ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 27 ᠤ ᠦᠳᠡ ᠶᠢᠨ ᠬᠤᠶᠢᠨ᠎ᠠ ᠳᠤᠮᠳᠠᠳᠤ ᠶᠢᠨ | ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠢ ᠭᠦᠨᠵᠡᠭᠡᠶᠢᠷᠡᠭᠦᠯᠬᠦ ᠲᠤᠬᠠᠢ ᠭᠤᠴᠢ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ | ᠥᠷᠭᠡᠨ ᠳᠡᠯᠭᠡᠷ ᠭᠦᠨ ᠭᠦᠨᠵᠡᠭᠡᠶ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠣᠶᠤᠨ ᠰᠠᠨᠠᠭᠠᠨ ᠤ | ᠪᠡᠯᠭᠡ ᠲᠡᠮᠳᠡᠭ ᠮᠥᠨ᠂ ᠣᠲᠣ ᠦᠶ᠎ᠡ ᠶᠢᠨ ᠳᠤᠮᠳᠠᠳᠤ ᠤᠯᠤᠰ ᠤᠨ ᠰᠣᠶᠣᠯ ᠤᠨ ᠦᠨᠳᠦᠰᠦ ᠰᠠᠭᠤᠷᠢ ᠮᠥᠨ᠂ ᠪᠥᠬᠦ | ᠳᠡᠯᠡᠬᠡᠶ ᠶᠢᠨ ᠲᠤᠮᠳᠠᠳᠤᠴᠤᠳ ᠤᠨ ᠣᠶᠤᠨ ᠰᠠᠨᠠᠭᠠᠨ ᠤ ᠬᠤᠯᠪᠣᠭᠠᠰᠤ ᠮᠥᠨ᠂ ᠪᠠᠰᠠ ᠴᠤ ᠳᠤᠮᠳᠠᠳᠤ ᠤᠯᠤᠰ ᠤᠨ | ᠰᠣᠶᠣᠯ ᠤᠨ ᠰᠢᠨ᠎ᠡ ᠶᠢ ᠡᠭᠦᠳᠬᠦ ᠶᠢᠨ ᠡᠷᠳᠡᠨᠢᠰ ᠤᠨ ᠰᠠᠩ ᠮᠥᠨ᠃ ᠤᠷᠳᠤ ᠤᠳᠠᠭᠠᠨ ᠲᠡᠦᠬᠡᠨ ᠶᠠᠪᠤᠴᠠ ᠳᠤ | ᠳᠤᠮᠳᠠᠳᠤ ᠶᠢᠨ ᠦᠨᠳᠦᠰᠦᠲᠡᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠡᠷᠡᠰ ᠵᠣᠷᠢᠭ ᠪᠠ ᠡᠷᠴᠢ ᠵᠣᠷᠢᠭ ᠢᠶᠠᠷ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠭᠤᠯᠠ ᠤᠰᠤ ᠶᠢ ᠲᠤᠭᠤᠯᠤᠨ᠂ ᠳᠡᠯᠡᠬᠡᠢ ᠶᠢᠨ ᠪᠤᠰᠤᠳ ᠪᠣᠯᠪᠠᠰᠤᠨ | ᠴᠣᠭᠴᠠ ᠲᠠᠢ ᠠᠳᠠᠯᠢ ᠪᠤᠰᠤ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠦᠭᠰᠡᠨ ᠶᠤᠮ᠃ ᠳᠤᠮᠳᠠᠳᠤ ᠶᠢᠨ | ᠪᠣᠯᠪᠠᠰᠤᠨ ᠤ ᠲᠠᠪᠤᠨ ᠮᠢᠩᠭ᠎ᠠ ᠭᠠᠷᠤᠢ ᠵᠢᠯ ᠤᠨ ᠬᠥᠭᠵᠢᠯᠲᠡ ᠶᠢᠨ ᠲᠡᠦᠬᠡ ᠶᠢ ᠭᠦᠨᠵᠡᠭᠡᠢ ᠣᠶᠢᠯᠠᠭᠠᠵᠤ᠂ ᠳᠤᠮᠳᠠᠳᠤ | ᠤᠯᠤᠰ ᠤᠨ ᠪᠣᠯᠪᠠᠰᠤᠨ ᠤ ᠲᠡᠦᠬᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠪᠦᠬᠦ ᠨᠠᠮ ᠪᠦᠬᠦ ᠨᠡᠶᠢᠭᠡᠮ ᠤᠨ | ᠲᠡᠦᠬᠡ ᠶᠢᠨ ᠤᠬᠠᠮᠰᠠᠷ ᠢᠶᠠᠨ ᠴᠢᠩᠭᠠᠳᠬᠠᠬᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠶᠢ ᠠᠬᠢᠭᠤᠯᠵᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠦᠬᠡ ᠶᠢᠨ ᠤᠬᠠᠭᠠᠨ ᠤ | ᠬᠡᠯᠲᠡᠰ ᠤᠨ ᠡᠷᠬᠢᠯᠡᠭᠴᠢ᠂ ᠰᠤᠳᠤᠯᠤᠭᠴᠢ ᠸᠠᠩ ᠸᠧᠢ ᠡᠨᠡ ᠬᠦ ᠠᠰᠠᠭᠤᠳᠠᠯ ᠤᠨ ᠲᠤᠬᠠᠢ ᠲᠠᠶᠢᠯᠪᠤᠷᠢᠯᠠᠵᠤ᠂ ᠠᠵᠢᠯ ᠤᠨ | ᠰᠠᠨᠠᠭᠤᠯᠭ᠎ᠠ ᠳᠤᠷᠠᠳᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ | ᠲᠠᠶᠢᠯᠪᠤᠷᠢᠯᠠᠯᠳᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠮᠠᠨ ᠤ ᠨᠠᠮ | ᠲᠡᠦᠬᠡᠨ ᠪᠣᠳᠠᠰᠴᠢ ᠦᠵᠡᠯ ᠤᠨ ᠵᠣᠭᠰᠣᠯᠲᠠ ᠦᠵᠡᠯᠲᠡ ᠠᠷᠭ᠎ᠠ ᠪᠠᠷ ᠳᠤᠮᠳᠠᠳᠤ ᠶᠢᠨ ᠦᠨᠳᠦᠰᠦᠲᠡᠨ ᠤ ᠲᠡᠦᠬᠡ ᠳᠤ | ᠬᠠᠨᠳᠤᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠤᠭᠰᠠᠭᠠᠷ ᠢᠷᠡᠵᠡᠢ᠃ | ᠬᠡᠳᠦᠨ ᠦᠶ᠎ᠡ ᠶᠢᠨ ᠡᠷᠳᠡᠮᠲᠡᠳ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠳᠤᠮᠳᠠᠳᠤ ᠶᠢᠨ ᠪᠣᠯᠪᠠᠰᠤᠨ ᠤ ᠡᠬᠢ | ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠵᠡᠷᠭᠡ ᠴᠢᠬᠤᠯᠠ ᠶᠡᠭᠡ ᠢᠨᠵᠧᠨᠧᠷᠢᠩ ᠤᠨ ᠰᠤᠳᠤᠯᠭᠠᠨ ᠤ ᠦᠷ᠎ᠡ | ᠪᠦᠲᠦᠭᠡᠯ ᠨᠢ ᠮᠠᠨ ᠤ ᠤᠯᠤᠰ ᠤᠨ ᠵᠠᠭᠤᠨ ᠲᠦᠮᠡᠨ ᠵᠢᠯ ᠤᠨ ᠬᠥᠮᠦᠨ ᠲᠥᠷᠥᠯᠬᠢᠲᠡᠨ ᠤ ᠲᠡᠦᠬᠡ᠂ ᠲᠦᠮᠡᠨ ᠵᠢᠯ ᠤᠨ | ᠰᠣᠶᠣᠯ ᠤᠨ ᠲᠡᠦᠬᠡ᠂ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠶᠢ ᠭᠡᠷᠡᠴᠢᠯᠡᠭᠰᠡᠨ ᠪᠠᠶᠢᠨ᠎ᠠ᠃ | ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠨ ᠰᠢᠨᠵᠢᠯᠡᠬᠦ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ | ᠣᠯᠤᠭᠰᠠᠨ ᠪᠣᠯᠪᠠᠴᠤ ᠮᠦᠨ ᠯᠡ ᠡᠭᠦᠷᠭᠡ ᠬᠦᠨᠳᠦ ᠵᠠᠮ ᠬᠤᠯᠠ ᠪᠠᠶᠢᠨ᠎ᠠ᠂ ᠡᠷᠬᠡᠪᠰᠢ ᠦᠷᠭᠦᠯᠵᠢᠯᠡᠨ ᠠᠬᠢᠭᠤᠯᠵᠤ᠂ | ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠨ ᠰᠢᠨᠵᠢᠯᠡᠬᠦ ᠢᠨᠵᠧᠨᠧᠷᠢᠩ ᠨᠢ | ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ᠂ ᠪᠦᠷᠢᠯᠳᠦᠯ᠂ ᠬᠥᠭᠵᠢᠯᠲᠡ ᠶᠢᠨ ᠲᠡᠦᠬᠡ ᠶᠢᠨ ᠰᠤᠳᠠᠰᠤ᠂ | ᠳᠤᠮᠳᠠᠳᠤ ᠶᠢᠨ ᠪᠣᠯᠪᠠᠰᠤᠨ ᠤ ᠤᠯᠠᠨ ᠡᠰᠢᠵᠢᠭᠰᠡᠨ ᠨᠢᠭᠡ ᠴᠤᠬᠴᠠᠵᠢᠬᠰᠡᠨ ᠪᠠᠶᠢᠷᠢᠰᠢᠯ ᠤᠨ ᠪᠦᠷᠢᠯᠳᠦᠯ ᠪᠠ | ᠬᠥᠭᠵᠢᠯᠲᠡ ᠶᠢᠨ ᠶᠠᠪᠤᠴᠠ᠂ ᠳᠤᠮᠳᠠᠳᠤ ᠶᠢᠨ ᠪᠣᠯᠪᠠᠰᠤᠨ ᠤ ᠣᠨᠴᠠᠯᠢᠭ ᠵᠢᠴᠢ ᠪᠦᠷᠢᠯᠳᠦᠭᠰᠡᠨ ᠰᠢᠯᠲᠠᠭᠠᠨ ᠵᠡᠷᠭᠡ ᠳᠤ | ᠴᠥᠮ ᠨᠡᠯᠢᠶᠡᠳ ᠲᠣᠳᠣᠷᠬᠠᠢ ᠲᠠᠨᠢᠯᠲᠠ ᠲᠠᠢ ᠪᠣᠯᠵᠠᠢ᠃ ᠡᠭᠦᠨ ᠤ ᠵᠡᠷᠭᠡ ᠪᠠᠷ᠂ ᠢᠨᠵᠧᠨᠧᠷᠢᠩ ᠤᠨ ᠣᠯᠤᠭᠰᠠᠨ ᠦᠷ᠎ᠡ | ᠪᠦᠲᠦᠭᠡᠯ ᠨᠢ ᠮᠥᠨ ᠯᠡ ᠠᠩᠬ᠎ᠠ ᠠᠯᠬᠤᠮ ᠤᠨ ᠪᠠ ᠱᠠᠲᠤ ᠦᠶᠡᠴᠢ ᠴᠢᠨᠠᠷᠲᠠᠶ ᠪᠠᠶᠢᠵᠤ᠂ ᠪᠠᠰᠠ ᠮᠠᠰᠢ ᠣᠯᠠᠨ | ᠲᠡᠦᠬᠡ ᠶᠢᠨ ᠣᠨᠢᠰᠤᠭ᠎ᠠ ᠶᠢ ᠲᠠᠶᠢᠯᠬᠤ ᠶᠢ ᠬᠦᠯᠢᠶᠡᠵᠦ ᠪᠠᠶᠢᠨ᠎ᠠ᠂ ᠪᠠᠰᠠ ᠮᠠᠰᠢ ᠣᠯᠠᠨ ᠴᠢᠬᠤᠯᠠ ᠶᠡᠭᠡ ᠠᠰᠠᠭᠤᠳᠠᠯ ᠢ | ᠨᠤᠲᠠᠯᠠᠬᠤ ᠪᠠ ᠰᠤᠳᠤᠯᠬᠤ ᠪᠠᠷ ᠳᠡᠮᠵᠢᠨ ᠬᠠᠮᠲᠤ ᠶᠢᠨ ᠲᠠᠨᠢᠯᠲᠠ ᠲᠠᠢ ᠪᠣᠯᠬᠤ ᠴᠢᠬᠤᠯᠠᠲᠠᠶ ᠪᠠᠶᠢᠨ᠎ᠠ ᠭᠡᠵᠤ | ᠴᠢᠬᠤᠯᠠᠴᠢᠯᠠᠪᠠ᠃ | ᠰᠢ ᠶᠢᠨ ᠫᠢᠩ᠂ ᠪᠢᠳᠠ ᠠᠮᠢᠳᠤ ᠪᠣᠳᠠᠰ ᠤᠨ ᠰᠤᠳᠤᠯᠤᠯ᠂ ᠮᠣᠯᠧᠺᠦ᠋ᠯ ᠤᠨ ᠠᠮᠢᠳᠤ ᠪᠣᠳᠠᠰᠤᠨ ᠰᠤᠳᠤᠯᠤᠯ᠂ | ᠬᠢᠮᠢ᠂ ᠭᠠᠵᠠᠷ ᠵᠦᠢ᠂ ᠹᠢᠽᠢᠺ ᠵᠡᠷᠭᠡ ᠬᠤᠰᠢᠭᠤᠷᠠᠯ ᠰᠢᠨᠵᠢᠯᠡᠭᠡᠨ ᠤ ᠬᠠᠮᠤᠭ ᠤᠨ ᠰᠢᠨ᠎ᠡ ᠮᠡᠷᠭᠡᠵᠢᠯ ᠢᠶᠠᠷ ᠮᠠᠨ ᠤ | ᠤᠯᠤᠰ ᠤᠨ ᠡᠷᠲᠡᠨ ᠤ ᠦᠯᠡᠳᠡᠭᠳᠡᠯ ᠳᠤ ᠵᠠᠳᠠᠯᠤᠯᠲᠠ ᠬᠢᠵᠦ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ | ᠬᠠᠶᠢᠨ ᠰᠢᠨᠵᠢᠯᠡᠬᠦ ᠳᠤ ᠪᠠᠲᠤ ᠪᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠳᠠᠯᠤᠯᠲᠠ ᠶᠢᠨ | ᠦᠨᠳᠦᠰᠦᠯᠡᠯ ᠲᠠᠢ ᠪᠣᠯᠭᠠᠵᠤ᠂ ᠪᠢᠳᠡᠨ ᠤ ᠳᠤᠮᠳᠠᠳᠤ ᠤᠯᠤᠰ ᠤᠨ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ | ᠲᠡᠦᠬᠡ ᠶᠢᠨ ᠲᠤᠬᠠᠢ ᠲᠠᠨᠢᠯᠲᠠ ᠶᠢ ᠥᠷᠭᠡᠳᠭᠡᠪᠡ᠃ ᠪᠣᠯᠪᠠᠰᠤᠨ ᠤ ᠡᠭᠢ ᠡᠭᠦᠰᠦᠯ ᠪᠠ ᠪᠦᠷᠢᠯᠳᠦᠯ ᠤᠨ ᠲᠤᠬᠠᠢ | ᠰᠦᠪᠡᠭᠴᠢᠯᠡᠯ ᠪᠣᠯ ᠨᠢᠭᠡᠨ ᠨᠠᠷᠢᠨ ᠪᠤᠳᠤᠯᠢᠶᠠᠨᠲᠠᠢ ᠮᠥᠷᠲᠡᠭᠡᠨ ᠤᠷᠳᠤ ᠤᠳᠠᠭᠠᠨ ᠰᠢᠰᠲ᠋ᠧᠮᠲᠦ ᠢᠨᠵᠧᠨᠧᠷᠢᠩ ᠮᠥᠨ᠂ | ᠬᠠᠭᠤᠴᠢ ᠰᠤᠳᠤᠯᠤᠯ ᠤᠨ ᠰᠦᠪᠡᠭᠴᠢᠯᠡᠯ ᠪᠠ ᠲᠤᠯᠭᠤᠷ ᠪᠢᠴᠢᠭ ᠤᠨ ᠰᠤᠳᠤᠯᠭᠠᠨ ᠢ ᠪᠠᠶᠢᠭᠠᠯᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠪᠣᠳᠠᠰ᠂ ᠤᠶᠤᠨ ᠰᠠᠨᠠᠭ᠎ᠠ | ᠪᠠ ᠨᠡᠶᠢᠭᠡᠮ ᠤᠨ ᠬᠠᠷᠢᠴᠠᠭᠠᠨ ᠤ ᠬᠡᠯᠪᠡᠷᠢ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠡᠵᠡᠮᠰᠢᠵᠦ᠂ | ᠪᠣᠯᠪᠠᠰᠤᠨ ᠤ ᠨᠠᠷᠢᠨ ᠭᠤᠷᠤᠬ᠎ᠠ ᠶᠢᠨ ᠤᠷᠤᠰᠬᠠᠯ ᠠᠴᠠ ᠭᠤᠣᠯ ᠮᠥᠷᠡᠨ ᠤ ᠬᠤᠷᠠᠮᠠᠯ ᠤᠷᠤᠰᠬᠠᠯ ᠬᠦᠷᠲᠡᠯᠡᠬᠢ | ᠬᠥᠭᠵᠢᠯᠲᠡ ᠶᠢᠨ ᠶᠠᠪᠤᠴᠠ ᠶᠢ ᠠᠯᠬᠤᠮ ᠠᠯᠬᠤᠮ ᠢᠶᠠᠷ ᠰᠡᠷᠭᠦᠭᠡᠬᠦ ᠴᠢᠬᠤᠯᠠᠲᠠᠢ ᠶᠤᠮ᠃ ᠨᠢᠭᠡᠳᠦᠯᠲᠡᠢ | ᠲᠥᠯᠥᠪᠵᠢᠭᠦᠯᠭᠡ ᠪᠣᠯᠤᠨ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠠᠨ ᠰᠢᠨᠵᠢᠯᠡᠭᠡᠨ᠂ | ᠤᠯᠠᠨ ᠬᠠᠷᠠᠭᠠᠰᠤ᠂ ᠤᠯᠠᠨ ᠲᠡᠰ ᠳᠠᠪᠬᠤᠷᠭ᠎ᠠ᠂ ᠪᠦᠬᠦ ᠲᠠᠯ᠎ᠠ ᠪᠠᠷ᠂ ᠬᠠᠭᠤᠴᠢ ᠰᠤᠳᠤᠯᠤᠯ ᠪᠣᠯᠤᠨ ᠲᠡᠦᠬᠡ ᠶᠢᠨ | ᠤᠬᠠᠭᠠᠨ᠂ ᠰᠣᠶᠣᠯ ᠢᠷᠭᠡᠨᠰᠢᠯ ᠤᠨ ᠰᠢᠨᠵᠢᠯᠡᠬᠦ ᠤᠬᠠᠭᠠᠨ ᠪᠣᠯᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠬᠠᠮᠲᠤᠷᠠᠭᠰᠠᠨ ᠪᠣᠭᠤᠮᠲᠠ ᠰᠢᠪᠲᠤᠯᠤᠯᠲᠠ ᠶᠢ ᠨᠢᠭᠲᠠᠷᠠᠭᠤᠯᠵᠤ᠂ ᠰᠤᠳᠤᠯᠭᠠᠨ ᠤ ᠴᠠᠭ ᠣᠷᠣᠨ ᠵᠠᠢ ᠶᠢᠨ ᠬᠡᠪᠴᠢᠶ᠎ᠡ | ᠪᠣᠯᠤᠨ ᠬᠠᠮᠤᠷᠬᠤ ᠬᠦᠷᠢᠶ᠎ᠡ ᠶᠢ ᠥᠷᠭᠡᠳᠭᠡᠵᠦ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ᠂ ᠪᠦᠷᠢᠯᠳᠦᠯ᠂ | ᠬᠥᠭᠵᠢᠯᠲᠡ ᠶᠢᠨ ᠦᠨᠳᠦᠰᠦᠨ ᠵᠢᠷᠤᠭ᠂ ᠳᠣᠲᠣᠭᠠᠳᠤ ᠲᠣᠭᠲᠠᠴᠠ ᠵᠢᠴᠢ ᠡᠯ᠎ᠡ ᠣᠷᠣᠨ ᠪᠦᠰᠡ ᠶᠢᠨ ᠪᠣᠯᠪᠠᠰᠤᠨ ᠤ | ᠬᠤᠪᠢᠰᠤᠯᠲᠠ ᠶᠢᠨ ᠠᠷᠭ᠎ᠠ ᠵᠠᠮ ᠵᠡᠷᠭᠡ ᠴᠢᠬᠤᠯᠠ ᠶᠡᠭᠡ ᠠᠰᠠᠭᠤᠳᠠᠯ ᠳᠤ ᠤᠯᠠᠮ ᠴᠢᠨᠠᠭᠰᠢᠳᠠ ᠰᠠᠶᠢᠲᠤᠷ | ᠬᠠᠷᠢᠭᠤᠯᠲᠠ ᠥᠭᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠨ ᠰᠢᠨᠵᠢᠯᠡᠬᠦ ᠢᠨᠵᠧᠨᠧᠷᠢᠩ ᠨᠢ | ᠪᠤᠯᠪᠠᠰᠤᠨ ᠢ ᠲᠤᠮᠢᠶᠠᠯᠠᠬᠤ ᠪᠠ ᠪᠣᠯᠪᠠᠰᠤᠨ ᠨᠡᠶᠢᠭᠡᠮ ᠳᠤ ᠤᠷᠤᠬᠰᠠᠨ ᠢ ᠮᠠᠭᠠᠳᠯᠠᠨ ᠲᠤᠬᠳᠠᠭᠠᠬᠤ ᠳᠤ ᠳᠤᠮᠳᠠᠳᠤ | ᠤᠯᠤᠰ ᠤᠨ ᠲᠥᠰᠦᠯ ᠢ ᠲᠤᠷᠠᠳᠴᠤ᠂ ᠳᠡᠯᠡᠬᠡᠶ ᠶᠢᠨ ᠪᠣᠯᠪᠠᠰᠤᠨ ᠤ ᠡᠬᠢ ᠡᠭᠦᠰᠦᠯ ᠤᠨ ᠰᠤᠳᠤᠯᠭᠠᠨ ᠳᠤ ᠤᠤᠭᠠᠯ | ᠡᠭᠦᠳᠦᠯᠲᠡ ᠶᠢᠨ ᠴᠢᠨᠠᠷᠲᠠᠶ ᠬᠤᠪᠢ ᠨᠡᠮᠡᠷᠢ ᠦᠵᠡᠭᠦᠯᠪᠡ᠃ ᠮᠠᠨ ᠤ ᠤᠯᠤᠰ ᠤᠨ ︽ᠡᠷᠲᠡᠨ ᠤ ᠪᠣᠯᠪᠠᠰᠤᠨ ᠤ ᠤᠨᠤᠯ︾ | ᠪᠣᠯᠤᠨ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠤᠨ ᠰᠤᠳᠤᠯᠭᠠᠨ ᠤ | ᠦᠷ᠎ᠡ ᠪᠦᠲᠦᠭᠡᠯ ᠢ ᠤᠬᠠᠭᠤᠯᠬᠤ᠂ ᠳᠡᠯᠭᠡᠷᠡᠭᠦᠯᠬᠦ᠂ ᠤᠨᠳᠤᠤᠰᠢᠭᠤᠯᠬᠤ ᠠᠵᠢᠯ ᠢ ᠵᠡᠷᠭᠡ ᠪᠠᠷ ᠰᠠᠶᠢᠲᠤᠷ ᠬᠢᠵᠦ᠂ | ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠪᠠᠭᠤᠷᠢ ᠶᠢ ᠰᠤᠳᠤᠯᠤᠨ ᠲᠠᠶᠢᠯᠪᠤᠷᠢᠯᠠᠬᠤ ᠪᠠ | ᠳᠡᠯᠭᠡᠨ ᠦᠵᠡᠭᠦᠯᠵᠦ ᠤᠯᠠᠮᠵᠢᠯᠠᠬᠤ ᠶᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠤ ᠨᠥᠯᠥᠭᠡᠯᠡᠬᠦ ᠬᠦᠴᠦᠨ | ᠪᠣᠯᠤᠨ ᠤᠷᠢᠶᠠᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠲᠠᠪᠤᠨ ᠮᠢᠩᠭ᠎ᠠ ᠭᠠᠷᠤᠢ ᠵᠢᠯ ᠤᠨ ᠤᠷᠳᠤ ᠤᠳᠠᠭᠠᠨ ᠪᠣᠯᠪᠠᠰᠤᠨ ᠤ ᠬᠥᠭᠵᠢᠯᠲᠡ ᠶᠢᠨ | ᠲᠡᠦᠬᠡ ᠳᠤ᠂ ᠳᠤᠮᠳᠠᠳᠤ ᠤᠯᠤᠰ ᠤᠨ ᠠᠷᠠᠳ ᠲᠦᠮᠡᠨ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠡᠭᠦᠳᠴᠦ᠂ | ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ | ᠦᠵᠡᠭᠦᠯᠪᠡ᠃ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠤᠨ ᠰᠤᠳᠤᠯᠤᠯ ᠢ ᠳᠤᠮᠳᠠᠳᠤ ᠶᠢᠨ ᠪᠣᠯᠪᠠᠰᠤᠨ ᠤ | ᠣᠨᠴᠠᠯᠢᠭ ᠰᠢᠨᠵᠢ ᠪᠠ ᠬᠡᠯᠪᠡᠷᠢ ᠪᠠᠶᠢᠳᠠᠯ ᠵᠡᠷᠭᠡ ᠴᠢᠬᠤᠯᠠ ᠶᠡᠭᠡ ᠠᠰᠠᠭᠤᠳᠠᠯ ᠤᠨ ᠰᠤᠳᠤᠯᠤᠯ ᠲᠠᠢ ᠨᠢᠭᠲᠠ | ᠤᠶᠠᠯᠳᠤᠭᠤᠯᠵᠤ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠳᠤ ᠢᠯᠡᠷᠬᠡᠶᠢᠯᠡᠭᠰᠡᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠵᠠᠮ ᠤᠨ ᠬᠠᠨᠳᠤᠰᠢ ᠪᠠ ᠳᠤᠮᠳᠠᠳᠤ ᠶᠢᠨ | ᠦᠨᠳᠦᠰᠦᠲᠡᠨ ᠤ ᠤᠯᠠᠨ ᠡᠰᠢᠵᠢᠭᠰᠡᠨ ᠨᠢᠭᠡ ᠴᠤᠭᠴᠠᠵᠢᠭᠰᠠᠨ ᠬᠤᠪᠢᠰᠤᠯᠲᠠ ᠶᠢᠨ ᠪᠠᠶᠢᠷᠢᠰᠢᠯ ᠢ ᠭᠦᠨᠵᠡᠭᠡᠢ | ᠰᠤᠳᠤᠯᠤᠨ ᠲᠠᠶᠢᠯᠪᠤᠷᠢᠯᠠᠵᠤ᠂ ᠳᠤᠮᠳᠠᠳᠤ ᠶᠢᠨ ᠪᠣᠯᠪᠠᠰᠤᠨ ᠤ ᠥᠷᠥᠰᠢᠶᠡᠯ ᠬᠠᠶᠢᠷ᠎ᠠ ᠶᠢ ᠡᠷᠬᠢᠮᠯᠡᠬᠦ᠂ ᠠᠷᠠᠳ ᠢᠶᠠᠷ | ᠦᠨᠳᠦᠰᠦ ᠪᠣᠯᠭᠠᠬᠤ ᠶᠢ ᠴᠢᠬᠤᠯᠠᠴᠢᠯᠠᠬᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠰᠢᠳᠤᠷᠭᠤ ᠪᠠᠳᠤ ᠶᠣᠰᠣ ᠶᠢ | ᠡᠷᠬᠢᠮᠯᠡᠬᠦ᠂ ᠡᠶ᠎ᠡ ᠨᠠᠶᠢᠷ ᠢ ᠡᠷᠬᠢᠮᠯᠡᠬᠦ᠂ ᠶᠡᠭᠡ ᠨᠢᠭᠡᠳᠦᠯ ᠢ ᠡᠷᠢᠯᠬᠢᠯᠡᠬᠦ ᠵᠣᠷᠢᠭ ᠰᠠᠨᠠᠭᠠᠨ ᠤ ᠣᠨᠴᠠᠯᠢᠭ ᠰᠢᠨᠵᠢ ᠪᠠ | ᠬᠥᠭᠵᠢᠯᠲᠡ ᠶᠢᠨ ᠬᠡᠯᠪᠡᠷᠢ ᠪᠠᠶᠢᠳᠠᠯ ᠢ ᠰᠤᠳᠤᠯᠤᠨ ᠲᠠᠶᠢᠯᠪᠤᠷᠢᠯᠠᠵᠤ᠂ ᠳᠤᠮᠳᠠᠳᠤ ᠤᠯᠤᠰ ᠤᠨ ᠵᠠᠮ ᠤᠨ ᠭᠦᠨ | ᠵᠤᠵᠠᠭᠠᠨ ᠰᠣᠶᠣᠯ ᠤᠨ ᠠᠭᠤᠯᠤᠭᠳᠠᠬᠤᠨ ᠢ ᠲᠣᠳᠣᠷᠬᠠᠶᠢᠯᠠᠬᠤ ᠬᠡᠷᠡᠭᠲᠡᠢ᠃ ᠳᠤᠮᠳᠠᠳᠤ ᠶᠢᠨ ᠤᠯᠠᠮᠵᠢᠯᠠᠯᠲᠤ | ᠰᠣᠶᠣᠯ ᠳᠤ ᠪᠤᠯ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠷᠬᠢᠵᠦ ᠰᠢᠨ᠎ᠡ ᠶᠢ ᠭᠠᠷᠭᠠᠬᠤ᠂ | ᠲᠡᠭᠦᠨ ᠤ ᠳᠣᠲᠣᠷᠠᠬᠢ ᠰᠢᠯᠢᠳᠡᠭ ᠪᠦᠷᠢᠯᠳᠦᠬᠦᠨ ᠢ ᠨᠢ ᠵᠠᠯᠭᠠᠮᠵᠢᠯᠠᠨ ᠪᠠᠳᠠᠷᠠᠭᠤᠯᠬᠤ ᠶᠢ ᠪᠠᠷᠢᠮᠲᠠᠯᠠᠬᠤ ᠬᠡᠷᠡᠭᠲᠡᠢ᠃ | ᠳᠤᠮᠳᠠᠳᠤ ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠬᠡᠪ ᠨᠠᠮᠪᠠ᠂ ᠳᠤᠮᠳᠠᠳᠤ ᠤᠯᠤᠰ ᠤᠨ ᠵᠢᠪᠬᠤᠭᠠᠲᠤ | ᠪᠣᠯᠪᠠᠰᠤᠨ ᠤ ᠰᠤᠳᠤᠯᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ | ᠶᠠᠷᠢᠶᠠᠨ ᠤ ᠰᠢᠰᠲ᠋ᠧᠮ ᠢ ᠪᠠᠶᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠤᠨ | ᠦᠢᠯᠡᠳᠦᠯᠭᠡ ᠳᠤ ᠬᠦᠴᠦᠲᠡᠢ ᠤᠨᠤᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠪᠣᠯᠪᠠᠰᠤᠨ ᠤ | ᠤᠶᠤᠨ ᠤᠬᠠᠭᠠᠨ ᠤ ᠦᠷ᠎ᠡ ᠪᠦᠲᠦᠭᠡᠯ ᠪᠠ ᠤᠬᠢ ᠰᠣᠳᠣ ᠮᠥᠨ᠂ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ | ᠰᠦᠭ ᠰᠦᠨᠡᠰᠦ ᠮᠥᠨ᠂ ᠪᠢᠳᠡᠨ ᠤ ᠳᠡᠯᠡᠬᠡᠢ ᠶᠢᠨ ᠰᠣᠶᠣᠯ ᠤᠨ ᠲᠤᠯᠬᠢᠰᠤᠯ ᠤᠨ ᠳᠤᠮᠳᠠ ᠬᠦᠯ ᠲᠣᠭᠲᠠᠬᠤ | ᠦᠨᠳᠦᠰᠦ ᠰᠠᠭᠤᠷᠢ ᠮᠥᠨ᠃ ᠪᠢᠳᠡ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ | ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ | ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠪᠠ᠃ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠵᠢᠷᠤᠮᠲᠤ | ᠨᠡᠶᠢᠭᠡᠮ ᠯᠦᠭᠡ ᠵᠣᠬᠢᠴᠠᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠤᠶᠤᠨ ᠰᠠᠨᠠᠭᠠᠨ ᠤ | ᠪᠡᠯᠭᠡ ᠲᠡᠮᠳᠡᠭ ᠢ ᠢᠯᠡᠷᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ | ᠳᠤᠮᠳᠠᠳᠤ ᠤᠯᠤᠰ ᠤᠨ ᠬᠦᠴᠦᠨ ᠢ ᠨᠡᠩ ᠰᠠᠶᠢᠲᠤᠷ ᠴᠣᠭᠴᠠᠯᠠᠬᠤ ᠬᠡᠷᠡᠭᠲᠡᠢ᠃ ᠮᠠᠷᠺᠰ ᠤᠨ ᠦᠵᠡᠯ ᠤᠨ ᠦᠨᠳᠦᠰᠦᠨ | ᠵᠢᠯᠣᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠳᠤᠮᠳᠠ ᠠᠴᠠ ᠡᠬᠢ ᠡᠭᠦᠰᠦᠯ ᠤᠨ ᠬᠦᠳᠡᠯᠭᠡᠬᠦ ᠬᠦᠴᠦᠨ ᠢ ᠡᠷᠢᠯᠬᠢᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠤ | ᠡᠬᠢ ᠡᠭᠦᠰᠦᠯ ᠢ ᠬᠠᠶᠢᠨ ᠰᠢᠨᠵᠢᠯᠡᠬᠦ ᠢᠨᠵᠧᠨᠧᠷᠢᠩ ᠵᠡᠷᠭᠡ ᠰᠤᠳᠤᠯᠭᠠᠨ ᠤ ᠦᠷ᠎ᠡ ᠪᠦᠲᠦᠭᠡᠯ ᠢ ᠭᠦᠢᠴᠡᠳ | ᠠᠰᠢᠭᠯᠠᠵᠤ᠂ ᠳᠤᠮᠳᠠᠳᠤ ᠤᠯᠤᠰ ᠤᠨ ᠡᠷᠲᠡᠨ ᠤ ᠲᠡᠦᠬᠡ ᠶᠢ ᠨᠡᠩ ᠪᠦᠷᠢᠨ ᠣᠨᠣᠪᠴᠢᠲᠠᠢ ᠶᠠᠷᠢᠵᠤ᠂ ᠲᠡᠦᠬᠡ ᠪᠠᠷ | ᠬᠥᠮᠦᠨ ᠢ ᠬᠥᠮᠦᠵᠢᠭᠦᠯᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠡᠷᠲᠡᠨ ᠠᠴᠠ ᠪᠠᠨ ᠠᠪᠤᠭᠠᠳ ᠨᠡᠭᠡᠭᠡᠯᠲᠡᠲᠡᠢ ᠪᠠᠭᠲᠠᠭᠠᠮᠵᠢᠲᠠᠢ | ᠪᠠᠶᠢᠬᠤ ᠪᠠᠷ ᠳᠡᠯᠡᠬᠡᠢ ᠳᠤ ᠠᠯᠳᠠᠷᠰᠢᠵᠤ᠂ ᠪᠤᠰᠤᠳ ᠪᠣᠯᠪᠠᠰᠤᠨ ᠯᠤᠭ᠎ᠠ ᠶᠢᠨ ᠰᠣᠯᠢᠯᠴᠠᠭ᠎ᠠ ᠲᠣᠯᠢᠲᠠᠯ ᠳᠤᠮᠳᠠ ᠰᠢᠨ᠎ᠡ | ᠠᠮᠢᠵᠢᠷᠠᠯ ᠤᠨ ᠬᠦᠴᠦᠨ ᠢᠶᠠᠨ ᠲᠠᠰᠤᠷᠠᠯᠳᠡ ᠦᠭᠡᠢ ᠪᠠᠳᠠᠷᠠᠭᠤᠯᠤᠭᠰᠠᠭᠠᠷ ᠢᠷᠡᠵᠠᠢ᠃ ᠡᠷᠬᠡ ᠲᠡᠭᠰᠢ᠂ ᠬᠠᠷᠢᠯᠴᠠᠨ | ᠲᠤᠯᠢᠳᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠠᠳᠠᠷᠠᠭᠤᠯᠬᠤ ᠶᠢ ᠪᠠᠷᠢᠮᠲᠠᠯᠠᠵᠤ᠂ | ᠠᠳᠠᠯᠢ ᠪᠤᠰᠤ ᠪᠣᠯᠪᠠᠰᠤᠨ ᠤ ᠦᠷᠳᠡᠭ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ ᠠᠭᠤᠳᠠᠮ | ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ ᠤᠯᠤᠰ ᠤᠨ ᠠᠷᠠᠳ ᠲᠦᠮᠡᠨ ᠤ ᠲᠤᠰ ᠪᠡᠶ᠎ᠡ ᠶᠢᠨ | ᠬᠥᠭᠵᠢᠯᠲᠡ ᠶᠢᠨ ᠵᠠᠮ ᠤᠨ ᠲᠤᠬᠠᠢ ᠰᠦᠪᠡᠭᠴᠢᠯᠡᠯᠳᠡ ᠶᠢ ᠬᠦᠨᠳᠦᠳᠭᠡᠵᠦ᠂ ᠪᠣᠯᠪᠠᠰᠤᠨ ᠤ ᠰᠣᠯᠢᠯᠴᠠᠭ᠎ᠠ ᠪᠠᠷ | ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠤ ᠬᠠᠷᠢᠯᠴᠠᠨ ᠲᠤᠯᠢᠲᠠᠯ ᠢᠶᠠᠷ ᠪᠣᠯᠪᠠᠰᠤᠨ ᠤ ᠮᠥᠷᠭᠦᠯᠳᠦᠭᠡᠨ ᠢ | ᠳᠠᠪᠠᠵᠤ᠂ ᠪᠣᠯᠪᠠᠰᠤᠨ ᠬᠠᠮᠲᠤ ᠣᠷᠣᠰᠢᠬᠤ ᠪᠠᠷ ᠪᠣᠯᠪᠠᠰᠤᠨ ᠤ ᠳᠠᠪᠠᠭᠤᠯᠢᠭ ᠢ ᠳᠠᠪᠠᠵᠤ᠂ ᠳᠤᠮᠳᠠᠳᠤ ᠶᠢᠨ | ᠪᠣᠯᠪᠠᠰᠤᠨ ᠳᠤ ᠠᠭᠤᠯᠤᠭᠳᠠᠵᠤ ᠪᠠᠶᠢᠭ᠎ᠠ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠵᠤ᠂ ᠳᠤᠮᠳᠠᠳᠤ ᠶᠢᠨ ᠪᠣᠯᠪᠠᠰᠤᠨ ᠤ ᠦᠯᠢᠭᠡᠷ ᠢ ᠰᠠᠶᠢᠲᠤᠷ | ᠶᠠᠷᠢᠵᠤ᠂ ᠳᠡᠯᠡᠬᠡᠢ ᠳ᠋ᠠᠬᠢᠨ ᠳᠤ ᠢᠲᠡᠭᠡᠮᠵᠢᠲᠡᠢ᠂ ᠬᠠᠶᠢᠷᠠᠯᠠᠯᠳᠠᠢ᠂ ᠬᠦᠨᠳᠦᠳᠭᠡᠭᠦᠰᠢᠲᠡᠢ ᠳᠤᠮᠳᠠᠳᠤ ᠤᠯᠤᠰ ᠤᠨ ᠲᠦᠷᠢ | ᠲᠥᠷᠬᠦ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠤᠯᠤᠰ ᠪᠤᠯ ᠶᠠᠮᠠᠷ ᠶᠠᠩᠵᠤ ᠶᠢᠨ ᠪᠣᠯᠪᠠᠰᠤᠨ ᠪᠠ ᠶᠠᠮᠠᠷ ᠶᠠᠩᠵᠤ ᠶᠢᠨ | ᠤᠯᠤᠰ ᠪᠣᠯᠬᠤ ᠶᠢ ᠲᠣᠳᠣᠷᠬᠠᠢ ᠶᠠᠷᠢᠵᠤ᠂ ᠲᠤᠮᠲᠠᠲᠤᠴᠤᠳ ᠤᠨ ᠤᠷᠴᠢᠯᠠᠩ ᠤᠨ ᠦᠵᠡᠯᠲᠡ᠂ ᠶᠢᠷᠲᠢᠨᠴᠦ ᠶᠢᠨ | ᠦᠵᠡᠯᠲᠡ᠂ ᠨᠡᠶᠢᠭᠡᠮ ᠤᠨ ᠦᠵᠡᠯᠲᠡ᠂ ᠶᠣᠰᠣ ᠰᠤᠷᠲᠠᠬᠤᠨ ᠤ ᠦᠵᠡᠯᠲᠡ ᠶᠢ ᠲᠣᠳᠣᠷᠬᠠᠢ ᠶᠠᠷᠢᠵᠤ᠂ ᠳᠤᠮᠳᠠᠳᠤ ᠶᠢᠨ | ᠪᠣᠯᠪᠠᠰᠤᠨ ᠤ ᠥᠨᠢ ᠤᠳᠠᠭᠠᠨ ᠲᠡᠦᠬᠡ ᠪᠠ ᠰᠤᠶᠤᠯ ᠢᠷᠬᠡᠨᠰᠢᠯ ᠤᠨ ᠠᠭᠤᠯᠤᠭᠳᠠᠬᠤᠨ ᠢ ᠢᠯᠡᠷᠡᠭᠦᠯᠵᠦ᠂ ᠳᠡᠯᠡᠬᠡᠢ | ᠳ᠋ᠠᠬᠢᠨ ᠳᠤ ᠳᠤᠮᠳᠠᠳᠤ ᠤᠯᠤᠰ ᠢ ᠣᠶᠢᠯᠠᠭᠠᠭᠤᠯᠬᠤ᠂ ᠳᠤᠮᠳᠠᠳᠤ ᠤᠯᠤᠰ ᠤᠨ ᠠᠷᠠᠳ ᠲᠦᠮᠡᠨ ᠢ ᠣᠶᠢᠯᠠᠭᠠᠭᠤᠯᠬᠤ᠂ | ᠳᠤᠮᠳᠠᠳᠤ ᠤᠯᠤᠰᠤᠨ ᠡᠪ ᠬᠠᠮᠲᠤ ᠨᠠᠮ ᠢ ᠣᠶᠢᠯᠠᠭᠠᠭᠤᠯᠬᠤ᠂ ᠳᠤᠮᠳᠠᠳᠤ ᠶᠢᠨ ᠦᠨᠳᠦᠰᠦᠲᠡᠨ ᠢ ᠣᠶᠢᠯᠠᠭᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠪᠣᠯ ᠳᠤᠮᠳᠠᠳᠤ ᠶᠢᠨ | ᠦᠨᠳᠦᠰᠦᠲᠡᠨ ᠤ ᠤᠳᠤᠮᠰᠢᠯ ᠪᠣᠯᠤᠨ ᠠᠮᠢᠨ ᠰᠤᠳᠠᠰᠤ ᠶᠢ ᠠᠴᠢᠶᠠᠯᠠᠵᠤ᠂ ᠲᠠᠬᠢᠨ ᠡᠭᠦᠰᠴᠦ ᠪᠣᠯᠤᠰᠢ ᠦᠭᠡᠢ᠂ | ᠣᠷᠣᠯᠠᠭᠤᠯᠵᠤ ᠪᠣᠯᠤᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠪᠣᠯᠤᠨ᠎ᠠ᠃ ᠨᠡᠩ ᠤᠯᠠᠨ | ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠢ ᠠᠮᠢᠯᠠᠭᠤᠯᠵᠤ᠂ ᠳᠤᠮᠳᠠᠳᠤ ᠶᠢᠨ ᠪᠣᠯᠪᠠᠰᠤᠨ ᠢ | ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠬᠤ ᠶᠢ ᠢᠳᠡᠪᠬᠢᠲᠡᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠤᠨ ᠤᠯᠠᠨ | ᠳᠠᠪᠬᠤᠷ ᠦᠷᠳᠡᠭ ᠢ ᠠᠭᠤᠳᠠᠯᠵᠤ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ | ᠠᠴᠢᠶᠠᠯᠠᠭᠰᠠᠨ ᠨᠡᠩ ᠤᠯᠠᠨ ᠦᠷᠳᠡᠭ ᠤᠨ ᠲᠡᠮᠳᠡᠭ ᠪᠠ ᠰᠣᠶᠣᠯ ᠤᠨ ᠪᠦᠲᠦᠭᠡᠭᠳᠡᠬᠦᠨ ᠢ ᠲᠠᠮᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠴᠥᠮ ᠲᠡᠦᠬᠡ ᠶᠢᠨ ᠳᠤᠷᠠᠰᠬᠠᠯᠲᠤ ᠵᠦᠢᠯᠡᠰ | ᠪᠣᠯᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯᠢ ᠴᠢᠬᠤᠯᠠᠴᠢᠯᠠᠵᠤ᠂ ᠲᠡᠦᠬᠡ ᠪᠣᠯᠤᠨ | ᠬᠠᠭᠤᠴᠢ ᠰᠤᠳᠤᠯᠤᠯ ᠤᠨ ᠠᠵᠢᠯᠲᠠᠳ ᠤᠨ ᠰᠤᠳᠤᠯᠭᠠᠨ ᠥᠷᠨᠢᠭᠦᠯᠬᠦ᠂ ᠰᠤᠷᠤᠯᠴᠠᠨ ᠰᠤᠳᠤᠯᠬᠤ᠂ ᠰᠤᠳᠤᠯᠤᠨ | ᠰᠤᠷᠤᠯᠴᠠᠵᠤ ᠰᠣᠯᠢᠯᠴᠠᠬᠤ ᠳᠤ ᠨᠡᠩ ᠤᠯᠠᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ | ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠵᠤ᠂ ᠳᠤᠮᠳᠠᠳᠤ ᠶᠢᠨ ᠪᠣᠯᠪᠠᠰᠤᠨ ᠤ ᠡᠬᠢ ᠡᠭᠦᠰᠦᠯ ᠢ ᠬᠠᠶᠢᠨ ᠰᠢᠨᠵᠢᠯᠡᠬᠦ ᠢᠨᠵᠧᠨᠧᠷᠢᠩ ᠵᠡᠷᠭᠡ ᠰᠤᠳᠤᠯᠭᠠᠨ ᠤ | ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ | ᠬᠥᠮᠦᠵᠢᠭᠦᠯᠦᠨ ᠬᠥᠳᠤᠯᠤᠨ ᠵᠢᠯᠣᠭᠤᠳᠴᠤ ᠪᠠᠶᠢᠭᠠᠳ ᠳᠤᠮᠳᠠᠳᠤ ᠶᠢᠨ ᠪᠣᠯᠪᠠᠰᠤᠨ ᠢ ᠨᠡᠩ ᠰᠠᠶᠢᠨ ᠲᠠᠨᠢᠭᠤᠯᠬᠤ ᠪᠠ | ᠮᠡᠳᠡᠷᠡᠭᠦᠯᠵᠦ᠂ ᠳᠤᠮᠳᠠᠳᠤ ᠤᠯᠤᠰ ᠤᠨ ᠬᠥᠮᠦᠨ ᠪᠣᠯᠬᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠨᠢ | ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |