ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 18 ᠤ ᠡᠳᠦᠷ ᠨᠠᠨᠵᠢᠩ ᠶᠡᠭᠡ ᠰᠤᠷᠭᠠᠭᠤᠯᠢ ᠶᠢᠨ ᠭᠠᠳᠠᠭᠠᠳᠤ ᠳᠤ | ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠵᠠᠯᠠᠭᠤ ᠡᠷᠳᠡᠮᠲᠡᠤᠨ ᠲᠤ ᠬᠠᠷᠢᠭᠤ ᠵᠠᠬᠢᠳᠠᠯ ᠢᠯᠡᠭᠡᠵᠦ᠂ | ᠲᠡᠳᠡᠨ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠲᠠᠯᠪᠢᠵᠠᠢ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠯᠢ ᠰᠧ ᠭᠤᠸᠠᠩ᠂ ᠴᠧᠩ ᠺᠠᠢ ᠵᠢᠶᠠ ᠵᠡᠷᠭᠡ ᠠᠬᠠᠮᠠᠳ | ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠢᠶᠠᠷ ᠳᠠᠭᠤᠷᠢᠶᠠᠯ ᠪᠣᠯᠭᠠᠵᠤ᠂ ᠭᠠᠳᠠᠭᠠᠳᠤ ᠳᠤ ᠰᠤᠷᠤᠯᠴᠠᠭᠠᠳ | ᠰᠤᠷᠤᠯᠭ᠎ᠠ ᠪᠠᠨ ᠲᠡᠭᠦᠰᠭᠡᠭᠰᠡᠨ ᠤ ᠳᠠᠷᠠᠭ᠎ᠠ ᠤᠯᠤᠰ ᠲᠠᠭᠠᠨ ᠪᠤᠴᠠᠵᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠦᠢᠯᠡᠰ ᠲᠤ ᠣᠷᠣᠯᠴᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠬᠡ ᠤᠯᠤᠰ ᠤᠨ ᠢᠶᠠᠨ ᠲᠥᠯᠥᠭᠡ | ᠵᠢᠳᠬᠦᠵᠦ᠂ ᠠᠷᠠᠳ ᠲᠦᠮᠡᠨ ᠳᠤ ᠦᠢᠯᠡᠴᠢᠯᠡᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠢ ᠰᠣᠨᠣᠰᠤᠭᠠᠳ | ᠪᠢ ᠮᠠᠰᠢ ᠪᠠᠶᠠᠷᠯᠠᠵᠤ ᠪᠠᠶᠢᠨ᠎ᠠ᠃ ᠨᠠᠨᠵᠢᠩ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠤᠢ ᠶᠢᠨ | ᠲᠠᠰᠢᠷᠠᠮ ᠢᠶᠠᠷ᠂ ᠲᠠ ᠨᠠᠷ ᠲᠤ ᠵᠢᠴᠢ ᠪᠦᠬᠦ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠳᠠᠨ᠂ ᠥᠷᠭᠡᠨ ᠤᠯᠠᠨ | ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠵᠦ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ | ᠪᠠᠶᠢᠨ᠎ᠠ︕ ᠭᠡᠵᠦ ᠬᠡᠯᠡᠪᠡ᠃ | ᠰᠢ ᠶᠢᠨ ᠫᠢᠩ᠂ ᠲᠠ ᠨᠠᠷ ᠵᠠᠬᠢᠳᠠᠯ ᠳᠠᠭᠠᠨ᠂ ᠠᠭᠤᠤ ᠶᠡᠭᠡ ᠴᠠᠭ ᠦᠶ᠎ᠡ ᠳᠤ ᠲᠦᠷᠦᠭᠰᠡᠨ ᠨᠢ ᠬᠥᠮᠦᠨ ᠤ | ᠠᠮᠢᠳᠤᠷᠠᠯ ᠤᠨ ᠠᠵᠠ ᠵᠠᠪᠰᠢᠶᠠᠨ ᠪᠣᠯᠤᠨ᠎ᠠ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ | ᠵᠠᠯᠠᠭᠤᠴᠤᠳ ᠬᠡᠭᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠦ᠂ ︽ᠤᠯᠤᠰ ᠤᠨ | ᠬᠠᠷᠢᠭᠤᠴᠠᠯᠭ᠎ᠠ︾ ᠶᠢ ᠡᠭᠦᠷᠭᠡᠯᠡᠨ᠎ᠡ ᠭᠡᠪᠡ᠂ ᠡᠳᠡᠭᠡᠷ ᠦᠭᠡ ᠶᠢ ᠮᠠᠰᠢ ᠰᠠᠶᠢᠨ ᠶᠠᠷᠢᠵᠠᠢ᠃ ᠨᠥᠬᠦᠳ ᠨᠡᠷ ᠤᠨ | ᠭᠠᠳᠠᠭᠠᠳᠤ ᠳᠤ ᠰᠤᠷᠤᠯᠴᠠᠭᠠᠳ ᠤᠯᠤᠰᠲ᠋ᠠᠭᠠᠨ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠢᠶᠠᠨ ᠶᠡᠭᠡ ᠪᠠᠷ | ᠪᠠᠳᠠᠷᠠᠭᠤᠯᠵᠤ᠂ ᠤᠯᠤᠰ ᠣᠷᠣᠨ ᠤ ᠪᠠᠨ ᠲᠥᠯᠥᠭᠡ ᠵᠢᠳᠬᠦᠬᠦ᠂ ᠠᠷᠠᠳ ᠲᠦᠮᠡᠨ ᠳᠤ ᠦᠢᠯᠡᠴᠢᠯᠡᠬᠦ ᠪᠠᠷ ᠤᠬᠠᠮᠰᠠᠷᠲᠤ | ᠬᠥᠭᠡᠭᠡᠴᠡᠯᠳᠦᠯ ᠢᠶᠠᠨ ᠪᠣᠯᠭᠠᠵᠤ᠂ ᠶᠣᠰᠣ ᠮᠤᠷᠠᠯ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠲᠠᠯ᠎ᠠ ᠪᠠᠷ ᠲᠠᠬᠢᠨ | ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠳᠤᠮᠳᠠᠳᠤ ᠤᠯᠤᠰ ᠤᠨ | ᠦᠯᠢᠭᠡᠷ ᠢ ᠰᠠᠶᠢᠲᠤᠷ ᠶᠠᠷᠢᠬᠤ ᠲᠠᠯ᠎ᠠ ᠪᠠᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠢᠳᠡᠪᠬᠢᠲᠡᠢ ᠪᠠᠷ ᠤᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ︕ | ᠨᠠᠨᠵᠢᠩ ᠶᠡᠭᠡ ᠰᠤᠷᠭᠠᠭᠤᠯᠢ ᠪᠣᠯ 1902 ᠣᠨ ᠳᠤ ᠰᠠᠨᠵᠢᠶᠠᠩ ᠤᠨ ᠪᠠᠭᠰᠢ ᠶᠢᠨ ᠰᠤᠷᠭᠠᠭᠤᠯᠢ ᠶᠢᠨ | ᠰᠠᠭᠤᠷᠢᠨ ᠲᠡᠭᠡᠷ᠎ᠠ ᠪᠠᠶᠢᠭᠤᠯᠤᠬᠳᠠᠵᠥ᠂ 1950 ᠣᠨ ᠳᠤ ᠨᠠᠨᠵᠢᠩ ᠶᠡᠭᠡ ᠰᠤᠷᠭᠠᠭᠤᠯᠢ ᠭᠡᠵᠦ ᠵᠢᠩᠬᠢᠨᠢ ᠪᠠᠷ | ᠨᠡᠷᠡᠯᠡᠪᠡ᠃ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠲᠤᠷᠰᠢ᠂ ᠪᠦᠯᠦᠭ ᠪᠦᠯᠦᠭ ᠭᠠᠳᠠᠭᠠᠳᠤ ᠳᠤ | ᠰᠤᠷᠤᠯᠴᠠᠭᠠᠳ ᠤᠯᠤᠰ ᠲᠠᠭᠠᠨ ᠪᠤᠴᠠᠭᠰᠠᠳ ᠨᠠᠨᠵᠢᠩ ᠶᠡᠭᠡ ᠰᠤᠷᠭᠠᠭᠤᠯᠢ ᠳᠤ ᠤᠯᠤᠰ ᠪᠠ ᠠᠷᠠᠳ ᠲᠦᠮᠡᠨ ᠤ ᠪᠠᠨ | ᠲᠥᠯᠥᠭᠡ ᠵᠢᠳᠬᠦᠬᠦ ᠲᠡᠮᠡᠴᠡᠯ ᠤᠨ ᠤᠯᠠ ᠮᠥᠷ ᠢᠶᠠᠨ ᠦᠯᠡᠳᠡᠭᠡᠵᠦ᠂ ᠯᠢ ᠰᠧ ᠭᠤᠸᠠᠩ᠂ ᠴᠧᠩ ᠺᠠᠢ ᠵᠢᠶᠠ ᠨᠠᠷ | ᠲᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠪᠠ᠃ ᠤᠢᠢᠷ᠎ᠠ ᠶᠢᠨ ᠡᠳᠦᠷ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ ᠭᠠᠳᠠᠭᠠᠳᠤ ᠳᠤ ᠰᠤᠷᠤᠯᠭ᠎ᠠ ᠪᠠᠨ ᠲᠡᠭᠦᠰᠭᠡᠵᠦ ᠤᠯᠤᠰ ᠲᠠᠭᠠᠨ ᠪᠤᠴᠠᠵᠤ ᠨᠠᠨᠵᠢᠩ ᠶᠡᠭᠡ | ᠰᠤᠷᠭᠠᠭᠤᠯᠢ ᠳᠤ ᠠᠵᠢᠯᠯᠠᠭᠰᠠᠨ 120 ᠵᠠᠯᠠᠭᠤ ᠡᠷᠳᠡᠮᠲᠡᠨ ᠤ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ | ᠵᠠᠬᠢᠳᠠᠯ ᠪᠢᠴᠢᠵᠦ᠂ ᠪᠢᠴᠢᠭ ᠵᠢᠭᠠᠵᠤ ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ | ᠡᠭᠦᠳᠬᠦ ᠵᠡᠷᠭᠡ ᠲᠠᠯ᠎ᠠ ᠶᠢᠨ ᠠᠵᠢᠯ ᠤᠨ ᠣᠶᠢᠯᠠᠭᠠᠯᠲᠠ ᠪᠠᠨ ᠬᠠᠷᠢᠭᠤ ᠮᠡᠳᠡᠭᠦᠯᠵᠦ᠂ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠡᠷᠡᠰ ᠪᠠᠲᠤ ᠵᠣᠷᠢᠭ ᠢᠶᠠᠨ | ᠢᠯᠡᠳᠭᠡᠵᠡᠢ᠃ |