ᠰᠢ ᠶᠢᠨ ᠫᠢᠩ ᠬᠤᠶᠠᠳᠤᠭᠠᠷ ᠤᠳᠠᠭ᠎ᠠ ᠶᠢᠨ ᠳᠤᠮᠳᠠᠳᠤ ᠤᠯᠤᠰ — ᠨᠣᠮᠣᠬᠠᠨ ᠲᠠᠯᠠᠢ ᠶᠢᠨ ᠠᠷᠠᠯᠳᠤ ᠤᠯᠤᠰ ᠤᠳ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/10/18
      5 ᠰᠠᠷ᠎ᠠ ᠶᠢᠨ 30 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠤᠳᠠᠭ᠎ᠠ ᠶᠢᠨ ᠳᠤᠮᠳᠠᠳᠤ ᠤᠯᠤᠰ — ᠨᠣᠮᠣᠬᠠᠨ ᠲᠠᠯᠠᠢ ᠶᠢᠨ ᠠᠷᠠᠯᠳᠤ ᠤᠯᠤᠰ ᠤᠳ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠶᠠᠷᠢᠶ᠎ᠠ ᠲᠠᠯᠪᠢᠪᠠ᠃       ᠰᠢ ᠶᠢᠨ ᠫᠢᠩ᠂ ᠳᠤᠮᠳᠠᠳᠤ ᠤᠯᠤᠰ ᠪᠣᠯᠤᠨ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠨᠥᠬᠦᠷᠯᠡᠯ ᠥᠨᠢ ᠤᠳᠠᠭᠠᠨ ᠲᠡᠦᠬᠡ ᠲᠠᠢ ᠪᠠᠶᠢᠵᠤ᠂ ᠠᠭᠤᠯᠠ ᠤᠰᠤ ᠪᠠᠷ ᠢᠶᠠᠨ ᠬᠤᠯᠪᠤᠯᠳᠤᠵᠤ ᠪᠠᠶᠢᠳᠠᠭ᠃ ᠤᠢᠢᠷ᠎ᠠ ᠶᠢᠨ ᠵᠢᠯ ᠠᠴᠠ᠂ ᠳᠤᠮᠳᠠᠳᠤ ᠤᠯᠤᠰ ᠬᠢᠭᠡᠳ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠬᠠᠷᠢᠯᠴᠠᠨ ᠬᠦᠨᠳᠦᠳᠭᠡᠵᠦ᠂ ᠬᠠᠮᠲᠤ ᠪᠠᠷ ᠬᠥᠭᠵᠢᠭᠰᠡᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠳᠠᠰᠤᠷᠠᠯᠳᠠ ᠦᠭᠡᠢ ᠤᠷᠤᠭᠰᠢ ᠬᠥᠭᠵᠢᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢᠨ ᠬᠡᠪ ᠳᠠᠭᠤᠷᠢᠶᠠᠯ ᠪᠣᠯᠵᠠᠢ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠳᠤᠮᠳᠠᠳᠤ ᠶᠢᠨ ᠲᠠᠯ᠎ᠠ ᠠᠴᠠ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠢᠮᠠᠭᠲᠠ ᠪᠠᠷᠢᠮᠲᠠᠯᠠᠵᠤ᠂ ᠵᠥᠪ ᠠᠰᠢᠭ ᠵᠢᠷᠤᠮ ᠤᠨ ᠦᠵᠡᠯᠲᠡ ᠪᠣᠯᠤᠨ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠯᠤᠭ᠎ᠠ ᠶᠢᠨ ᠨᠥᠬᠦᠷᠰᠡᠭ ᠬᠠᠷᠢᠯᠴᠠᠭ᠎ᠠ ᠶᠢ ᠬᠥᠭᠵᠢᠭᠦᠯᠪᠡ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠪᠤᠯ ᠢᠮᠠᠭᠲᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠵᠣᠷᠢᠯᠲᠠ ᠨᠢᠭᠡᠲᠡᠢ ᠰᠠᠶᠢᠨ ᠨᠠᠶᠢᠵᠠ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠬᠤ ᠰᠠᠶᠢᠨ ᠠᠬ᠎ᠠ ᠳᠡᠭᠦᠦ᠂ ᠮᠥᠷᠥ ᠵᠡᠷᠭᠡᠴᠡᠨ ᠤᠷᠤᠭᠰᠢᠯᠠᠬᠤ ᠰᠠᠶᠢᠨ ᠬᠠᠨᠢᠲᠠᠨ ᠪᠣᠯᠤᠨ᠎ᠠ᠃ 2021 ᠣᠨ ᠤ 10 ᠰᠠᠷ᠎ᠠ ᠳᠤ᠂ ᠳᠤᠮᠳᠠᠳᠤ ᠤᠯᠤᠰ— ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ᠬᠤᠷᠠᠯ ᠤᠨ ᠲᠣᠭᠲᠠᠴᠠ ᠵᠢᠩᠬᠢᠨᠢ ᠪᠠᠷ ᠪᠠᠶᠢᠭᠤᠯᠤᠭᠳᠠᠵᠤ᠂ ᠳᠤᠮᠳᠠᠳᠤ ᠤᠯᠤᠰ ᠪᠣᠯᠤᠨ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠶᠠᠷᠢᠯᠴᠠᠭ᠎ᠠ ᠪᠠᠨ ᠴᠢᠩᠭᠠᠳᠬᠠᠬᠤ᠂ ᠢᠲᠡᠭᠡᠯᠴᠡᠭᠡ ᠪᠠᠨ ᠨᠡᠮᠡᠭᠳᠡᠭᠦᠯᠬᠦ᠂ ᠬᠠᠮᠲᠤᠷᠠᠯᠴᠠᠭ᠎ᠠ ᠶᠢ ᠠᠬᠢᠭᠤᠯᠬᠤ ᠳᠤ ᠰᠢᠨ᠎ᠡ ᠴᠢᠬᠤᠯᠠ ᠲᠠᠪᠴᠠᠩ ᠢ ᠪᠠᠶᠢᠭᠤᠯᠵᠤ ᠥᠭᠴᠡᠢ ᠭᠡᠵᠦ ᠴᠢᠬᠤᠯᠠᠴᠢᠯᠠᠪᠠ᠃       ᠰᠢ ᠶᠢᠨ ᠫᠢᠩ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠡᠯ᠎ᠡ ᠤᠯᠤᠰ ᠤᠨ ᠬᠥᠭᠵᠢᠯ ᠴᠡᠴᠡᠭᠯᠡᠯ ᠢ ᠠᠬᠢᠭᠤᠯᠬᠤ ᠪᠣᠯ ᠭᠠᠵᠠᠷ ᠣᠷᠣᠨ ᠤ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠭᠠᠵᠠᠷ ᠣᠷᠣᠨ ᠤ ᠤᠯᠤᠰ ᠤᠳ ᠤᠨ ᠬᠠᠮᠲᠤ ᠶᠢᠨ ᠬᠠᠷᠢᠭᠤᠴᠠᠯᠭ᠎ᠠ ᠮᠥᠨ᠃ ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠠᠢ ᠥᠷᠢᠰᠥᠯᠳᠦᠭᠡᠨ ᠢ ᠬᠠᠮᠲᠤ ᠪᠠᠷ ᠤᠭᠲᠤᠬᠤ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠷᠡᠭᠡᠳᠦᠢ ᠶᠢ ᠬᠠᠮᠲᠤ ᠪᠠᠷ ᠴᠣᠭᠴᠠᠯᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠭᠠᠷ ᠬᠤᠯᠪᠣᠯᠴᠠᠨ ᠳᠤᠮᠳᠠᠳᠤ ᠤᠯᠤᠰ ᠬᠢᠭᠡᠳ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠨᠡᠩ ᠨᠢᠬᠳᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号