ᠤᠯᠤᠰ ᠤᠨ ᠲᠡᠷᠢᠬᠦᠯᠡᠭᠴᠢ ᠰᠢ ᠶᠢᠨ ᠫᠢᠩ 30 ᠤ ᠦᠳᠡ ᠶᠢᠨ ᠬᠤᠶᠢᠨ᠎ᠠ ᠳ᠋ᠢᠶᠤᠤ ᠢᠦᠢ ᠲᠠᠢ ᠳᠠᠬᠢ | ᠲᠦᠷᠦ ᠶᠢᠨ ᠵᠤᠴᠢᠳ ᠤᠨ ᠪᠠᠭᠤᠳᠠᠯ ᠳᠤ ᠰᠢᠨ᠎ᠠ ᠪᠠᠷ ᠰᠤᠩᠭᠤᠬᠳᠠᠬᠰᠡᠨ ᠪᠦᠭᠡᠳ ᠲᠦᠪ ᠤᠨ ᠵᠠᠰᠠᠭ ᠤᠨ | ᠤᠷᠳᠤᠨ ᠤ ᠲᠤᠮᠢᠯᠠᠯᠳᠠ ᠶᠢ ᠬᠦᠯᠢᠶᠡᠭᠰᠡᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠵᠠᠬᠢᠷᠭᠠᠨ ᠤ ᠲᠠᠷᠤᠭ᠎ᠠ ᠯᠢ ᠵᠢᠶᠠ ᠴᠤᠤ ᠲᠠᠢ ᠠᠭᠤᠯᠵᠠᠪᠠ᠃ | | | | 5 ᠰᠠᠷ᠎ᠠ ᠶᠢᠨ 30 ᠤ ᠡᠳᠤᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠳ᠋ᠢᠶᠤᠤ ᠢᠦᠢ ᠲᠠᠢ ᠳᠠᠬᠢ | ᠲᠦᠷᠦ ᠶᠢᠨ ᠵᠤᠴᠢᠳ ᠤᠨ ᠪᠠᠭᠤᠳᠠᠯ ᠳᠤ ᠰᠢᠨ᠎ᠠ ᠪᠠᠷ ᠰᠤᠩᠭᠤᠬᠳᠠᠬᠰᠡᠨ ᠪᠦᠭᠡᠳ ᠲᠦᠪ ᠤᠨ ᠵᠠᠰᠠᠭ ᠤᠨ | ᠤᠷᠳᠤᠨ ᠤ ᠲᠤᠮᠢᠯᠠᠯᠳᠠ ᠶᠢ ᠬᠦᠯᠢᠶᠡᠭᠰᠡᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠵᠠᠬᠢᠷᠭᠠᠨ ᠤ ᠲᠠᠷᠤᠭ᠎ᠠ ᠯᠢ ᠵᠢᠶᠠ ᠴᠤᠤ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ | ᠰᠢ ᠶᠢᠨ ᠫᠢᠩ ᠯᠢ ᠵᠢᠶᠠ ᠴᠤᠤ ᠶᠢᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ | ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠠᠷ ᠰᠣᠩᠭᠤᠭᠳᠠᠭᠰᠠᠨ ᠪᠥᠭᠡᠳ ᠲᠥᠪ ᠤᠨ ᠵᠠᠰᠠᠭ ᠤᠨ | ᠣᠷᠳᠣᠨ ᠠᠴᠠ ᠲᠣᠮᠢᠯᠠᠭᠳᠠᠬᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠲᠠ | ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠵᠤ ᠵᠣᠭᠰᠣᠯᠲᠠ ᠪᠠᠲᠤ ᠪᠠᠶᠢᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠠᠳᠠᠯᠢ ᠪᠤᠰᠤ ᠠᠵᠢᠯ ᠤᠨ ᠪᠠᠶᠢᠷᠢ | ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠤᠯᠤᠰ ᠤᠨ ᠠᠮᠤᠷ ᠲᠦᠪᠰᠢᠨ ᠪᠣᠯᠤᠨ ᠰᠢᠶᠠᠩᠭᠠᠩ ᠤᠨ | ᠬᠥᠭᠵᠢᠯ ᠴᠡᠴᠡᠭᠯᠡᠯ ᠲᠣᠭᠲᠠᠭᠤᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠪᠡ᠃ ᠲᠥᠪ ᠠᠴᠠ ᠲᠠᠨ ᠢ ᠭᠦᠢᠴᠡᠳ | ᠨᠤᠲᠠᠯᠠᠵᠤ᠂ ᠪᠠᠰᠠ ᠭᠦᠢᠴᠡᠳ ᠢᠲᠡᠭᠡᠵᠦ ᠪᠠᠶᠢᠨ᠎ᠠ ᠭᠡᠵᠤ ᠬᠡᠯᠡᠪᠡ᠃ | ᠰᠢ ᠶᠢᠨ ᠫᠢᠩ᠂ ᠨᠢᠳᠤᠨᠤᠨ ᠠᠴᠠ ᠨᠠᠭᠠᠰᠢ᠂ ᠰᠢᠨ᠎ᠡ ᠰᠣᠩᠭᠤᠭᠤᠯᠢ ᠶᠢᠨ ᠲᠦᠷᠢᠮ ᠤᠨ ᠳᠣᠣᠷ᠎ᠠ᠂ ᠰᠢᠶᠠᠩᠭᠠᠩ | ᠤᠷᠢᠳ ᠬᠤᠵᠢᠳ ᠰᠣᠩᠭᠤᠭᠤᠯᠢ ᠶᠢᠨ ᠵᠥᠪᠯᠡᠯ ᠤᠨ ᠰᠣᠩᠭᠤᠭᠤᠯᠢ᠂ ᠳᠣᠯᠣᠳᠤᠭᠠᠷ ᠬᠤᠭᠤᠴᠠᠭᠠᠨ ᠤ ᠬᠠᠤᠯᠢ | ᠲᠣᠭᠲᠠᠭᠠᠬᠤ ᠬᠤᠷᠠᠯ ᠤᠨ ᠰᠣᠩᠭᠤᠭᠤᠯᠢ᠂ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠶᠢᠨ | ᠰᠣᠩᠭᠤᠭᠤᠯᠢ ᠶᠠᠪᠤᠭᠤᠯᠵᠤ ᠴᠥᠮ ᠠᠮᠵᠢᠯᠲᠠ ᠣᠯᠵᠠᠢ᠃ ᠰᠢᠨ᠎ᠡ ᠰᠣᠩᠭᠤᠭᠤᠯᠢ ᠶᠢᠨ ᠲᠦᠷᠢᠮ ᠨᠢ ︽ᠤᠯᠤᠰ ᠢᠶᠠᠨ | ᠬᠠᠶᠢᠷᠠᠯᠠᠬᠴᠢᠳ ᠰᠢᠶᠠᠩᠭᠠᠩ ᠢ ᠵᠠᠰᠠᠬᠤ︾ ᠶᠢ ᠨᠠᠶᠢᠳᠠᠪᠤᠷᠢᠵᠢᠭᠤᠯᠬᠤ᠂ ᠰᠢᠶᠠᠩᠭᠠᠩ ᠤᠨ ᠬᠤᠲᠠ ᠶᠢᠨ ᠠᠷᠠᠳ ᠤᠨ | ᠡᠷᠬᠡ ᠮᠡᠳᠡᠵᠦ ᠡᠵᠡᠨ ᠰᠠᠭᠤᠬᠤ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ᠂ ᠨᠡᠶᠢᠭᠡᠮ ᠤᠨ ᠡᠯ᠎ᠡ ᠳᠠᠪᠬᠤᠷᠭ᠎ᠠ ᠡᠯ᠎ᠡ | ᠡᠲᠡᠭᠡᠳ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠶᠠᠩᠭᠠᠩ ᠢ ᠪᠥᠲᠥᠭᠡᠨ ᠪᠠᠶᠢᠭᠤᠯᠬᠤ ᠰᠠᠶᠢᠨ ᠰᠠᠶᠢᠬᠠᠨ | ᠪᠠᠶᠢᠳᠠᠯ ᠢ ᠪᠦᠷᠢᠯᠳᠦᠭᠦᠯᠬᠦ ᠶᠢ ᠠᠬᠢᠭᠤᠯᠬᠤ ᠳᠤ ᠴᠥᠮ ᠰᠢᠢᠳᠪᠦᠷᠢᠯᠡᠭᠴᠢ ᠴᠢᠨᠠᠷᠲᠠᠶ ᠦᠢᠯᠡᠳᠦᠯ ᠦᠵᠡᠭᠦᠯᠦᠭᠰᠡᠨ ᠢ | ᠦᠢᠯᠡᠳᠦᠯᠭᠡ ᠭᠡᠷᠡᠴᠢᠯᠡᠪᠡ᠃ ᠡᠨᠡ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠳᠤ | ᠨᠡᠶᠢᠴᠡᠬᠦ᠂ ᠰᠢᠶᠠᠩᠭᠠᠩ ᠤᠨ ᠪᠣᠳᠠᠲᠤ ᠪᠠᠶᠢᠳᠠᠯ ᠳᠤ ᠨᠡᠶᠢᠴᠡᠬᠦ᠂ ᠰᠢᠶᠠᠩᠭᠠᠩ ᠤᠨ ᠬᠥᠭᠵᠢᠯᠲᠡ ᠶᠢᠨ ᠬᠡᠷᠡᠭᠴᠡᠭᠡ ᠳᠤ | ᠨᠡᠶᠢᠴᠡᠬᠦ ᠨᠢᠭᠡᠨ ᠢᠵᠢ ᠤᠯᠤᠰ ᠲᠦᠷᠦ ᠶᠢᠨ ᠪᠠᠶᠢᠭᠤᠯᠤᠯ᠂ ᠠᠷᠠᠳᠴᠢᠯᠠᠯ ᠤᠨ ᠲᠦᠷᠢᠮ ᠮᠥᠨ ᠪᠣᠯᠬᠤᠷ ᠡᠷᠬᠡᠪᠰᠢ | ᠬᠤᠪᠢ ᠲᠠᠬᠢᠨ ᠢᠶᠠᠷ ᠨᠠᠨᠳᠢᠩᠨᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | | | | ᠰᠢ ᠶᠢᠨ ᠫᠢᠩ᠂ ᠡᠨᠡ ᠵᠢᠯ ᠪᠣᠯ ᠰᠢᠶᠠᠩᠭᠠᠩ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ | ᠪᠣᠯᠤᠨ᠎ᠠ᠃ 25 ᠵᠢᠯ ᠤᠨ ᠲᠤᠷᠰᠢ᠂ ᠬᠡᠳᠦ᠋ᠢᠪᠡᠷ ᠮᠠᠰᠢ ᠤᠯᠠᠨ ᠰᠠᠯᠬᠢ ᠪᠣᠷᠣᠭᠠᠨ ᠥᠷᠢᠰᠥᠯᠳᠦᠭᠡᠨ ᠢ | ᠥᠩᠭᠡᠷᠡᠭᠦᠯᠦᠭᠰᠡᠨ ᠪᠣᠯᠪᠠᠴᠤ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠶᠢᠨ ᠰᠢᠶᠠᠩᠭᠠᠩ ᠳᠠᠬᠢ | ᠦᠢᠯᠡᠳᠦᠯᠭᠡ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠠᠮᠵᠢᠯᠲᠠ ᠣᠯᠵᠠᠢ᠃ ᠲᠥᠪ ᠤᠨ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠡᠷᠡᠰ ᠵᠣᠷᠢᠭ | ᠶᠡᠷᠦ ᠠᠴᠠ ᠭᠤᠶᠢᠪᠢᠯᠵᠠᠭᠰᠠᠨ ᠦᠭᠡᠢ ᠪᠥᠭᠡᠳ ᠨᠡᠩ ᠴᠤ ᠬᠤᠪᠢᠷᠠᠬᠤ ᠦᠭᠡᠢ ᠶᠤᠮ᠃ ᠲᠥᠪ ᠤᠨ ᠵᠠᠰᠠᠭ ᠤᠨ | ᠣᠷᠳᠣᠨ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠡᠯ᠎ᠡ | ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ᠰᠢᠶᠠᠩᠭᠠᠩ ᠨᠢᠭᠡᠨᠲᠡ ᠰᠠᠮᠠᠭᠤᠷᠠᠯ ᠢ ᠵᠠᠰᠠᠬᠤ ᠴᠢᠬᠤᠯᠠ ᠶᠡᠭᠡ | ᠡᠷᠭᠢᠯᠲᠡ ᠶᠢ ᠪᠡᠶᠡᠯᠡᠭᠦᠯᠵᠦ᠂ ᠶᠠᠭ ᠵᠠᠰᠠᠬᠤ ᠪᠠ ᠴᠡᠴᠡᠭᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ | ᠰᠢᠨ᠎ᠡ ᠨᠢᠭᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠵᠠᠰᠠᠭ | ᠬᠡᠷᠡᠭᠵᠢᠭᠦᠯᠬᠦ ᠳᠡᠭᠡᠨ ᠯᠠᠪᠲᠠᠢ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠶᠠᠩᠭᠠᠩ ᠤᠨ ᠬᠥᠭᠵᠢᠯᠲᠡ ᠯᠠᠪᠲᠠᠢ | ᠰᠢᠨ᠎ᠡ ᠬᠠᠭᠤᠳᠠᠰᠤ ᠶᠢ ᠪᠢᠴᠢᠭᠯᠡᠵᠤ ᠲᠠᠶᠢᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠤ ᠴᠢᠬᠤᠯᠠᠴᠢᠯᠠᠪᠠ᠃ | ᠬᠠᠨ ᠵᠧᠩ᠂ ᠰᠢᠶᠠ ᠪᠣᠣ ᠯᠦᠩ ᠨᠠᠷ ᠠᠭᠤᠯᠵᠠᠯᠲᠠ ᠳᠤ ᠣᠷᠣᠯᠴᠠᠵᠠᠢ᠃ |