ᠰᠢ ᠶᠢᠨ ᠫᠢᠩ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠵᠠᠬᠢᠳᠠᠯ ᠰᠤᠷᠪᠤᠯᠵᠢᠯᠠᠯ‌‍ᠤᠨ ᠠᠵᠢᠯ ᠤᠨ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ ᠯᠢ ᠺᠧ ᠴᠢᠶᠠᠩ ᠸᠠᠩ ᠬᠤ᠋ ᠨᠢᠩ ᠬᠠᠨ ᠵᠧᠩ ᠠᠭᠤᠯᠵᠠᠯᠳᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2022/10/18
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ  ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ 25 ᠠᠴᠠ 26 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠳᠠᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃
            ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠠᠭᠤᠯᠵᠠᠯᠲᠠ ᠳᠤ ᠣᠷᠣᠯᠴᠠᠪᠠ᠃       25 ᠤ ᠦᠳᠡ ᠶᠢᠨ ᠡᠮᠦᠨ᠎ᠡ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠦᠷᠴᠦ ᠢᠷᠡᠬᠦ ᠳᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠰᠢ ᠶᠢᠨ ᠫᠢᠩ ᠨᠡᠷ ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

     

      ᠭᠦᠸᠧ ᠱᠧᠩ ᠺᠦᠨ ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠡᠭᠡᠷ᠎ᠡ ᠶᠠᠷᠢᠶ᠎ᠠ ᠲᠠᠯᠪᠢᠪᠠ᠃

ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ

ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ

ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾

 ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂

ᠨᠠᠮ ᠤᠨ ᠢᠶᠠᠨ ᠡᠮᠦᠨ᠎ᠠ ᠠᠴᠠ ᠬᠦᠴᠢᠷ ᠢ ᠰᠢᠢᠳᠪᠦᠷᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠳᠤ

ᠴᠡᠭᠡᠵᠢᠯᠡᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ︾ ᠢ ᠭᠦᠨᠵᠡᠭᠡᠢ ᠬᠡᠷᠡᠭᠵᠢᠭᠦᠯᠵᠤ᠂ ᠰᠢᠨ᠎ᠡ ᠴᠠᠭ

ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ

ᠴᠢᠷᠮᠠᠶᠢᠨ ᠪᠢᠴᠢᠭᠯᠡᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ᠂ ᠣᠯᠠᠨ ᠲᠦᠮᠡᠨ ᠤ ᠬᠠᠤᠯᠢ

ᠶᠣᠰᠣᠨ ᠤ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠠᠬᠢᠭᠤᠯᠬᠤ ᠳᠤ ᠨᠡᠩ

ᠶᠡᠭᠡ ᠦᠢᠯᠡᠳᠦᠯ ᠥᠵᠡᠬᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃

      ᠬᠤᠷᠠᠯ ᠠᠴᠠ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠤᠨ

ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢ

ᠵᠡᠷᠬᠡ ᠬᠦᠮᠦᠰ ᠦᠭᠡ ᠬᠡᠯᠡᠪᠡ᠃

      ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠵᠤ᠂ ᠰᠢᠶᠤᠤ ᠵᠢᠶᠧ ᠠᠭᠤᠯᠵᠠᠯᠲᠠ ᠳᠤ ᠣᠷᠣᠯᠴᠠᠭᠰᠠᠨ

ᠪᠥᠭᠡᠳ ᠬᠤᠷᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃

 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号