠤᠨ ᠬᠠᠷᠢᠯᠴᠠᠭᠠᠨ ᠤ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠤᠨ ᠤᠯᠠᠨ ᠤᠯᠤᠰ ᠤᠨ | ᠠᠷᠠᠯᠵᠢᠶ᠎ᠠ ᠶᠢ ᠠᠬᠢᠭᠤᠯᠬᠤ ᠵᠦᠪᠯᠡᠯ ᠤᠨ 70 ᠵᠢᠯ ᠤᠨ ᠶᠠᠪᠤᠴᠠ ᠪᠣᠯ ᠳᠤᠮᠳᠠᠳᠤ ᠤᠯᠤᠰ ᠤᠨ ᠭᠠᠳᠠᠭᠠᠳᠤ | ᠨᠡᠭᠡᠭᠡᠯᠲᠡ ᠪᠠᠨ ᠲᠠᠰᠤᠷᠠᠯᠲᠠ ᠥᠬᠡᠶ ᠥᠷᠭᠡᠳᠭᠡᠭᠰᠡᠨ ᠤ ᠴᠢᠬᠤᠯᠠ ᠢᠯᠡᠷᠡᠯ ᠮᠥᠨ᠂ ᠪᠠᠰᠠ ᠴᠤ ᠡᠯ᠎ᠡ ᠤᠯᠤᠰ ᠤᠨ | ᠠᠵᠤ ᠠᠬᠤᠶᠢᠯᠠᠯ ᠤᠨ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠬᠠᠷᠢᠯᠴᠠᠨ ᠠᠰᠢᠭᠲᠠᠶ ᠬᠠᠮᠲᠤ ᠪᠠᠷ | ᠠᠰᠢᠭ ᠭᠥᠷᠳᠡᠬᠦ ᠶᠢ ᠪᠡᠶᠡᠯᠡᠭᠦᠯᠦᠭᠰᠡᠨ ᠴᠢᠬᠤᠯᠠ ᠭᠡᠷᠡᠴᠢᠯᠡᠯ ᠮᠥᠨ ᠬᠡᠵᠥ ᠵᠢᠭᠠᠵᠥ ᠭᠠᠷᠭᠠᠪᠠ᠃ | | | | ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ | ᠪᠠᠶᠢᠳᠠᠯ ᠰᠣᠯᠪᠢᠴᠠᠵᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠳᠡᠯᠡᠬᠡᠢ ᠳ᠋ᠠᠬᠢᠨ | ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠯ᠎ᠡ ᠤᠯᠤᠰ ᠤᠨ ᠦᠢᠯᠡᠳᠪᠦᠷᠢ | ᠬᠤᠳᠠᠯᠳᠤᠭᠠᠨ ᠤ ᠡᠲᠡᠭᠡᠳ ᠤᠨ ᠬᠢᠨ ᠤ ᠡᠩᠬᠡ ᠲᠠᠶᠢᠪᠤᠩ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠨᠢ ᠨᠡᠩ | ᠲᠤᠯᠭᠠᠮ ᠪᠤᠯᠵᠤ᠂ ᠲᠥᠪ ᠭᠤᠣᠯᠴᠢ ᠰᠢᠳᠤᠷᠭᠤ ᠶᠣᠰᠣᠨ ᠤ ᠲᠤᠬᠠᠢ ᠬᠦᠰᠡᠯ ᠱᠠᠭᠠᠷᠳᠠᠯᠭ᠎ᠠ ᠨᠢ ᠨᠡᠩ ᠴᠢᠩᠭ᠎ᠠ ᠪᠤᠯᠵᠤ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠤᠬᠠᠢ ᠬᠥᠭᠡᠭᠡᠴᠡᠯᠳᠦᠯ ᠨᠢ ᠨᠡᠩ ᠲᠤᠯᠭᠠᠮ ᠪᠣᠯᠪᠠ ᠬᠡᠵᠥ | ᠴᠢᠬᠤᠯᠠᠴᠢᠯᠠᠪᠠ᠃ ᠰᠢ ᠶᠢᠨ ᠫᠢᠩ 4 ᠲᠠᠯ᠎ᠠ ᠶᠢᠨ ᠰᠠᠨᠠᠭᠤᠯᠭ᠎ᠠ ᠳᠤᠷᠠᠳᠴᠠᠢ᠄ | ᠨᠢᠭᠡᠳᠦᠭᠡᠷ ᠲᠤ᠂ ᠬᠦᠴᠦᠨ ᠢᠶᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠢᠯᠠᠨ ᠲᠠᠪᠠᠭ᠋ᠤ ᠬᠡᠷᠡᠭᠳᠡᠢ᠃ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠲᠠᠬᠢᠨ ᠳᠠᠪᠲᠠᠨ ᠰᠠᠭᠠᠳᠠᠭᠠᠵᠤ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠨᠳᠦ ᠨᠣᠴᠢᠲᠠᠢ | ᠰᠦᠷᠳᠡᠭᠦᠯᠦᠯ ᠤᠴᠠᠷᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠬᠦᠨᠳᠦ ᠨᠣᠴᠢᠲᠠᠢ ᠨᠥᠯᠥᠭᠡ | ᠦᠵᠡᠭᠦᠯᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠸᠠᠺᠼᠢᠨ ᠢ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠤᠪᠢᠶᠠᠷᠢᠯᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ | ᠬᠢᠵᠢᠭ ᠲᠠᠢ ᠲᠡᠮᠡᠴᠡᠬᠦ ᠤᠯᠠᠨ ᠳᠠᠪᠬᠤᠷ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠬᠥᠮᠦᠨ | ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠬᠡᠷᠡᠭᠳᠡᠢ᠃ | ᠬᠤᠶᠠᠳᠤᠭᠠᠷ ᠲᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠰᠡᠷᠭᠦᠭᠡᠬᠦ ᠬᠡᠷᠡᠭᠳᠡᠢ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠤᠯᠤᠰ ᠤᠨ | ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠬᠡᠷᠡᠭᠳᠡᠢ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ | ᠪᠦᠬᠦ ᠲᠠᠯ᠎ᠠ ᠪᠠᠷ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠬᠥᠳᠡᠯᠭᠡᠬᠦ ᠬᠦᠴᠦᠨ ᠤ ᠰᠣᠯᠢᠭᠳᠠᠯ᠂ ᠠᠷᠭ᠎ᠠ | ᠬᠡᠯᠪᠡᠷᠢ ᠶᠢᠨ ᠬᠤᠪᠢᠷᠠᠯᠲᠠ᠂ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢ | ᠤᠷᠳᠤ ᠬᠤᠭᠤᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠣᠷᠣᠭᠤᠯᠬᠤ ᠭᠡᠷᠡᠭᠳᠠᠢ᠃ ᠳᠡᠯᠡᠬᠡᠢ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ | ᠳᠡᠮᠵᠢᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ | ᠲᠣᠭᠲᠠᠭᠤᠨ ᠢ ᠬᠠᠮᠠᠭᠠᠯᠠᠵᠤ᠂ ᠬᠠᠮᠲᠤᠷᠠᠯᠴᠠᠭᠠᠨ ᠤ ᠪᠣᠭᠤᠷᠰᠤᠭ ᠢᠶᠠᠨ ᠪᠤᠵᠠᠭᠠᠶᠢᠷᠠᠭᠤᠯᠵᠤ᠂ ᠬᠥᠭᠵᠢᠯᠲᠡ ᠶᠢᠨ ᠦᠷ᠎ᠡ | ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠬᠦᠷᠳᠡᠭᠡᠬᠦ ᠬᠡᠷᠡᠭᠳᠡᠢ᠃ | ᠭᠤᠷᠪᠠᠳᠤᠭᠠᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠬᠤ ᠬᠡᠷᠡᠭᠳᠡᠢ᠃ | ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ ᠠᠭᠤᠳᠠᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ | ᠬᠠᠮᠠᠭᠠᠯᠠᠯᠲᠠ ᠶᠢ ᠬᠠᠮᠲᠤ ᠪᠠᠷ ᠴᠢᠩᠭᠠᠳᠬᠠᠵᠤ᠂ ᠭᠦᠢᠴᠡᠳ ᠤᠷᠤᠯᠴᠠᠯᠭ᠎ᠠ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠭᠰᠠᠨ ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠳᠤ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠣᠷᠴᠢᠨ ᠲᠣᠭᠤᠷᠢᠨ ᠢ | ᠪᠤᠢ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ | ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠰᠢᠯᠵᠢᠯᠲᠡ ᠶᠢ ᠬᠢᠵᠠᠭᠠᠷᠯᠠᠵᠤ ᠪᠠᠶᠢᠭ᠎ᠠ ᠪᠠᠬᠢᠯᠡᠯᠲᠡ ᠶᠢ ᠴᠢᠷᠮᠠᠶᠢᠨ ᠡᠪᠳᠡᠬᠦ | ᠬᠡᠷᠡᠭᠲᠡᠢ᠃ | ᠳᠥᠷᠪᠡᠳᠦᠭᠡᠷ ᠲᠤ᠂ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠬᠡᠷᠡᠭᠳᠡᠢ᠃ ᠵᠢᠩᠬᠢᠨᠢ ᠤᠯᠠᠨ | ᠲᠠᠯᠠᠲᠤ ᠦᠵᠡᠯ ᠢ ᠪᠠᠷᠢᠮᠲᠠᠯᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ | ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ ᠡᠬᠢ ᠪᠠᠶᠠᠯᠢᠭ ᠢ | ᠲᠠᠶᠢᠴᠢᠯᠠᠨ᠂ ᠪᠦᠬᠦ ᠪᠥᠮᠪᠥᠷᠴᠡᠭ ᠤᠨ ᠥᠷᠢᠰᠥᠯᠳᠦᠭᠡᠨ ᠢ ᠠᠷᠭᠠᠴᠠᠭᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢ | ᠠᠬᠢᠭᠤᠯᠬᠤ ᠬᠡᠷᠡᠭᠲᠡᠢ᠃ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠡᠷᠡᠮ ᠢ ᠡᠪᠳᠡᠬᠦ ᠠᠴᠠ ᠪᠢᠰᠢ | ᠬᠡᠷᠡᠮ ᠪᠤᠰᠬᠠᠬᠤ ᠦᠭᠡᠢ᠂ ᠠᠭᠤᠰᠤᠯᠴᠠᠬᠤ ᠠᠴᠠ ᠪᠢᠰᠢ ᠬᠠᠷᠢᠯᠴᠠᠭ᠎ᠠ ᠪᠠᠨ ᠲᠠᠰᠤᠯᠬᠤ ᠦᠭᠡᠢ᠂ ᠪᠠᠭᠲᠠᠭᠠᠮᠵᠢᠲᠠᠢ ᠠᠴᠠ | ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠪᠠᠷ | ᠣᠶᠢᠯᠠᠭᠠᠭᠳᠠᠬᠤᠨ ᠪᠣᠯᠭᠠᠵᠤ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠬᠦᠳᠦᠯᠦᠨ | ᠳᠠᠭᠠᠭᠤᠯᠬᠤ ᠬᠡᠷᠡᠭᠲᠡᠢ᠃ | | | | ᠰᠢ ᠶᠢᠨ ᠫᠢᠩ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠬᠡᠬᠡᠯᠳᠡ ᠪᠠᠨ ᠥᠷᠭᠡᠳᠭᠡᠬᠦ ᠵᠣᠷᠢᠭ | ᠬᠤᠪᠢᠷᠠᠬᠤ ᠦᠭᠡᠢ᠂ ᠳᠤᠮᠳᠠᠳᠤ ᠤᠯᠤᠰ ᠤᠨ ᠨᠡᠬᠡᠬᠡᠯᠳᠡ ᠬᠢᠬᠦ ᠡᠭᠦᠳᠡ ᠶᠠᠪᠤᠬᠤ ᠳᠤᠳᠤᠮ ᠦᠷᠭᠡᠳᠬᠦ ᠪᠣᠯᠤᠨ᠎ᠠ᠃ | ᠳᠤᠮᠳᠠᠳᠤ ᠤᠯᠤᠰ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠪᠤᠢ ᠪᠣᠯᠭᠠᠵᠤ᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ | ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠢ ᠥᠨᠳᠥᠷ ᠲᠦᠪᠰᠢᠨ ᠢᠶᠠᠷ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠦᠢᠯᠡᠳᠪᠦᠷᠢ | ᠬᠤᠳᠠᠯᠳᠤᠭᠠᠨ ᠤ ᠡᠲᠡᠭᠡᠳ ᠲᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ᠂ ᠪᠡᠯᠡ ᠣᠷᠣᠭᠤᠯᠤᠯᠲᠠ ᠶᠢᠨ | ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ ᠬᠠᠩᠭᠠᠨ᠎ᠠ᠃ ᠪᠢᠳᠡ ᠭᠠᠷ ᠬᠤᠯᠪᠣᠯᠴᠠᠨ᠂ ᠡᠩᠬᠡ ᠲᠠᠶᠢᠪᠤᠩ᠂ | ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠣᠳᠣᠬᠠᠨ ᠤ ᠳᠡᠯᠡᠬᠡᠢ ᠶᠢᠨ ᠠᠵᠤ | ᠠᠬᠤᠢ ᠵᠢᠴᠢ ᠤᠯᠠᠨ ᠤᠯᠤᠰ ᠤᠨ ᠠᠷᠠᠯᠵᠢᠶ᠎ᠠ ᠪᠠ ᠪᠡᠯᠡ ᠣᠷᠣᠭᠤᠯᠤᠯᠲᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ | ᠬᠠᠮᠲᠤ ᠪᠠᠷ ᠰᠢᠢᠳᠪᠦᠷᠢᠯᠡᠵᠦ᠂ ᠨᠡᠩ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠶ᠎ᠠ ᠭᠡᠵᠦ ᠴᠢᠬᠤᠯᠠᠴᠢᠯᠠᠪᠠ᠃ | |