ᠰᠢ ᠶᠢᠨ ᠫᠢᠩ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ | ᠭᠠᠪᠢᠶ᠎ᠠ ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠲᠥᠯᠥᠭᠡᠯᠡᠭᠴᠢᠳ ᠲᠠᠢ | ᠠᠭᠤᠯᠵᠠᠪᠠ | ᠯᠢ ᠺᠧ ᠴᠢᠶᠠᠩ ᠸᠠᠩ ᠬᠤ᠋ ᠨᠢᠩ ᠠᠭᠤᠯᠵᠠᠯᠲᠠ ᠳᠤ ᠣᠷᠣᠯᠴᠠᠵᠠ᠊ ᠢ | ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 25 ᠤ ᠴᠠᠬᠢᠯᠭᠠᠨ ᠮᠡᠳᠡᠭᠡ ᠪᠦᠬᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ ᠪᠠᠶᠢᠭᠤᠯᠤᠭᠰᠠᠨ ᠬᠠᠮᠲᠤ ᠶᠢ | ᠬᠥᠬᠢᠭᠦᠯᠦᠨ ᠰᠠᠶᠢᠰᠢᠶᠠᠬᠤ ᠶᠡᠭᠡ ᠬᠤᠷᠠᠯ 25 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ | ᠲᠡᠳᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠵᠦ᠂ ᠪᠦᠬᠦ ᠤᠯᠤᠰ ᠤᠨ ᠥᠷᠭᠡᠨ ᠤᠯᠠᠨ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠳᠤ ᠴᠢᠩ ᠰᠡᠳᠭᠢᠯ ᠤᠨ ᠮᠡᠨᠳᠦᠴᠢᠯᠡᠯ | ᠳᠡᠪᠰᠢᠭᠦᠯᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ | ᠴᠢᠶᠠᠩ᠂ ᠸᠠᠩ ᠬᠤ᠋ ᠨᠢᠩ ᠠᠭᠤᠯᠵᠠᠯᠲᠠ ᠳᠤ ᠣᠷᠣᠯᠴᠠᠪᠠ᠃ | | | | ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ | ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠬᠦᠷᠴᠦ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ | ᠲᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠲᠠᠢ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠳᠣᠲᠣᠨᠣ ᠪᠠᠷ | ᠶᠠᠷᠢᠯᠴᠠᠭᠰᠠᠨ ᠪᠥᠭᠡᠳ ᠬᠠᠮᠲᠤ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | | | | ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠬᠦ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ | ᠲᠦᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ ᠶᠡᠷᠦᠩᠬᠡᠶ ᠱᠠᠭᠠᠷᠳᠠᠯᠭ᠎ᠠ ᠶᠢ | ᠦᠨᠡᠨᠴᠢ ᠪᠠᠷ ᠦᠢᠯᠡᠳᠦᠯᠭᠡᠵᠢᠭᠦᠯᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ | ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ | ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠠᠢ ᠭᠡᠵᠤ ᠵᠢᠭᠠᠵᠤ ᠭᠠᠷᠭᠠᠵᠠᠢ᠃ | ᠬᠤᠷᠠᠯ ᠳᠡᠭᠡᠷ᠎ᠡ ᠪᠥᠬᠦ ᠤᠯᠤᠰ ᠤᠨ ᠵᠢᠱᠢᠶᠡᠴᠢ ᠳᠣᠲᠣᠭᠠᠳᠤ ᠶᠢ ᠬᠠᠮᠠᠭᠠᠯᠠᠬᠤ ᠨᠢᠭᠡᠴᠢ ᠶᠢ ᠬᠥᠬᠢᠭᠦᠯᠦᠨ | ᠰᠠᠶᠢᠰᠢᠶᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ᠂ ᠪᠦᠬᠦ | ᠤᠯᠤᠰ ᠤᠨ ᠤᠨᠴᠠ ᠳᠡᠰ ᠤᠨ ᠰᠢᠯᠢᠳᠡᠭ ᠠᠷᠠᠳ ᠤᠨ ᠴᠠᠭᠳᠠᠭ᠎ᠠ ᠶᠢ ᠬᠦᠬᠢᠭᠦᠯᠦᠨ ᠰᠠᠶᠢᠰᠢᠶᠠᠬᠤ ᠲᠤᠬᠠᠢ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ | ᠲᠣᠭᠲᠠᠭᠠᠯ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠰᠢᠯᠢᠳᠡᠭ ᠨᠢᠭᠡᠴᠢ ᠰᠢᠯᠢᠳᠡᠭ | ᠠᠷᠠᠳ ᠤᠨ ᠴᠠᠭᠳᠠᠭ᠎ᠠ ᠪᠠ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠢᠶᠠᠨ | ᠬᠠᠶᠢᠷᠠᠯᠠᠭᠰᠠᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠳᠤᠳᠤᠭᠠᠳᠤ ᠶᠢ ᠬᠠᠮᠠᠭᠠᠯᠠᠬᠤ ᠶᠠᠮᠤᠨᠤ ᠵᠠᠷᠯᠢᠭ ᠢ | ᠵᠠᠷᠯᠠᠨ ᠤᠩᠰᠢᠭᠰᠠᠨ ᠪᠥᠭᠡᠳ ᠱᠠᠩᠨᠠᠬᠳᠠᠬᠰᠠᠨ ᠬᠠᠮᠲᠤ ᠪᠠ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ | ᠭᠠᠷᠳᠠᠭᠤᠯᠪᠠ᠃ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ 982 ᠲᠡᠷᠢᠭᠦᠨ ᠤ ᠨᠢᠭᠡᠴᠢ᠂ | 1485 ᠲᠡᠷᠢᠭᠦᠨ ᠤ ᠬᠤᠪᠢ ᠬᠥᠮᠦᠨ ᠬᠥᠬᠢᠭᠦᠯᠦᠨ ᠰᠠᠶᠢᠰᠢᠶᠠᠭᠳᠠᠪᠠ᠃ ᠪᠥᠬᠦ ᠤᠯᠤᠰ ᠤᠨ ᠵᠢᠱᠢᠶᠡᠴᠢ | ᠳᠣᠲᠣᠭᠠᠳᠤ ᠶᠢ ᠬᠠᠮᠠᠭᠠᠯᠠᠬᠤ ᠨᠢᠭᠡᠴᠢ ᠶᠢᠨ ᠲᠥᠯᠥᠭᠡᠯᠡᠭᠴᠢ᠂ ᠪᠡᠭᠡᠵᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠹᠠᠩ ᠱᠠᠨ ᠤ ᠬᠤᠪᠢᠶᠠᠷᠢ ᠲᠣᠪᠴᠢᠶ᠎ᠠ ᠶᠢᠨ ᠪᠡᠭᠡᠵᠢᠩ ᠰᠢᠶᠠᠩᠭᠠᠩ ᠣᠣᠮᠧᠨ ᠤ ᠲᠦᠷᠭᠡᠨ ᠤ ᠵᠠᠰᠠᠮᠠᠯ | ᠵᠠᠮ ᠤᠨ ᠳ᠋ᠧᠦ ᠳ᠋ᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠶᠢᠨ ᠳᠠᠷᠤᠭ᠎ᠠ ᠵᠠᠩ ᠺᠦ᠋᠂ ᠪᠥᠬᠦ | ᠤᠯᠤᠰ ᠤᠨ ᠣᠨᠴᠠ ᠲᠠᠰ ᠤᠨ ᠰᠢᠯᠢᠳᠡᠭ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ᠂ ᠹᠦᠵᠢᠶᠠᠨ ᠮᠤᠵᠢ ᠶᠢᠨ | ᠹᠦᠵᠧᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ | ᠰᠠᠯᠪᠤᠷᠢ ᠠᠩᠭᠢ ᠶᠢᠨ ᠵᠢᠷᠭᠤᠳᠤᠭᠠᠷ ᠶᠡᠭᠡ ᠠᠩᠭᠢ ᠶᠢᠨ ᠳᠠᠷᠤᠭ᠎ᠠ ᠭᠤᠤ ᠵᠠᠨ ᠶᠡᠭᠡ ᠬᠤᠷᠠᠯ ᠳᠡᠭᠡᠷ᠎ᠡ ᠦᠭᠡ ᠬᠡᠯᠡᠪᠡ᠃ | ᠳ᠋ᠢᠩ ᠰᠢᠤᠸᠠᠢ ᠰᠢᠶᠠᠩ᠂ ᠴᠧᠨ ᠰᠢ᠂ ᠰᠢᠶᠤᠤ ᠵᠢᠶᠧ ᠠᠭᠤᠯᠵᠠᠯᠲᠠ ᠳᠤ ᠣᠷᠣᠯᠴᠠᠵᠤ᠂ ᠵᠤᠤ ᠺᠧ ᡁᠢ | ᠠᠭᠤᠯᠵᠠᠯᠲᠠ ᠳᠤ ᠣᠷᠣᠯᠴᠠᠭᠰᠠᠨ ᠪᠥᠭᠡᠳ ᠶᠡᠭᠡ ᠬᠤᠷᠠᠯ ᠢ ᠡᠷᠬᠢᠯᠡᠪᠡ᠃ |