ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ ᠵᠣᠬᠢᠰᠲᠠᠢ | ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ | ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ | ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ | ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ | ᠦᠨᠡᠨ ᠬᠦ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ | ᠦᠷᠭᠦᠯᠵᠢᠯᠡᠨ ᠨᠡᠮᠡᠭᠳᠡᠵᠦ᠂ ᠮᠠᠰᠢ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠲᠦᠢᠯ ᠤᠨ ᠬᠦᠴᠢᠷᠳᠡᠯ ᠲᠠᠢ | ᠪᠠᠶᠢᠨ᠎ᠠ᠃ ᠬᠥᠭᠵᠢᠯᠲᠡ ᠪᠣᠯ ᠮᠠᠨ ᠤ ᠤᠯᠤᠰ ᠤᠨ ᠠᠯᠢᠪᠠ ᠠᠰᠠᠭᠤᠳᠠᠯᠢ ᠰᠢᠢᠳᠪᠦᠷᠢᠯᠡᠬᠦ ᠶᠢᠨ ᠰᠠᠭᠤᠷᠢ ᠪᠠ | ᠵᠠᠩᠭᠢᠯᠠᠭ᠎ᠠ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠰ ᠰᠢᠭᠤᠷᠬᠠᠢ ᠪᠠᠷ ᠠᠷᠭᠠᠴᠠᠭᠠᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ | ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠢ ᠰᠡᠳᠬᠢᠴᠡ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠣᠰᠣᠭᠠᠷ | ᠴᠢᠭᠯᠡᠯᠲᠦ ᠴᠢᠨᠠᠷ ᠢᠶᠠᠷ ᠴᠢᠩᠭ᠎ᠠ᠂ ᠬᠦᠴᠦᠲᠡᠢ ᠪᠥᠭᠡᠳ ᠪᠦᠲᠦᠮᠵᠢᠲᠡᠶ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠤᠨ | ᠠᠷᠭ᠎ᠠ ᠬᠡᠮᠵᠢᠶ᠎ᠡ ᠨᠦᠭᠦᠳ ᠢ ᠠᠪᠴᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠂ ᠡᠭᠦᠨ ᠳᠤ ᠭᠤᠣᠯᠳᠠᠭᠤ᠄ ᠨᠢᠭᠡ ᠳᠤ᠂ ᠡᠳ᠋ ᠤᠨ ᠵᠠᠰᠠᠭ ᠵᠢᠴᠢ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ ᠪᠠ ᠠᠵᠢᠯ | ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠨᠡᠩ ᠤᠯᠠᠨ ᠠᠵᠢᠯ ᠲᠦᠷᠦᠯ ᠳᠤ ᠦᠯᠡᠳᠡᠭᠡᠯ ᠪᠠ | ᠨᠡᠮᠡᠭᠳᠡᠯ ᠤᠨ ᠬᠡᠮᠵᠢᠶ᠎ᠡ ᠶᠢ ᠪᠦᠬᠦ ᠲᠤᠭ᠎ᠠ ᠪᠠᠷ ᠨᠢ ᠰᠠᠭᠤᠳᠬᠠᠨ ᠭᠠᠶᠢᠯᠢ ᠪᠤᠴᠠᠭᠠᠬᠤ ᠶᠢ ᠬᠡᠷᠡᠭᠵᠢᠭᠦᠯᠵᠦ᠂ 1400 | ᠭᠠᠷᠤᠢ ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠬᠤ ᠬᠡᠮᠵᠢᠶ᠎ᠡ ᠶᠢ ᠨᠡᠮᠡᠭᠳᠡᠭᠦᠯᠵᠦ᠂ ᠪᠦᠬᠦ ᠵᠢᠯ ᠤᠨ ᠭᠠᠶᠢᠯᠢ | ᠪᠤᠴᠠᠭᠠᠬᠤ ᠶᠡᠷᠦᠩᠬᠡᠢ ᠬᠡᠮᠵᠢᠶ᠎ᠡ ᠶᠢ 2.64 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ 5 ᠣᠨᠴᠠ ᠬᠦᠴᠢᠷᠳᠡᠯᠲᠡᠢ | ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠰᠦᠢᠳᠬᠡᠯ ᠵᠡᠷᠭᠡ ᠭᠤᠷᠪᠠᠨ ᠵᠦᠢᠯ ᠤᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠵᠢᠯ ᠤᠨ ᠡᠴᠦᠰ | ᠪᠣᠯᠲᠠᠯ᠎ᠠ ᠤᠷᠲᠤᠳᠬᠠᠬᠤ ᠶᠢᠨ ᠬᠠᠮᠲᠤ ᠪᠤᠰᠤᠳ ᠣᠨᠴᠠ ᠬᠦᠴᠢᠷᠳᠡᠯᠲᠡᠢ ᠠᠵᠢᠯ ᠲᠥᠷᠥᠯ ᠳᠤ ᠬᠦᠷᠲᠡᠯ᠎ᠡ | ᠥᠷᠭᠡᠳᠬᠡᠵᠦ᠂ ᠵᠢᠱᠢᠯᠲᠡ ᠪᠠᠷ ᠡᠨᠡ ᠵᠢᠯ 3200 ᠳ᠋ᠦᠩᠰᠢᠭᠤᠷ ᠲᠥᠭᠦᠷᠢᠭ ᠬᠤᠶᠢᠰᠢᠯᠠᠭᠤᠯᠤᠨ ᠲᠤᠰᠢᠶᠠᠨ᠎ᠠ᠃ ᠠᠵᠢᠯ | ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠶᠢ ᠪᠦᠬᠦ ᠳᠠᠭᠠᠳᠬᠠᠯ ᠳᠤ | ᠣᠷᠣᠯᠴᠠᠭᠰᠠᠨ ᠬᠦᠴᠢᠷᠳᠡᠯᠲᠡᠢ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠨ᠎ᠡ᠃ ᠳᠤᠮᠳᠠ ᠵᠢᠵᠢᠭ ᠪᠢᠴᠢᠯ ᠠᠵᠤ | ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠤᠭᠰᠠᠨ ᠪᠣᠯ᠂ ᠠᠵᠢᠯ ᠤᠨ ᠪᠠᠶᠢᠷᠢ ᠶᠢ | ᠥᠷᠭᠡᠳᠬᠡᠬᠦ ᠨᠥᠬᠦᠪᠦᠷᠢ ᠵᠡᠷᠭᠡ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠤᠨ ᠬᠢᠨ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠤ ᠰᠦᠢᠳᠬᠡᠯ᠂ ᠭᠡᠷ ᠤᠨ | ᠲᠦᠷᠢᠶᠡᠰᠦ ᠵᠡᠷᠭᠡ ᠲᠠᠯ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠡᠨᠡ ᠵᠢᠯ ᠤᠨ ᠲᠤᠰᠬᠠᠢ ᠵᠦᠢᠯ ᠤᠨ ᠥᠷᠢ | ᠥᠭᠴᠡᠭᠡ ᠶᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯᠲᠠᠯ᠎ᠠ ᠦᠨᠳᠦᠰᠦᠨ ᠳᠤ ᠪᠠᠨ ᠬᠡᠷᠡᠭᠯᠡᠨ | ᠭᠦᠢᠴᠡᠳᠬᠡᠵᠦ᠂ ᠳᠡᠮᠵᠢᠯᠭᠡ ᠶᠢᠨ ᠬᠡᠪᠴᠢᠶ᠎ᠡ ᠶᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠳᠤ ᠬᠦᠷᠲᠡᠯ᠎ᠡ | ᠥᠷᠭᠡᠳᠬᠡᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠲᠠᠬᠢᠨ | ᠳᠠᠭᠠᠭᠠᠯᠲᠠ ᠬᠢᠬᠦ ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠢ 1 ᠲᠦᠮᠡᠨ ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠯᠲᠠᠯ᠎ᠠ ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠃ | ᠡᠨᠡ ᠵᠢᠯ ᠤᠨ ᠲᠥᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢᠨ ᠲᠤᠭ᠎ᠠ | ᠬᠡᠮᠵᠢᠶ᠎ᠡ ᠪᠠ ᠳᠡᠮᠵᠢᠬᠦ ᠬᠠᠷᠢᠴᠠᠯ ᠢ ᠨᠢᠭᠡ ᠳᠠᠬᠢᠨ ᠨᠡᠮᠡᠭᠳᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ᠂ ᠪᠠᠷᠠᠭᠠᠨ ᠤ ᠲᠡᠷᠭᠡ ᠶᠢᠨ ᠵᠢᠭᠡᠯᠡᠯᠭᠡ᠂ ᠲᠦᠷ | ᠴᠠᠭ ᠬᠦᠴᠢᠷᠳᠡᠯ ᠳᠤ ᠲᠤᠯᠭᠠᠷᠠᠭᠰᠠᠨ ᠬᠤᠪᠢ ᠬᠥᠮᠥᠨ ᠤ ᠭᠡᠷ ᠪᠠᠶᠢᠰᠢᠩ ᠤᠨ ᠵᠢᠭᠡᠯᠡᠯᠭᠡ ᠶᠢᠨ ᠬᠡᠷᠡᠭᠯᠡᠭᠡᠨ ᠤ | ᠵᠢᠭᠡᠯᠡᠯᠭᠡ ᠳᠤ᠂ ᠪᠠᠩᠬᠢ ᠶᠢᠨ ᠲᠤᠰ ᠵᠢᠯ ᠤᠨ ᠡᠬᠡ ᠬᠦᠦ ᠶᠢ ᠨᠢ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠶᠢ | ᠳᠡᠮᠵᠢᠨ᠎ᠡ︔ ᠮᠠᠰᠢᠨ ᠲᠡᠷᠭᠡᠨ ᠤ ᠲᠥᠪ ᠤᠨ ᠠᠵᠤ ᠠᠬᠤᠶᠢᠯᠠᠯ ᠤᠨ ᠲᠠᠷᠬᠠᠭᠠᠭᠰᠠᠨ 900 ᠳ᠋ᠦᠩᠰᠢᠭᠤᠷ | ᠲᠥᠭᠦᠷᠢᠭ ᠤᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ ᠲᠡᠷᠭᠡ ᠶᠢᠨ ᠵᠢᠭᠡᠯᠡᠯᠭᠡ ᠳᠤ ᠪᠠᠩᠬᠢ ᠪᠠ ᠠᠵᠤ ᠠᠬᠤᠶᠢᠯᠠᠯ | ᠬᠤᠯᠪᠤᠭᠠᠯᠠᠨ ᠬᠥᠳᠡᠯᠦᠯᠴᠡᠵᠦ ᠬᠠᠭᠠᠰ ᠵᠢᠯ ᠬᠤᠭᠤᠴᠠᠭ᠎ᠠ ᠤᠷᠲᠤᠳᠬᠠᠨ ᠡᠬᠡ ᠬᠦᠦ ᠶᠢ ᠨᠢ ᠪᠤᠴᠠᠭᠠᠨ᠎ᠠ᠃ | ᠬᠤᠳᠠᠯᠳᠤᠭᠠᠨ ᠤ ᠭᠤᠪᠢᠭᠤᠯᠭ᠎ᠠ ᠶᠢᠨ ᠪᠢᠯᠧᠲ ᠤᠨ ᠭᠤᠪᠢᠭᠤᠯᠭ᠎ᠠ ᠶᠢ ᠳᠠᠭᠠᠭᠠᠬᠤ ᠬᠤᠭᠤᠴᠠᠭ᠎ᠠ ᠶᠢ 1 ᠵᠢᠯ | ᠪᠠᠶᠢᠭᠰᠠᠨ ᠠᠴᠠ ᠨᠢ 6 ᠰᠠᠷ᠎ᠠ ᠪᠣᠯᠭᠠᠨ ᠪᠣᠭᠤᠨᠢᠰᠬᠠᠨ᠎ᠠ᠃ ᠲᠠᠪᠴᠠᠩ ᠤᠨ ᠠᠵᠤ ᠠᠬᠤᠶᠢᠯᠠᠯ ᠤᠨ ᠬᠠᠤᠯᠢ | ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠢᠯᠢ ᠶᠢᠨ ᠳᠣᠲᠣᠨ᠎ᠠ ᠭᠠᠳᠠᠨ᠎ᠠ ᠵᠠᠬ᠎ᠠ ᠳᠡᠯᠭᠡᠭᠦᠷ ᠲᠤ ᠭᠠᠷᠭᠠᠬᠤ ᠶᠢ | ᠳᠡᠮᠵᠢᠨ᠎ᠡ᠃ ᠭᠤᠷᠪᠠ ᠳᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠤᠨ᠎ᠠ᠃ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯᠢᠶ᠋ᠠᠨ ᠡᠬᠢᠯᠡᠭᠦᠯᠬᠦ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ | ︽ᠨᠡᠷᠡᠰ ᠤᠨ ᠴᠠᠭᠠᠨ ᠲᠠᠩᠰᠠ︾ ᠳᠠᠬᠢ ᠠᠵᠤ ᠠᠬᠤᠶᠢᠯᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠪᠠᠷᠠᠭᠠᠨ ᠤ | ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠤᠨ ᠳᠣᠣᠷ᠎ᠠ ᠠᠶᠤᠯ | ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠷᠭᠡ ᠶᠢᠨ ᠨᠡᠪᠲᠡᠷᠡᠬᠦ ᠬᠢᠵᠠᠭᠠᠷᠯᠠᠯ ᠢ ᠬᠦᠴᠦᠨ | ᠦᠭᠡᠢ ᠪᠣᠯᠭᠠᠵᠤ᠂ ᠵᠦᠢ ᠵᠣᠬᠢᠰ ᠦᠭᠡᠢ ᠴᠢᠩᠭ᠎ᠠ ᠬᠢᠵᠠᠭᠠᠷᠯᠠᠯ ᠵᠡᠷᠭᠡ ᠶᠢᠨ ᠲᠣᠭᠲᠠᠭᠠᠯ ᠪᠠ ᠰᠦᠢᠳᠬᠡᠯ | ᠬᠤᠷᠢᠶᠠᠬᠤ ᠶᠢ ᠴᠥᠮ ᠬᠦᠴᠦᠨ ᠦᠭᠡᠢ ᠪᠣᠯᠭᠠᠨ᠎ᠠ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠵᠢᠯᠣᠭᠤᠴᠢ ᠨᠠᠷ ᠲᠤ | ᠣᠨᠳᠣᠣ ᠭᠠᠵᠠᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠰᠦᠢᠳᠬᠡᠯ ᠬᠤᠷᠢᠶᠠᠬᠤ ᠦᠭᠡᠢ ᠲᠥᠷᠥ ᠶᠢᠨ | ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ | ᠠᠷᠭᠠᠴᠠᠭᠠᠬᠤ ᠵᠢᠭᠡᠯᠡᠯᠭᠡ ᠶᠢ 1500 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠭᠠᠷ ᠤᠨ ᠲᠡᠭᠡᠭᠡᠪᠦᠷᠢ ᠶᠢᠨ | ᠦᠢᠯᠡᠰ ᠤᠨ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ | ᠤᠯᠤᠰ ᠤᠨ ᠳᠣᠲᠣᠭᠠᠳᠤ ᠭᠠᠳᠠᠭᠠᠳᠤ ᠶᠢᠨ ᠠᠶᠠᠨᠴᠢᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯᠢ ᠡᠮᠬᠢ | ᠵᠢᠷᠤᠮ ᠲᠠᠢ ᠪᠠᠷ ᠨᠡᠮᠡᠭᠳᠡᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠠᠵᠢᠯᠲᠠᠨ ᠤ ᠣᠷᠣᠵᠤ ᠭᠠᠷᠬᠤ ᠳᠤ | ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠥᠷᠪᠡ ᠳᠤ᠂ ᠬᠡᠷᠡᠭᠯᠡᠭᠡ ᠪᠠ ᠪᠦᠲᠦᠮᠵᠢᠲᠡᠶ ᠪᠡᠯᠡ | ᠣᠷᠣᠭᠤᠯᠤᠯᠲᠠ ᠶᠢ ᠠᠬᠢᠭᠤᠯᠤᠨ᠎ᠠ᠃ ᠮᠠᠰᠢᠨ ᠲᠡᠷᠭᠡ ᠬᠤᠳᠠᠯᠳᠤᠨ ᠠᠪᠬᠤ ᠬᠢᠵᠠᠭᠠᠷᠯᠠᠯ ᠢ ᠠᠭᠤᠵᠢᠭᠤ ᠪᠣᠯᠭᠠᠵᠤ᠂ | ᠬᠡᠰᠡᠭ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠱᠠᠲᠤᠴᠢ ᠴᠢᠨᠠᠷᠲᠠᠢ ᠪᠠᠷ 600 | ᠳ᠋ᠦᠩᠰᠢᠭᠤᠷ ᠲᠥᠭᠦᠷᠢᠭ ᠬᠥᠩᠭᠡᠯᠡᠨ ᠲᠠᠲᠠᠪᠤᠷᠢᠯᠠᠨ᠎ᠠ᠃ ᠬᠤᠳᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠬᠦ ᠳᠤ ᠪᠠᠨ ᠴᠢᠩᠳᠠᠯᠢᠭ ᠬᠦᠴᠦᠯᠡᠴᠡ ᠪᠠ ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ ᠬᠢᠨᠠᠨ ᠵᠥᠪᠰᠢᠶᠡᠷᠡᠯ ᠢ ᠰᠢᠯᠢᠳᠡᠭᠵᠢᠭᠦᠯᠵᠦ᠂ ᠨᠢᠭᠡ ᠪᠦᠯᠦᠭ ᠤᠰᠤᠨ | ᠠᠰᠢᠭᠯᠠᠯᠲᠠ ᠢᠯᠠᠩᠭᠤᠶ᠎ᠠ ᠲᠣᠮᠣ ᠬᠡᠯᠪᠡᠷᠢ ᠶᠢᠨ ᠤᠰᠤ ᠲᠠᠲᠠᠬᠤ ᠤᠰᠤᠯᠠᠯᠲᠠ᠂ ᠵᠠᠮ ᠬᠠᠷᠢᠯᠴᠠᠭ᠎ᠠ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ | ᠵᠡᠷᠭᠡ ᠲᠥᠷᠥᠯ ᠵᠦᠢᠯ ᠢ ᠰᠢᠨ᠎ᠡ ᠪᠠᠷ ᠡᠬᠢᠯᠡᠭᠦᠯᠵᠦ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ | ᠬᠡᠪᠴᠢᠶᠡᠵᠢᠯ ᠤᠨ ᠴᠢᠨᠠᠷᠲᠠᠢ ᠤᠷᠳᠤ ᠬᠤᠭᠤᠴᠠᠭᠠᠨ ᠤ ᠵᠢᠭᠡᠯᠡᠯᠭᠡ ᠬᠠᠩᠭᠠᠯᠭᠠᠨ᠎ᠠ᠃ ᠰᠢᠨ᠎ᠡ ᠨᠢᠭᠡᠨ ᠡᠭᠡᠯᠵᠢ ᠶᠢᠨ | ᠬᠥᠳᠡᠭᠡ ᠲᠣᠰᠬᠤᠨᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠰᠢᠨᠡᠳᠬᠡᠬᠦ ᠠᠵᠢᠯ ᠢ | ᠡᠬᠢᠯᠡᠭᠦᠯᠦᠨ᠎ᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ 3000 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ | ᠡᠷᠴᠢᠮ ᠢ ᠴᠢᠩᠭᠠᠷᠠᠭᠤᠯᠤᠨ᠎ᠠ᠃ ᠲᠠᠪᠤ ᠳᠤ᠂ ᠡᠨᠧᠷᠭᠢ ᠶᠢᠨ ᠰᠤᠷᠪᠤᠯᠵᠢᠶᠢᠨ ᠠᠮᠤᠷ ᠲᠦᠪᠰᠢᠨ ᠢ ᠪᠠᠲᠤᠯᠠᠨ᠎ᠠ᠃ ᠣᠷᠣᠨ | ᠨᠤᠲᠤᠭ ᠤᠨ ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦᠨ ᠠᠭᠤᠷᠬᠠᠢ ᠶᠢᠨ | ᠭᠠᠷᠤᠯᠲᠠ ᠶᠢ ᠴᠥᠮᠡᠶᠢᠨ ᠠᠷᠭᠠᠪᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ | ᠨᠡᠭᠦᠷᠡᠰᠦᠨ ᠠᠭᠤᠷᠬᠠᠢᠶᠢᠨ ᠭᠠᠷᠤᠯᠲᠠ ᠶᠢ ᠪᠠᠲᠤᠯᠠᠬᠤ ᠭᠠᠷᠳᠠᠮ ᠢ ᠲᠥᠷᠭᠡᠳᠬᠡᠨ ᠭᠦᠢᠴᠡᠳᠬᠡᠨ᠎ᠡ᠃ ᠪᠠᠰᠠ ᠨᠢᠭᠡ | ᠪᠦᠯᠦᠭ ᠤᠰᠤᠨ ᠴᠠᠬᠢᠯᠭᠠᠨ ᠢᠯᠴᠢ ᠶᠢᠨ ᠴᠠᠬᠢᠯᠭᠠᠨ ᠵᠡᠷᠭᠡ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠤᠨ | ᠠᠵᠢᠯ ᠢ ᠡᠬᠢᠯᠡᠭᠦᠯᠦᠨ᠎ᠡ᠃ ᠵᠢᠷᠭᠤᠭ᠎ᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠵᠢᠯ | ᠠᠯᠳᠠᠯᠲᠠ ᠶᠢᠨ ᠪᠠᠲᠤᠯᠠᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠦᠴᠢᠷᠳᠡᠯ ᠲᠠᠢ ᠤᠯᠠᠨ ᠲᠦᠮᠡᠨ ᠢ | ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠪᠠᠶᠢᠳᠠᠯ ᠳᠤ ᠨᠢ ᠲᠣᠬᠢᠷᠠᠭᠤᠯᠤᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ | ᠬᠤᠯᠪᠣᠯᠳᠤᠭᠤᠯᠬᠤ ᠲᠣᠭᠲᠠᠴᠠ ᠶᠢ ᠴᠠᠭ ᠲᠤᠬᠠᠢ ᠳᠤ ᠨᠢ ᠬᠡᠷᠡᠭᠵᠢᠭᠦᠯᠦᠨ᠎ᠡ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ | ᠰᠡᠳᠬᠢᠯᠭᠡ ᠪᠠᠨ ᠴᠢᠩᠭᠠᠳᠬᠠᠵᠤ᠂ ᠴᠢᠩᠭ᠎ᠠ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠠᠯᠢ ᠤᠯᠠᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠵᠦᠢᠯ ᠳᠠᠷᠠᠭᠠᠯᠠᠨ | ᠨᠠᠷᠢᠯᠢᠭᠵᠢᠭᠤᠯᠬᠤ ᠶᠢᠨ ᠬᠠᠮᠲᠤ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠣᠷᠣᠨ ᠨᠤᠲᠤᠭ ᠤᠨ ᠠᠵᠤ ᠠᠬᠤᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠰᠢᠮᠳᠠᠭᠤᠯᠤᠨ ᠪᠠᠶᠢᠴᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠪᠣᠳᠠᠲᠤ ᠪᠠᠶᠢᠳᠠᠯ ᠳᠤ ᠪᠠᠨ | ᠨᠡᠶᠢᠴᠡᠭᠰᠡᠨ ᠠᠵᠤ ᠠᠬᠤᠢ ᠶᠢ ᠲᠣᠭᠲᠠᠭᠤᠨ ᠪᠠᠶᠢᠯᠭᠠᠬᠤ ᠲᠦᠷᠦ ᠶᠢᠨ ᠪᠣᠳᠣᠯᠭ᠎ᠠ ᠶᠢ ᠠᠯᠢ ᠲᠥᠷᠭᠡᠨ ᠢᠶᠠᠷ ᠨᠡᠶᠢᠲᠡᠯᠡᠬᠦ | ᠬᠡᠷᠡᠭᠲᠡᠢ ᠭᠡᠵᠡᠢ᠃ | |