ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠥᠪᠯᠡᠯᠭᠡ ᠬᠢᠬᠦ ᠠᠵᠢᠯ ᠤᠨ ᠲᠦᠷᠢᠮ︾ ᠢ ᠬᠢᠨᠠᠨ ᠵᠥᠪᠯᠡᠪᠡ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/10/18
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡ ᠬᠢᠬᠦ ᠠᠵᠢᠯ ᠤᠨ ᠲᠦᠷᠢᠮ︾  ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃       ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠬᠡᠯᠪᠡᠷᠢ ᠮᠥᠨ᠂ ᠤᠶᠤᠨ ᠤᠬᠠᠭᠠᠨ ᠢ ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ︽ᠳᠤᠮᠳᠠᠳᠤ ᠤᠯᠤᠰ‌‍ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡ ᠬᠢᠬᠦ ᠠᠵᠢᠯ ᠤᠨ ᠲᠦᠷᠢᠮ︾ ᠢ ᠲᠣᠭᠲᠠᠭᠠᠭᠰᠠᠨ ᠨᠢ ᠤᠯᠤᠰ ᠲᠦᠷᠦ ᠶᠢᠨ ᠵᠥᠪᠯᠡᠯᠭᠡ ᠬᠢᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠤᠯᠤᠰ ᠲᠦᠷᠦ ᠶᠢᠨ ᠵᠥᠪᠯᠡᠯᠭᠡ ᠬᠢᠬᠦ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ ᠳᠦᠷᠢᠮᠵᠢᠭᠰᠡᠨ ᠵᠢᠷᠤᠮᠵᠢᠬᠰᠠᠨ ᠲᠦᠪᠰᠢᠨ ᠢ ᠳᠡᠭᠡᠭᠰᠢᠯᠡᠭᠦᠯᠬᠦ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠡᠵᠥ ᠵᠢᠭᠠᠵᠥ ᠭᠠᠷᠭᠠᠪᠠ᠃       ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡ ᠬᠢᠬᠦ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠳᠤᠤᠷᠠᠬᠢ ᠤᠯᠤᠰ ᠲᠥᠷᠥ ᠶᠢᠨ ᠵᠥᠪᠯᠡᠯᠭᠡ ᠬᠢᠬᠦ ᠠᠵᠢᠯ‌‍ᠤᠨ ᠲᠦᠷᠢᠮ ᠤᠨ ᠰᠢᠰᠲ᠋ᠧᠮ ᠪᠣᠯᠤᠨ ᠠᠵᠢᠯ ᠤᠨ ᠲᠣᠭᠲᠠᠴᠠ ᠪᠠᠷ ᠳᠠᠮᠵᠢᠭᠤᠯᠤᠨ᠂ ᠤᠯᠤᠰ ᠲᠥᠷᠥ ᠶᠢᠨ ᠵᠥᠪᠯᠡᠯᠭᠡ ᠬᠢᠬᠦ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠦᠨᠡᠨ ᠬᠦ ᠪᠠᠲᠤᠯᠠᠵᠤ᠂ ᠤᠯᠤᠰ ᠲᠥᠷᠥ ᠶᠢᠨ ᠵᠥᠪᠯᠡᠯᠭᠡ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠭᠤᠣᠯᠳᠠᠯᠭ᠎ᠠ ᠶᠢᠨ ᠳᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ ᠪᠠᠷ ᠳᠠᠮᠵᠢᠭᠤᠯᠤᠨ ᠠᠳᠠᠯᠢ ᠪᠠᠨ ᠡᠷᠢᠵᠥ ᠵᠥᠷᠢᠶ᠎ᠡ ᠪᠠᠨ ᠦᠯᠡᠳᠡᠭᠡᠵᠦ᠂ ᠠᠳᠠᠯᠢ ᠲᠠᠯ᠎ᠠ ᠪᠠᠨ ᠨᠢᠬᠡᠳᠬᠡᠵᠥ ᠵᠥᠷᠢᠶ᠎ᠡ ᠪᠠᠨ ᠪᠠᠭᠠᠰᠬᠠᠵᠥ᠂ ᠦᠨᠳᠦᠰᠦᠨ ᠠᠰᠠᠭᠤᠳᠠᠯ᠂ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠪᠠᠨ ᠨᠢᠭᠡᠳᠭᠡᠵᠦ᠂ ᠡᠯ᠎ᠡ ᠲᠠᠯ᠎ᠠ ᠶᠢᠨ ᠬᠦᠴᠦᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠬᠠᠮᠳᠤᠷᠠᠯ ᠬᠦᠴᠦᠨ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠲᠦᠷᠢᠮ︾ ᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠤᠯᠤᠰ ᠲᠥᠷᠥ ᠶᠢᠨ ᠵᠥᠪᠯᠡᠯᠭᠡ ᠬᠢᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号