ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ 5 ᠰᠠᠷ᠎ᠠ ᠶᠢᠨ 19 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠭᠠᠳᠠᠭᠠᠳᠤ ᠶᠠᠪᠤᠳᠠᠯ ᠤᠨ | ᠶᠠᠮᠤᠨ ᠤ ᠰᠠᠶᠢᠳ ᠨᠠᠷ ᠤᠨ ᠠᠭᠤᠯᠵᠠᠯᠲᠠ ᠶᠢᠨ ᠡᠬᠢᠯᠡᠬᠦ ᠶᠣᠰᠣᠯᠠᠯ ᠳᠡᠭᠡᠷ᠎ᠡ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ | ᠪᠠᠶᠢᠳᠠᠯ ᠤᠨ ᠲᠠᠪᠬᠤᠴᠠᠭᠰᠠᠨ ᠨᠦᠯᠦᠭᠡ ᠠᠴᠠ ᠪᠤᠯᠵᠤ ᠳᠡᠯᠡᠬᠡᠶ ᠶᠢᠨ ᠪᠠᠶᠢᠳᠠᠯ ᠳᠤ ᠲᠣᠭᠲᠠᠭᠤᠨ ᠪᠤᠰᠤ᠂ | ᠲᠣᠭᠲᠠᠭᠠᠯᠲᠤ ᠪᠤᠰᠤ᠂ ᠠᠮᠤᠷ ᠲᠦᠪᠰᠢᠨ ᠪᠤᠰᠤ ᠬᠦᠴᠦᠨ ᠵᠦᠢᠯ ᠡᠳᠦᠷ ᠢᠷᠡᠬᠦᠶ᠎ᠡ ᠲᠣᠪᠤᠶᠢᠮ᠎ᠠ ᠪᠤᠯᠪᠠ᠃ ᠭᠡᠪᠡᠴᠦ | ᠡᠩᠬᠡ ᠲᠠᠶᠢᠪᠤᠩ ᠬᠢᠭᠡᠳ ᠬᠥᠭᠵᠢᠯᠲᠡ ᠶᠢᠨ ᠴᠠᠭ ᠦᠶ᠎ᠡ ᠶᠢᠨ ᠭᠤᠣᠯ ᠰᠡᠳᠦᠪ ᠬᠤᠪᠢᠷᠠᠭᠰᠠᠨ ᠦᠭᠡᠢ᠂ ᠡᠯ᠎ᠡ | ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠬᠤᠪᠢᠷᠠᠭᠰᠠᠨ ᠦᠭᠡᠢ᠂ | ᠳᠡᠯᠡᠬᠡᠢ ᠨᠡᠶᠢᠭᠡᠮᠢᠶ᠋ᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠠᠮᠳᠤᠷᠠᠨ ᠠᠵᠢᠯᠯᠠᠵᠤ ᠬᠠᠮᠲᠤ ᠪᠠᠷ | ᠠᠰᠢᠭ ᠬᠦᠷᠲᠡᠬᠦ ᠲᠡᠦᠬᠡᠲᠦ ᠡᠭᠦᠷᠭᠡ ᠬᠤᠪᠢᠷᠠᠭᠰᠠᠨ ᠦᠭᠡᠢ᠃ ᠳᠡᠯᠡᠬᠡᠢ ᠨᠡᠶᠢᠭᠡᠮ ᠤᠨ ᠢᠳᠡᠪᠬᠢᠲᠡᠢ᠂ ᠥᠭᠡᠳᠡᠷᠬᠡᠭ᠂ | ᠪᠦᠲᠦᠭᠡᠯᠴᠢ ᠬᠦᠴᠦᠨ ᠪᠣᠯᠤᠭᠰᠠᠨ ᠤ ᠬᠤᠪᠢ ᠳᠤ᠂ ᠠᠯᠳᠠᠨ ᠲᠣᠭᠤᠰᠭ᠋᠎ᠠ ᠤᠯᠤᠰ ᠤᠳ ᠢᠲᠡᠭᠡᠯ ᠵᠣᠷᠢᠭ ᠢᠶᠠᠨ | ᠪᠠᠲᠤᠳᠬᠠᠵᠤ᠂ ᠠᠶᠤᠯ ᠲᠦᠭᠰᠢᠭᠦᠷᠢ ᠳᠤ ᠰᠢᠭᠤᠳ ᠬᠠᠨᠳᠤᠵᠤ᠂ ᠪᠣᠳᠠᠲᠤ ᠠᠵᠢᠯᠯᠠᠭ᠎ᠠ ᠪᠠᠷ ᠢᠶᠠᠨ ᠡᠩᠬᠡ ᠲᠠᠶᠢᠪᠤᠩ | ᠬᠥᠭᠵᠢᠯᠲᠡ ᠶᠢ ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠠᠷᠠᠳᠴᠢᠯᠠᠯ ᠡᠷᠬᠡ ᠴᠢᠯᠥᠭᠡ ᠶᠢ | ᠰᠠᠨᠠᠭᠠᠴᠢᠯᠠᠵᠤ᠂ ᠦᠢᠮᠡᠭᠡᠨ ᠳᠡᠪᠵᠢᠶᠡᠨ ᠲᠠᠢ ᠬᠤᠪᠢᠰᠤᠯᠲᠠ ᠶᠢᠨ ᠬᠤᠭᠤᠴᠠᠭᠠᠨ ᠳᠤ ᠪᠠᠶᠢᠭ᠎ᠠ ᠤᠯᠠᠨ ᠤᠯᠤᠰ ᠤᠨ | ᠬᠠᠷᠢᠯᠴᠠᠭᠠᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ ᠬᠡᠵᠤ ᠵᠢᠭᠠᠵᠤ ᠭᠠᠷᠭᠠᠪᠠ᠃ | | | | ᠰᠢ ᠶᠢᠨ ᠫᠢᠩ᠂ ᠪᠤᠰᠤᠳ ᠤᠯᠤᠰ ᠤᠨ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ | ᠪᠣᠯᠭᠠᠵᠤ᠂ ᠲᠤᠰ ᠪᠡᠶ᠎ᠡ ᠶᠢᠨ ᠠᠮᠤᠷ ᠲᠦᠪᠰᠢᠨ ᠢ ᠥᠷᠥᠭᠡᠰᠦᠭᠡᠯ ᠢᠶᠠᠷ ᠬᠥᠭᠡᠭᠡᠴᠡᠯᠳᠦᠬᠦ ᠨᠢ ᠰᠢᠨ᠎ᠡ ᠵᠥᠷᠢᠴᠡᠯ ᠪᠠ | ᠠᠶᠤᠯ ᠲᠦᠭᠰᠢᠭᠦᠷᠢ ᠶᠢ ᠪᠤᠢ ᠪᠣᠯᠭᠠᠬᠤ ᠪᠣᠯᠤᠨ᠎ᠠ ᠭᠡᠳᠡᠭ ᠢ ᠲᠡᠦᠬᠡ ᠪᠠ ᠪᠣᠳᠠᠲᠤ ᠠᠬᠤᠢ ᠪᠢᠳᠡᠨ ᠳᠤ ᠬᠡᠯᠡᠵᠦ | ᠥᠭᠴᠡᠢ᠃ ᠳᠡᠯᠡᠬᠡᠢ ᠳ᠋ᠠᠬᠢᠨ ᠤ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠳᠤᠳᠬᠠᠬᠤ ᠶᠢ ᠠᠬᠢᠭᠤᠯᠬᠤ ᠶᠢᠨ | ᠲᠥᠯᠥᠭᠡ᠂ ᠪᠢ ᠲᠦᠷᠦᠭᠦᠬᠡᠨ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠪᠠ᠃ ᠠᠯᠳᠠᠨ | ᠲᠣᠭᠤᠰᠭ᠋᠎ᠠ ᠤᠯᠤᠰ ᠤᠳ ᠤᠯᠤᠰ ᠲᠦᠷᠦ ᠶᠢᠨ ᠢᠲᠡᠭᠡᠯᠴᠡᠭᠡ ᠪᠣᠯᠤᠨ ᠠᠮᠤᠷ ᠲᠦᠪᠰᠢᠨ ᠤ ᠬᠠᠮᠲᠤᠷᠠᠯᠴᠠᠭ᠎ᠠ ᠪᠠᠨ | ᠴᠢᠩᠭᠠᠳᠬᠠᠵᠤ᠂ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠤᠯᠤᠯᠴᠠᠭ᠎ᠠ | ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ ᠠᠩᠬᠠᠷᠴᠤ | ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠵᠤ᠂ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠬᠠᠷᠢᠯᠴᠠᠨ ᠬᠦᠨᠳᠦᠳᠭᠡᠵᠦ ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ ᠲᠦᠷᠦ ᠶᠢ | ᠡᠰᠡᠷᠭᠦᠴᠡᠵᠦ᠂ ᠬᠦᠢᠳᠡᠨ ᠲᠠᠶᠢᠨ ᠤ ᠰᠡᠳᠭᠢᠬᠦᠢ ᠪᠣᠯᠤᠨ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ᠂ ᠬᠥᠮᠦᠨ | ᠲᠥᠷᠥᠯᠬᠢᠲᠡᠨ ᠤ ᠠᠮᠤᠷ ᠲᠦᠪᠰᠢᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠬᠡᠵᠤ ᠴᠢᠬᠤᠯᠠᠴᠢᠯᠠᠪᠠ᠃ | | ᠰᠢ ᠶᠢᠨ ᠫᠢᠩ᠂ ᠬᠥᠭᠵᠢᠯᠲᠡ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤ ᠶᠢᠨ ᠡᠭᠦᠷᠭᠡ ᠮᠥᠨ᠃ ᠣᠳᠣᠬᠠᠨ ᠤ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠥᠯᠳᠦᠭᠡᠨ ᠳᠤ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ ᠨᠢ ᠥᠩᠭᠡᠷᠡᠭᠰᠡᠨ ᠤ ᠠᠯᠢ ᠴᠤ ᠦᠶ᠎ᠡ ᠠᠴᠠ | ᠨᠡᠩ ᠴᠢᠬᠤᠯᠠ ᠶᠤᠮ᠃ ᠲᠠᠪᠤᠨ ᠤᠯᠤᠰ ᠨᠡᠩ ᠤᠯᠠᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠤᠨ | ᠬᠥᠭᠵᠢᠵᠦ ᠪᠠᠶᠢᠭ᠎ᠠ ᠤᠯᠤᠰ ᠯᠤᠭ᠎ᠠ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠦ᠂ ᠣᠶᠢᠯᠠᠭᠠᠯᠴᠠᠭ᠎ᠠ ᠢᠲᠡᠭᠡᠯᠴᠡᠭᠡ ᠪᠠᠨ | ᠨᠡᠮᠡᠭᠳᠡᠭᠦᠯᠵᠦ᠂ ᠬᠠᠮᠲᠤᠷᠠᠯᠴᠠᠭᠠᠨ ᠤ ᠬᠤᠯᠪᠣᠭᠠᠰᠤ ᠪᠠᠨ ᠴᠢᠩᠭᠠᠯᠠᠵᠤ᠂ ᠠᠰᠢᠭ ᠲᠤᠰᠠ ᠶᠢᠨ ᠠᠭᠤᠰᠤᠯᠴᠠᠯ ᠢᠶᠠᠨ | ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠠᠮᠵᠢᠯᠳᠠ ᠪᠦᠳᠤᠬᠡᠯ ᠢᠶᠠᠨ ᠶᠠᠪᠤᠬᠤ ᠲᠤᠳᠤᠮ ᠪᠤᠵᠠᠭᠠᠶᠢᠷᠠᠭᠤᠯᠵᠤ᠂ | ᠲᠠᠪᠰᠢᠯᠳᠠ ᠶᠢᠨ ᠬᠦᠴᠦᠨ ᠢ ᠶᠠᠪᠤᠬᠤ ᠲᠤᠳᠤᠮ ᠬᠦᠴᠦᠷᠬᠡᠭᠵᠢᠭᠦᠯᠵᠦ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ ᠢᠷᠡᠭᠡᠳᠦᠢ ᠶᠢ ᠲᠡᠷᠭᠡᠯᠰᠢᠭᠦᠯᠬᠦ ᠳᠤ ᠨᠡᠩ ᠶᠡᠭᠡ | ᠬᠤᠪᠢ ᠨᠡᠮᠡᠷᠢ ᠦᠵᠡᠭᠦᠯᠰᠦᠭᠡᠢ ᠭᠡᠵᠦ ᠴᠢᠬᠤᠯᠠᠴᠢᠯᠠᠪᠠ᠃ |