ᠰᠢ ᠶᠢᠨ ᠫᠢᠩ ᠰᠧᠴᠤᠸᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ ᠰᠢᠨ᠎ᠡ ᠠᠶᠠᠨ ᠳᠤ ᠰᠧᠴᠤᠸᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/10/18
 

     

      6 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂

ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠧᠴᠤᠸᠠᠨ ᠳᠤ ᠰᠢᠨᠵᠢᠯᠡᠨ

ᠪᠠᠶᠢᠴᠠᠭᠠᠪᠠ᠃ ᠵᠢᠷᠤᠭ ᠪᠤᠯ 8 ᠤ ᠦᠳᠡ ᠶᠢᠨ ᠡᠮᠦᠨ᠎ᠡ᠂ ᠰᠢ ᠶᠢᠨ ᠫᠢᠩ ᠮᠧᠶᠢᠱᠠᠨ ᠬᠤᠳᠠ ᠶᠢᠨ ᠳ᠋ᠦᠩ ᠫᠦᠸᠧ

ᠲᠣᠭᠤᠷᠢᠭ ᠤᠨ ᠲᠠᠢ ᠾᠧ ᠪᠠᠯᠭᠠᠰᠤᠨ ᠤ ᠶᠦᠩ ᠹᠧᠩ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ

ᠳᠤᠰᠬᠤᠨ ᠤ ᠠᠷᠠᠳ ᠲᠠᠢ ᠳᠤᠳᠤᠨᠤ ᠪᠠᠷ ᠶᠠᠷᠢᠯᠴᠠᠵᠦ ᠪᠠᠶᠢᠭ᠎ᠠ ᠨᠢ᠃

      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ

     

      6 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂

ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠰᠧᠴᠤᠸᠠᠨ ᠳᠤ ᠰᠢᠨᠵᠢᠯᠡᠨ

ᠪᠠᠶᠢᠴᠠᠭᠠᠪᠠ᠃ ᠵᠢᠷᠤᠭ ᠪᠤᠯ 8 ᠤ ᠦᠳᠡ ᠶᠢᠨ ᠬᠤᠶᠢᠨ᠎ᠠ᠂ ᠢᠪᠢᠨ ᠳᠡᠭᠡᠳᠦ ᠰᠤᠷᠭᠠᠭᠤᠯᠢ ᠳᠤ ᠬᠦᠷᠴᠦ ᠰᠢᠨᠵᠢᠯᠡᠨ

ᠪᠠᠶᠢᠴᠠᠭᠠᠬᠤ ᠳᠠᠭᠠᠨ᠂ ᠶᠠᠭ ᠰᠠᠶ᠋ᠢᠬᠠᠨ ᠠᠵᠤ ᠠᠬᠤᠶᠢᠯᠠᠯ ᠤᠨ ᠠᠵᠢᠯᠲᠠᠨ ᠡᠯᠰᠡᠬᠦ ᠤᠬᠠᠭᠤᠯᠤᠨ ᠲᠠᠶᠢᠯᠪᠤᠷᠢᠯᠠᠬᠤ

ᠬᠤᠷᠠᠯ ᠳᠤ ᠤᠷᠤᠯᠴᠠᠵᠦ ᠪᠠᠶᠢᠭᠰᠠᠨ ᠪᠠᠭᠰᠢ᠂ ᠰᠣᠷᠣᠭᠴᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ

ᠠᠬᠤᠶᠢᠯᠠᠯ ᠤᠨ ᠠᠵᠢᠯᠲᠠᠨ ᠡᠯᠰᠡᠬᠦ ᠬᠡᠷᠡᠭᠴᠡᠭᠡ ᠪᠠ ᠲᠡᠭᠦᠰᠭᠦ ᠤᠶᠤᠲᠠᠳ ᠤᠨ ᠭᠡᠷ᠎ᠡ ᠲᠣᠭᠲᠠᠭᠰᠠᠨ ᠨᠣᠷᠮ᠎ᠠ ᠵᠡᠷᠭᠡ

ᠪᠠᠶᠢᠳᠠᠯ ᠢ ᠣᠶᠢᠯᠠᠭᠠᠵᠤ ᠪᠠᠶᠢᠭ᠎ᠠ ᠨᠢ᠃

      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠠ

      ᠰᠢᠨᠬᠤᠸᠠ ᠬᠤᠷᠢᠶᠠᠨ ᠤ ᠴᠧᠩᠳᠦ᠋ ᠶᠢᠨ 6 ᠰᠠᠷ᠎ᠠ ᠶᠢᠨ 9 ᠤ ᠴᠠᠬᠢᠯᠭᠠᠨ ᠮᠡᠳᠡᠭᠡ  ᠨᠠᠮ ᠤᠨ ᠲᠥᠪ

ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ

ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠰᠧᠴᠤᠸᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ

ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠠᠮ

ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ

ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ

ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ

ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ᠠᠵᠤ ᠠᠬᠤᠢ ᠶᠢᠨ

ᠲᠣᠭᠲᠠᠭᠤᠨ ᠬᠥᠭᠵᠢᠯᠲᠡ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ‌‍ᠶᠢᠨ ᠲᠣᠭᠲᠠᠭᠤᠨ ᠪᠠᠶᠢᠳᠠᠯ ᠢ ᠪᠠᠲᠤᠯᠠᠵᠤ᠂

ᠰᠧᠴᠤᠸᠠᠨ ᠢ ᠵᠠᠰᠠᠵᠤ ᠮᠠᠨᠳᠤᠭᠤᠯᠬᠤ ᠲᠠᠯ᠎ᠠ ᠪᠠᠷ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠨᠡᠶᠢᠭᠡᠮ

ᠵᠢᠷᠤᠮᠳᠤ ᠣᠳᠣᠬᠢᠴᠢᠯᠠᠭᠰᠠᠨ ᠤᠯᠤᠰ‌ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠰᠧᠴᠤᠸᠠᠨ ᠤ

ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ

ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠳᠠᠢ ᠭᠡᠵᠤ ᠴᠢᠬᠤᠯᠠᠴᠢᠯᠠᠵᠠᠢ᠃

      6 ᠰᠠᠷ᠎ᠠ ᠶᠢᠨ 8 ᠤ ᠡᠳᠦᠷ᠂ ᠰᠢ ᠶᠢᠨ ᠫᠢᠩ ᠰᠧᠴᠤᠸᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠸᠠᠩ

ᠰᠢᠶᠤᠤ ᠬᠤᠶ᠂ ᠮᠤᠵᠢ ᠶᠢᠨ ᠳᠠᠷᠤᠭ᠎ᠠ ᠬᠤᠸᠠᠩ ᠴᠢᠶᠠᠩ ᠤᠨ ᠪᠠᠷ᠎ᠠ ᠪᠣᠯᠣᠯᠭ᠎ᠠ‌‍ᠲ᠋ᠠᠢ ᠪᠠᠷ᠂ ᠤᠷᠢᠳ ᠬᠤᠵᠢᠳ ᠮᠦᠢᠱᠠᠨ᠂

ᠢᠪᠢᠨ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ

ᠬᠠᠮᠠᠭᠠᠯᠠᠯᠲᠠ ᠶᠢᠨ ᠨᠢᠭᠡᠴᠢ᠂ ᠰᠤᠷᠭᠠᠭᠤᠯᠢ᠂ ᠠᠵᠤ ᠠᠬᠤᠶᠢᠯᠠᠯ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ

ᠬᠢᠪᠠ᠃

      6 ᠰᠠᠷ᠎ᠠ ᠶᠢᠨ 1 ᠤ ᠡᠳᠦᠷ᠂ ᠰᠧᠴᠤᠸᠠᠨ ᠤ ᠶᠠ ᠠᠨ ᠳᠤ 6.1 ᠲᠡᠰ ᠤᠨ ᠭᠠᠵᠠᠷ ᠬᠥᠳᠡᠯᠦᠯᠲᠡ ᠡᠭᠦᠰᠪᠡ᠂

ᠰᠢ ᠶᠢᠨ ᠫᠢᠩ ᠲᠡᠷᠡ ᠳᠠᠷᠤᠢ ᠳᠤᠨᠢ ᠴᠢᠬᠤᠯᠠ ᠵᠢᠭᠠᠪᠤᠷᠢ ᠥᠭᠴᠦ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ

ᠪᠣᠯᠤᠨ ᠮᠤᠵᠢ ᠶᠢᠨ ᠵᠠᠰᠠᠭ ᠤᠨ ᠣᠷᠳᠣᠨ ᠢ ᠠᠶᠤᠯ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦ ᠪᠠᠷ ᠢᠶᠠᠨ

ᠰᠠᠶᠢᠲᠤᠷ ᠬᠢᠵᠦ᠂ ᠠᠳᠡᠭᠰᠡᠳ ᠤᠨ ᠭᠡᠷ ᠪᠦᠯᠢ ᠶᠢᠨ ᠬᠢᠨ ᠢ ᠳᠠᠶᠢᠳᠬᠤᠷᠠᠭᠤᠯᠤᠨ ᠲᠣᠬᠤᠨᠢᠭᠤᠯᠵᠤ᠂ ᠰᠢᠷᠬᠠᠲᠤᠭᠰᠠᠨ

ᠤᠯᠠᠨ ᠲᠦᠮᠡᠨ ᠢ ᠴᠠᠭ ᠲᠤᠬᠠᠢ ᠳᠤᠨᠢ ᠠᠪᠤᠷᠠᠨ ᠡᠮᠨᠡᠵᠦ᠂ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ

ᠰᠠᠶᠢᠲᠤᠷ ᠲᠤᠬᠢᠷᠠᠭᠤᠯᠵᠤ᠂ ᠡᠭᠦᠰᠦᠮᠡᠯ ᠭᠠᠢ ᠭᠠᠮᠰᠢᠭ ᠢ ᠠᠩᠬᠠᠷᠤᠨ ᠰᠡᠷᠭᠡᠶᠢᠯᠡᠵᠦ᠂ ᠭᠠᠮᠰᠢᠭ ᠤᠨ ᠳᠠᠷᠠᠭᠠᠬᠢ ᠲᠠᠬᠢᠨ

ᠪᠦᠳᠦᠬᠡᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠬᠡᠪ ᠤᠨ ᠦᠢᠯᠡᠳᠪᠦᠷᠢᠯᠡᠯ ᠠᠮᠢᠳᠤᠷᠠᠯ‌‍ᠤᠨ ᠡᠮᠬᠢ ᠳᠢᠭᠯᠢᠮ ᠢ

ᠳᠠᠷᠦ᠋ᠢᠬᠠᠨ ᠰᠡᠷᠭᠦᠭᠡᠬᠦ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠡᠷᠡ

ᠳᠠᠷᠤᠢ ᠳᠤᠨᠢ ᠤᠯᠤᠰ ᠤᠨ ᠭᠠᠵᠠᠷ ᠬᠥᠳᠡᠯᠦᠯᠲᠡ ᠶᠢᠨ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠡᠭᠠᠬᠤ

ᠲᠦᠰᠦᠯ ᠢ ᠡᠬᠢᠯᠡᠭᠦᠯᠵᠦ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠭᠠᠵᠠᠷ

ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ

ᠥᠷᠨᠢᠭᠦᠯᠵᠦ᠂ ᠠᠮᠢ ᠨᠠᠰᠤᠨ ᠤ ᠵᠠᠮ ᠢ ᠵᠠᠪᠳᠤᠨ ᠨᠡᠪᠲᠡᠷᠡᠭᠦᠯᠵᠦ᠂ ᠰᠢᠷᠬᠠᠲᠤᠭᠰᠠᠳ ᠢ ᠠᠪᠤᠷᠠᠨ ᠵᠠᠰᠠᠬᠤ ᠠᠵᠢᠯ ᠢ

ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠦᠨ

ᠲᠥᠪᠬᠢᠨᠡᠭᠦᠯᠪᠡ᠃ ᠣᠳᠣᠬᠠᠨ ᠳᠤ ᠭᠠᠮᠰᠢᠭᠳᠠᠭᠰᠠᠨ ᠣᠷᠣᠨ ᠤ ᠤᠯᠠᠨ ᠲᠦᠮᠡᠨ ᠤ ᠣᠯᠠᠩᠬᠢ ᠨᠢ ᠨᠢᠭᠡᠨᠲᠡ ᠭᠡᠷ

ᠣᠷᠣᠨ ᠳᠠᠭᠠᠨ ᠪᠤᠴᠠᠵᠤ᠂ ᠰᠧᠴᠤᠸᠠᠨ ᠮᠤᠵᠢ ᠶᠢᠨ ᠬᠢᠨ ᠮᠤᠵᠢ ᠶᠢᠨ ᠱᠠᠲᠤᠨ ᠤ ᠭᠠᠵᠠᠷ ᠬᠥᠳᠡᠯᠦᠯᠲᠡ ᠶᠢᠨ

ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠡᠭᠠᠬᠤ ᠲᠦᠰᠦᠯ ᠢ ᠵᠣᠭᠰᠣᠭᠠᠵᠤ᠂ ᠰᠡᠷᠭᠦᠭᠡᠨ ᠪᠠᠶᠢᠭᠤᠯᠬᠤ

ᠱᠠᠲᠤᠨ ᠳᠤ ᠣᠷᠣᠪᠠ᠃

      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢ ᠶᠢᠨ ᠫᠢᠩ ᠰᠢᠷᠬᠠᠲᠤᠭᠰᠠᠳ ᠢ ᠠᠪᠤᠷᠠᠨ ᠡᠮᠨᠡᠬᠦ ᠪᠠ

ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠦᠢᠯ ᠢᠶᠠᠷ ᠰᠠᠨᠠᠭᠠᠰᠢᠷᠠᠵᠤ᠂

ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂

ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠤ

ᠰᠡᠳᠭᠢᠴᠡ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠠᠳᠡᠭᠰᠡᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠢᠴᠢ

ᠲᠡᠳᠡᠨ ᠤ ᠭᠡᠷ ᠪᠦᠯᠢ ᠶᠢᠨ ᠬᠢᠨ ᠢ ᠲᠠᠶᠢᠳᠬᠤᠷᠠᠭᠤᠯᠤᠨ ᠲᠣᠬᠤᠨᠢᠭᠤᠯᠬᠤ ᠠᠵᠢᠯ ᠢ ᠰᠠᠶᠢᠲᠤᠷ ᠬᠢᠵᠦ᠂

ᠭᠠᠮᠰᠢᠭᠳᠠᠭᠰᠠᠨ ᠤᠯᠠᠨ ᠲᠦᠮᠡᠨ ᠢ ᠯᠠᠪᠳᠠᠭᠤᠨ ᠪᠠᠲᠤᠲᠠᠢ ᠲᠥᠪᠬᠢᠨᠡᠭᠦᠯᠵᠦ᠂ ᠦᠨᠳᠦᠰᠦᠨ ᠠᠮᠢᠳᠤᠷᠠᠯ ᠤᠨ ᠡᠳ᠋

ᠪᠣᠳᠠᠰ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠰᠡᠷᠭᠦᠭᠡᠨ ᠪᠠᠶᠢᠭᠤᠯᠬᠤ ᠲᠥᠯᠥᠪᠵᠢᠭᠦᠯᠭᠡ ᠶᠢ ᠰᠠᠶᠢᠲᠤᠷ ᠬᠢᠵᠦ᠂

ᠱᠠᠯᠠᠪᠳᠠᠨ ᠬᠡᠷᠡᠭᠵᠢᠭᠦᠯᠵᠦ᠂ ᠭᠠᠮᠰᠢᠭᠳᠠᠭᠰᠠᠨ ᠤᠯᠠᠨ ᠲᠦᠮᠡᠨ‌ᠢ ᠬᠠᠪᠰᠤᠷᠤᠨ ᠬᠡᠪ ᠤᠨ ᠦᠢᠯᠡᠳᠪᠦᠷᠢᠯᠡᠯ

ᠠᠮᠢᠳᠤᠷᠠᠯ ᠢ ᠨᠢ ᠡᠷᠲᠡᠬᠡᠨ ᠰᠡᠷᠭᠦᠭᠡᠬᠦ ᠬᠡᠷᠡᠭᠲᠡᠢ ᠭᠡᠵᠦ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠪᠣᠯᠤᠨ

ᠮᠤᠵᠢ ᠶᠢᠨ ᠵᠠᠰᠠᠭ ᠤᠨ ᠣᠷᠳᠣᠨ ᠳᠤ ᠵᠠᠬᠢᠪᠠ᠃

      8 ᠤ ᠦᠳᠡ ᠶᠢᠨ ᠡᠮᠦᠨ᠎ᠡ᠂ ᠰᠢ ᠶᠢᠨ ᠫᠢᠩ ᠮᠧᠶᠢᠱᠠᠨ ᠬᠤᠳᠠ ᠶᠢᠨ ᠳ᠋ᠦᠩ ᠫᠦᠸᠧ ᠲᠣᠭᠤᠷᠢᠭ ᠤᠨ ᠲᠠᠢ

ᠾᠧ ᠪᠠᠯᠭᠠᠰᠤᠨ ᠤ ᠶᠦᠩ ᠹᠧᠩ ᠲᠣᠰᠬᠤᠨ ᠳᠤ ᠰᠢᠨᠵᠢᠯᠡᠨ ᠪᠠᠶᠢᠴᠠᠭᠠᠪᠠ᠃ ᠶᠦᠩ ᠹᠧᠩ ᠲᠣᠰᠬᠤᠨ ᠤᠰᠤᠨ

ᠲᠤᠲᠤᠷᠭ᠎ᠠ ᠶᠢᠨ ᠠᠵᠤ ᠦᠢᠯᠡᠰ ᠪᠣᠯᠤᠨ ᠮᠡᠷᠭᠡᠵᠢᠯ ᠤᠨ ᠳᠠᠪᠠᠭᠤᠯᠢᠭ ᠲᠠᠭᠠᠨ ᠲᠦᠰᠢᠭᠯᠡᠵᠦ᠂ ᠪᠦᠬᠦ ᠮᠤᠵᠢ ᠳᠤ

ᠬᠠᠮᠤᠭ ᠤᠨ ᠶᠡᠭᠡ ᠬᠡᠪᠴᠢᠶ᠎ᠠ ᠲᠠᠢ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠰᠢᠨ᠎ᠡ ᠮᠡᠷᠭᠡᠵᠢᠯ ᠤᠨ ᠳᠤᠮᠳᠠ

ᠬᠤᠭᠤᠴᠠᠭᠠᠨ ᠤ ᠲᠤᠷᠰᠢᠯᠲᠠ ᠶᠢᠨ ᠰᠠᠭᠤᠷᠢᠨ ᠢ ᠪᠠᠶᠢᠭᠤᠯᠪᠠ᠃ ᠥᠨᠳᠥᠷ ᠪᠠᠷᠢᠮᠵᠢᠶᠠᠲᠤ ᠤᠰᠤᠨ ᠲᠤᠲᠤᠷᠭ᠎ᠠ ᠲᠠᠷᠢᠬᠤ

ᠰᠠᠭᠤᠷᠢᠨ ᠳᠤ᠂ ᠰᠢ ᠶᠢᠨ ᠫᠢᠩ ᠲᠣᠰᠬᠤᠨ ᠤ ᠪᠦᠬᠦ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂

ᠲᠡᠳᠡᠨ ᠤ ᠠᠮᠤ ᠪᠤᠳᠠᠭ᠎ᠠ ᠲᠠᠷᠢᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠨ

ᠨᠡᠮᠡᠷᠢᠯᠡᠵᠤ ᠪᠠᠶᠢᠭ᠎ᠠ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠴᠧᠩᠳᠦ᠋ ᠶᠢᠨ ᠲᠠᠯ᠎ᠠ

ᠭᠠᠵᠠᠷ ᠡᠷᠲᠡᠨ ᠠᠴᠠ ᠪᠠᠨ ᠠᠪᠤᠭᠠᠳ ︽ᠲᠩᠷᠢ ᠶᠢᠨ ᠤᠷᠤᠨ︾ ᠬᠡᠮᠡᠬᠦ ᠰᠠᠶᠢᠬᠠᠨ ᠨᠡᠷᠡᠶᠢᠳᠦᠯ ᠲᠠᠢ ᠶᠤᠮ᠂ ᠲᠠᠷᠢᠶᠠᠨ

ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠨᠡ ᠬᠦ ᠠᠮᠤ ᠪᠤᠳᠠᠭᠠᠨ ᠤ ᠭᠠᠷᠤᠯᠲᠠ ᠶᠢᠨ ᠡᠷᠳᠡᠨᠢ ᠶᠢᠨ

ᠤᠷᠤᠨ ᠢ ᠰᠠᠶᠢᠲᠤᠷ ᠬᠠᠮᠠᠭᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭ᠎ᠠ ᠠᠳᠬᠤᠵᠤ᠂ ᠰᠢᠨ᠎ᠡ ᠴᠠᠭ

ᠦᠶ᠎ᠡ ᠳᠤ ᠨᠡᠩ ᠥᠨᠳᠥᠷ ᠲᠦᠪᠰᠢᠨ ᠪᠦᠬᠦᠢ ︽ᠲᠩᠷᠢ ᠶᠢᠨ ᠤᠷᠤᠨ ᠤ ᠠᠮᠤ ᠶᠢᠨ ᠰᠠᠩ︾ ᠢ ᠴᠣᠭᠴᠠᠯᠠᠬᠤ ᠬᠡᠷᠡᠭᠲᠡᠢ

ᠭᠡᠵᠤ ᠴᠢᠬᠤᠯᠠᠴᠢᠯᠠᠵᠠᠢ᠃

      ᠰᠢ ᠶᠢᠨ ᠫᠢᠩ ᠲᠤᠷᠰᠢᠯᠲᠠ ᠶᠢᠨ ᠲᠠᠷᠢᠶᠠᠨ ᠳᠤ ᠬᠦᠷᠴᠦ᠂ ᠤᠰᠤᠨ ᠲᠤᠲᠤᠷᠭ᠎ᠠ ᠶᠢᠨ ᠤᠷᠭᠤᠴᠠ ᠶᠢᠨ

ᠪᠠᠶᠢᠳᠠᠯ ᠢ ᠪᠠᠶᠢᠴᠠᠭᠠᠨ ᠦᠵᠡᠪᠡ᠃ ᠲᠠᠷᠢᠶᠠᠯᠠᠩ ᠤᠨ ᠮᠡᠷᠭᠡᠵᠢᠯᠲᠡᠨ ᠶᠡᠷᠦᠩᠬᠡᠶ ᠱᠦᠵᠢ ᠳᠤ ᠤᠰᠤᠨ ᠲᠤᠲᠤᠷᠭ᠎ᠠ ᠶᠢᠨ

ᠲᠤᠷᠰᠢᠯᠲᠠ ᠬᠢᠵᠤ ᠦᠷ᠎ᠡ ᠪᠤᠶᠢᠵᠢᠭᠤᠯᠬᠤ ᠪᠠ ᠲᠠᠷᠢᠵᠤ ᠳᠡᠯᠭᠡᠷᠡᠭᠦᠯᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠃

ᠰᠢ ᠶᠢᠨ ᠫᠢᠩ᠂ ᠤᠰᠤᠨ ᠲᠤᠲᠤᠷᠭ᠎ᠠ ᠶᠢᠨ ᠰᠠᠶᠢᠨ ᠡᠭᠦᠯᠳᠡᠷ ᠤᠨ ᠦᠷ᠎ᠡ ᠪᠤᠶᠢᠵᠢᠭᠤᠯᠬᠤ ᠦᠶᠡᠯᠡᠯ ᠤᠨ ᠬᠤᠭᠤᠴᠠᠭ᠎ᠠ

ᠤᠷᠳᠤ᠂ ᠲᠠᠬᠢᠨ ᠳᠠᠪᠲᠠᠨ ᠲᠤᠷᠰᠢᠵᠤ ᠰᠢᠯᠢᠨ ᠰᠣᠩᠭᠤᠬᠤ ᠴᠢᠬᠤᠯᠠᠲᠠᠢ᠂ ᠮᠠᠨ ᠤ ᠤᠯᠤᠰ ᠤᠨ ᠥᠷᠭᠡᠨ ᠤᠯᠠᠨ

ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ

ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠷᠠᠳ ᠤᠯᠠᠨ ᠤ ᠢᠳᠡᠵᠦ ᠡᠮᠦᠰᠭᠦ ᠶᠢ

ᠪᠠᠲᠤᠯᠠᠬᠤ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠡᠢ᠂ ᠡᠨᠡ ᠪᠣᠯ ᠪᠠᠯᠠᠷᠠᠰᠢ ᠦᠭᠡᠢ ᠭᠠᠪᠢᠶ᠎ᠠ ᠵᠢᠳᠬᠦᠯ

ᠪᠣᠯᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠳᠤ ᠲᠠᠷᠢᠶᠠᠯᠠᠩ ᠤᠨ ᠲᠤᠰᠬᠠᠢ ᠮᠡᠷᠭᠡᠵᠢᠯᠲᠡᠳ ᠳᠤ

ᠲᠦᠰᠢᠭᠯᠡᠬᠦ ᠮᠥᠷᠲᠡᠭᠡᠨ ᠪᠠᠰᠠ ᠥᠷᠭᠡᠨ ᠤᠯᠠᠨ ᠲᠠᠷᠢᠶᠠᠴᠢᠨ ᠳᠤ ᠲᠦᠰᠢᠭᠯᠡᠬᠦ ᠬᠡᠷᠡᠭᠲᠡᠢ᠃ ᠤᠳᠤ ᠦᠶ᠎ᠡ ᠶᠢᠨ

ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠮᠡᠷᠭᠡᠵᠢᠯ ᠤᠨ ᠪᠣᠯᠪᠠᠰᠤᠷᠠᠯ

ᠬᠢᠬᠦ ᠶᠢ ᠴᠢᠩᠭᠠᠳᠬᠠᠵᠤ᠂ ᠠᠮᠤ ᠪᠤᠳᠠᠭ᠎ᠠ ᠲᠠᠷᠢᠬᠤ ᠲᠤᠮᠤ ᠡᠷᠦᠬᠡ ᠶᠢ ᠵᠣᠬᠢᠶᠠᠨ ᠪᠠᠶᠢᠭᠤᠯᠵᠤ᠂ ᠪᠣᠬᠢᠷᠲᠤᠯ ᠦᠭᠡᠢ

ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ᠂ ᠥᠨᠳᠥᠷ ᠪᠦᠲᠦᠮᠵᠢᠲᠡᠢ ᠲᠠᠷᠢᠶᠠᠯᠠᠩ ᠢ ᠢᠳᠡᠪᠬᠢᠲᠡᠢ ᠬᠥᠭᠵᠢᠭᠦᠯᠬᠦ

ᠬᠡᠷᠡᠭᠲᠡᠢ᠃ ᠪᠢᠳᠡ ᠳᠤᠮᠳᠠᠳᠤᠴᠤᠳ ᠤᠨ ᠠᠮᠤ ᠪᠤᠳᠠᠭ᠎ᠠ ᠶᠢ ᠦᠪᠡᠷ ᠲᠡᠭᠡᠨ ᠬᠠᠩᠭᠠᠬᠤ ᠳᠤ ᠢᠲᠡᠭᠡᠯ ᠵᠣᠷᠢᠭ᠂ ᠢᠳᠡ

ᠬᠦᠴᠦ ᠲᠠᠢ ᠪᠠᠶᠢᠨ᠎ᠠ ᠭᠡᠵᠤ ᠵᠢᠭᠠᠵᠤ ᠭᠠᠷᠭᠠᠪᠠ᠃

      ᠰᠢ ᠶᠢᠨ ᠫᠢᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ ᠪᠠᠶᠢᠭ᠎ᠠ

ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠶᠦᠩ ᠹᠧᠩ ᠲᠣᠰᠬᠤᠨ ᠤ ᠪᠣᠬᠢᠷ ᠤᠰᠤ ᠰᠢᠢᠳᠪᠦᠷᠢᠯᠡᠬᠦ

ᠴᠦᠬᠦᠷᠦᠮ ᠪᠣᠯᠤᠨ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ ᠲᠣᠰᠬᠤᠨ ᠤ ᠡᠷᠡᠭᠦᠯ

ᠬᠠᠮᠠᠭᠠᠯᠠᠯ ᠤᠨ ᠦᠷᠳᠡᠭᠡ ᠶᠢ ᠰᠢᠨᠵᠢᠯᠡᠨ ᠪᠠᠶᠢᠴᠠᠭᠠᠵᠤ᠂ ᠲᠤᠰ ᠲᠣᠰᠬᠤᠨ ᠤ ᠣᠷᠣᠰᠢᠨ ᠰᠠᠭᠤᠷᠢᠰᠢᠬᠤ ᠣᠷᠴᠢᠨ

ᠲᠣᠭᠤᠷᠢᠨ ᠢ ᠰᠠᠶᠢᠵᠢᠷᠠᠭᠤᠯᠵᠤ ᠪᠠᠶᠢᠬᠤ᠂ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ

ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠨᠤᠲᠤᠭ ᠤᠨ ᠠᠬ᠎ᠠ ᠳᠡᠭᠦᠦ ᠨᠡᠷ ᠢᠳᠡᠵᠦ

ᠡᠮᠦᠰᠭᠦ ᠳᠡᠭᠡᠨ ᠵᠣᠪᠠᠭ᠋ᠤ ᠦᠭᠡᠢ ᠪᠤᠯᠤᠭᠰᠠᠨ ᠤ ᠳᠠᠷᠠᠭ᠎ᠠ ᠡᠮ ᠡᠮᠨᠡᠯᠭᠡ ᠶᠢᠨ ᠠᠰᠠᠭᠤᠳᠠᠯ ᠢ ᠬᠠᠮᠤᠭ ᠠᠴᠠ ᠠᠩᠬᠠᠷᠬᠤ

ᠪᠤᠯᠪᠠ᠃ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂

ᠥᠷᠭᠡᠨ ᠤᠯᠠᠨ ᠲᠠᠷᠢᠶᠠᠴᠢᠨ ᠤ ᠦᠨᠳᠦᠰᠦᠨ ᠡᠮ ᠡᠮᠨᠡᠯᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠨᠠᠮ ᠤᠨ

ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ᠂ ᠨᠤᠲᠤᠭ ᠤᠨ ᠠᠬ᠎ᠠ ᠳᠡᠭᠦᠦ ᠨᠡᠷ ᠢ

ᠪᠦᠯᠬᠦᠮᠳᠡᠭᠦᠯᠦᠨ ᠳᠠᠭᠠᠭᠤᠯᠵᠤ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠲᠣᠰᠬᠤᠨ ᠠᠴᠠ ᠰᠠᠯᠬᠤ ᠦᠶ᠎ᠡ ᠳᠤ᠂ ᠶᠡᠷᠦᠩᠬᠡᠢ ᠱᠦᠵᠢ ᠲᠣᠰᠬᠤᠨ ᠤ ᠠᠷᠠᠳ ᠲᠠᠢ ᠳᠣᠲᠣᠨᠣ ᠪᠠᠷ ᠰᠠᠯᠬᠤ

ᠶᠣᠰᠣ ᠭᠦᠢᠴᠡᠳᠭᠡᠪᠡ᠃ ᠰᠢ ᠶᠢᠨ ᠫᠢᠩ ᠨᠤᠲᠤᠭ ᠤᠨ ᠠᠬ᠎ᠠ ᠳᠡᠭᠦᠦ ᠨᠡᠷ ᠲᠤ᠂ ᠳᠤᠮᠳᠠᠳᠤ ᠤᠯᠤᠰ ᠤᠨ ᠡᠪ ᠬᠠᠮᠲᠤ

ᠨᠠᠮ ᠲᠦᠷᠦ ᠪᠠᠷᠢᠵᠤ ᠪᠠᠶᠢᠬᠤ ᠨᠢ ᠳᠠᠷᠤᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ

ᠠᠯᠬᠤᠮ ᠠᠯᠬᠤᠮ ᠢᠶᠠᠷ ᠠᠬᠢᠭᠤᠯᠵᠤ᠂ ᠪᠦᠬᠦ ᠰᠡᠳᠭᠢᠯ ᠪᠦᠬᠦ ᠬᠦᠴᠦᠨ ᠢᠶᠠᠷ ᠢᠶᠠᠨ ᠠᠷᠠᠳ ᠤᠯᠠᠨ ᠤ ᠶᠠᠪᠤᠳᠠᠯ ᠢ

ᠨᠢᠭᠡᠳ ᠨᠢᠭᠡ ᠪᠠᠷ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠶᠢᠨ

ᠲᠥᠯᠥᠭᠡ ᠶᠤᠮ ᠭᠡᠪᠡ᠃

      ᠮᠦᠢᠱᠠᠨ ᠬᠤᠳᠠ ᠶᠢᠨ ᠭᠤᠣᠯ ᠬᠤᠳᠠ ᠶᠢᠨ ᠲᠣᠭᠤᠷᠢᠭ ᠲᠤ ᠤᠮᠠᠷᠠᠲᠤ ᠰᠦᠩ ᠤᠯᠤᠰ ᠤᠨ ᠠᠯᠳᠠᠷᠲᠤ

ᠤᠳᠭ᠋᠎ᠠ ᠵᠣᠬᠢᠶᠠᠯᠴᠢ ᠰᠤ᠋ ᠰᠢᠶᠦ᠋ᠨ᠂ ᠰᠤ᠋ ᠱᠢ᠂ ᠰᠤ᠋ ᠵᠧ ᠡᠴᠢᠭᠡ ᠬᠦᠪᠡᠭᠦᠨ ᠭᠤᠷᠪᠠᠭᠤᠯᠠ ᠶᠢᠨ ᠬᠠᠭᠤᠴᠢᠨ

ᠰᠠᠭᠤᠴᠠ ᠪᠣᠯᠬᠤ ᠰᠠᠨ ᠰᠤ᠋ ᠼᠢ ᠰᠦᠮ᠎ᠡ ᠪᠠᠶᠢᠳᠠᠭ᠃ ᠰᠢ ᠶᠢᠨ ᠫᠢᠩ ᠠᠳᠡ ᠢᠷᠡᠵᠥ᠂ ᠰᠤ᠋ ᠰᠢᠶᠦ᠋ᠨ᠂ ᠰᠤ᠋ ᠱᠢ᠂ ᠰᠤ᠋

ᠵᠧ ᠶᠢᠨ ᠨᠠᠮᠲᠠᠷ᠂ ᠭᠤᠣᠯ ᠪᠣᠯᠬᠤ ᠤᠳᠭ᠋᠎ᠠ ᠵᠣᠬᠢᠶᠠᠯ ᠤᠨ ᠠᠮᠵᠢᠯᠲᠠ ᠪᠦᠲᠦᠮᠵᠢ ᠪᠣᠯᠤᠨ ᠭᠡᠷ ᠤᠨ ᠰᠤᠷᠭᠠᠯ ᠭᠡᠷ ᠤᠨ

ᠰᠤᠷᠲᠠᠯ ᠵᠢᠴᠢ ᠰᠠᠨ ᠰᠤ᠋ ᠼᠢ ᠰᠦᠮ᠎ᠡ ᠶᠢᠨ ᠲᠡᠦᠬᠡ ᠶᠢᠨ ᠤᠯᠠᠷᠢᠯ ᠬᠤᠪᠢᠰᠤᠯ᠂ ᠳ᠋ᠦᠩ ᠫᠦᠸᠧ ᠶᠢᠨ ᠰᠣᠶᠣᠯ ᠤᠨ

ᠰᠤᠳᠤᠯᠭᠠᠨ ᠤ ᠤᠯᠠᠮᠵᠢᠯᠠᠯ ᠵᠡᠷᠭᠡ ᠶᠢ ᠣᠶᠢᠯᠠᠭᠠᠪᠠ᠃ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠲᠠᠪᠤᠨ

ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠲᠠᠢ ᠶᠤᠮ᠂ ᠪᠢᠳᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ

ᠰᠣᠶᠣᠯ ᠢ ᠬᠦᠨᠳᠦᠳᠭᠡᠨ ᠪᠢᠰᠢᠷᠡᠵᠦ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠳᠤᠮᠳᠠᠳᠤ ᠶᠢᠨ

ᠰᠢᠯᠢᠳᠡᠭ ᠤᠯᠠᠮᠵᠢᠯᠠᠯᠲᠤ ᠰᠣᠶᠣᠯ ᠤᠨ ᠳᠤᠮᠳᠠ ᠠᠴᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠣᠶᠢᠯᠠᠭᠠᠭᠳᠠᠬᠤᠨ ᠪᠠ

ᠰᠡᠳᠭᠢᠬᠦᠢ ᠶᠢ ᠰᠢᠩᠭᠡᠭᠡᠨ ᠠᠪᠬᠤ ᠳᠠᠭᠠᠨ ᠴᠢᠳᠠᠮᠠᠭᠠᠢ ᠪᠠᠶᠢᠵᠤ᠂ ᠳᠡᠯᠡᠬᠡᠢ ᠶᠢᠨ ᠠᠯᠢᠪᠠ ᠰᠢᠯᠢᠳᠡᠭ ᠪᠣᠯᠪᠠᠰᠤᠨ ᠤ

ᠦᠷ᠎ᠡ ᠪᠦᠲᠦᠭᠡᠯ ᠢ ᠥᠷᠭᠡᠨ ᠢᠶᠠᠷ ᠲᠤᠯᠢᠯᠠᠵᠤ᠂ ᠲᠦᠭᠵᠢᠮᠡᠯ ᠬᠥᠰᠢᠭᠦᠨ ᠪᠠᠶᠢᠵᠤ ᠪᠣᠯᠬᠤ ᠦᠭᠡᠢ᠂ ᠨᠡᠩ ᠴᠤ

ᠭᠠᠳᠠᠭᠠᠳᠤ ᠶᠢᠨ ᠶᠠᠭᠤᠮ᠎ᠠ ᠪᠦᠬᠦᠨ ᠢᠶᠠᠷ ᠭᠡᠪ ᠪᠠᠷᠢᠮᠵᠢᠶ᠎ᠠ ᠪᠣᠯᠭᠠᠵᠤ ᠪᠤᠯᠬᠤ ᠦᠭᠡᠢ᠂ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠬᠡᠷ ᠤᠨ ᠰᠤᠷᠲᠠᠯ

ᠬᠡᠷ ᠤᠨ ᠰᠤᠷᠭᠠᠯ ᠪᠣᠯ ᠨᠢᠭᠡ ᠬᠡᠷ ᠪᠦᠯᠢ ᠶᠢᠨ ᠬᠠᠮᠤᠭ ᠤᠨ ᠡᠷᠬᠢᠮ ᠨᠠᠨᠳᠢᠨ ᠦᠪ ᠬᠥᠷᠥᠩᠭᠡ ᠮᠥᠨ᠂ ᠦᠷ᠎ᠡ

ᠬᠤᠶᠢᠴᠢᠰ ᠲᠠᠭᠠᠨ ᠦᠯᠡᠳᠡᠭᠡᠭᠰᠡᠨ ᠬᠠᠮᠤᠭ ᠤᠨ ᠰᠠᠶᠢᠨ ᠥᠪ ᠬᠥᠷᠥᠩᠭᠡ ᠮᠥᠨ᠃ ᠪᠦᠬᠦ ᠨᠡᠶᠢᠭᠡᠮ ᠢᠶᠠᠷ ᠢᠶᠠᠨ ᠭᠡᠷ

ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠦᠷ᠎ᠡ ᠬᠤᠶᠢᠴᠢᠰ ᠢᠶᠠᠨ

ᠵᠤᠷᠢᠭᠵᠢᠭᠤᠯᠤᠨ ᠡᠭᠡ ᠤᠷᠤᠨᠴᠢ ᠬᠠᠶᠢᠷ᠎ᠠ ᠰᠡᠳᠭᠢᠯᠭᠡ ᠶᠢ ᠨᠢ ᠵᠤᠵᠠᠭᠠᠳᠬᠠᠵᠤ᠂ ᠤᠯᠤᠰ ᠣᠷᠣᠨ᠂ ᠨᠡᠶᠢᠭᠡᠮ

ᠨᠡᠶᠢᠳᠡ ᠳᠤ ᠬᠡᠷᠡᠭᠴᠡᠭᠡ ᠲᠠᠢ ᠴᠢᠳᠠᠪᠤᠷᠢᠲᠠᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ

ᠢᠯᠠᠩᠭᠤᠶ᠎ᠠ ᠤᠳᠤᠷᠢᠳᠬᠤ ᠺᠠᠳ᠋ᠷᠴᠤᠳ ᠠᠷᠢᠭᠤᠨ ᠴᠢᠬᠡᠴᠢ ᠬᠥᠮᠦᠨ ᠪᠤᠯᠵᠤ᠂ ᠠᠵᠢᠯᠴᠢ ᠠᠷᠪᠢᠴᠢ ᠪᠠᠷ ᠭᠡᠷ ᠢᠶᠠᠨ

ᠵᠠᠰᠠᠵᠤ᠂ ᠴᠡᠪᠡᠷ ᠴᠢᠬᠡᠴᠢ ᠪᠠᠷ ᠠᠵᠢᠯ ᠬᠢᠵᠦ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠥᠪᠡᠷ ᠤᠨ ᠪᠡᠶ᠎ᠡ ᠪᠠ

ᠭᠡᠷ ᠤᠨ ᠬᠥᠮᠦᠰ ᠢᠶᠠᠨ ᠰᠠᠶᠢᠲᠤᠷ ᠬᠠᠮᠢᠶᠠᠷᠴᠤ᠂ ᠰᠢᠨ᠎ᠡ ᠴᠠᠭ ᠦᠶ᠎ᠡ ᠶᠢᠨ ᠡᠪ ᠬᠠᠮᠲᠤᠴᠤᠳ ᠤᠨ ᠰᠠᠶᠢᠨ ᠰᠠᠶᠢᠬᠠᠨ

ᠭᠡᠷ ᠤᠨ ᠰᠤᠷᠲᠠᠯ ᠢ ᠬᠠᠳᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      8 ᠤ ᠦᠳᠡ ᠶᠢᠨ ᠬᠤᠶᠢᠨ᠎ᠠ᠂ ᠰᠢ ᠶᠢᠨ ᠫᠢᠩ ᠢᠪᠢᠨ ᠬᠤᠳᠠ ᠳᠤ ᠰᠢᠨᠵᠢᠯᠡᠨ ᠪᠠᠶᠢᠴᠠᠭᠠᠪᠠ᠃ ᠬᠥᠬᠡᠮᠦ᠋ᠷᠡᠨ᠂

ᠵᠢᠨᠱᠠᠵᠢᠶᠠᠩ ᠮᠥᠷᠡᠨ᠂ ᠮᠢᠨᠵᠢᠶᠠᠩ ᠮᠥᠷᠡᠨ ᠢᠪᠢᠨ ᠬᠤᠲᠠ ᠶᠢᠨ ᠭᠤᠣᠯ ᠬᠤᠲᠠ ᠶᠢᠨ ᠲᠣᠭᠤᠷᠢᠭ ᠲᠤ ᠠᠭᠤᠯᠵᠠᠨ

ᠨᠡᠶᠢᠯᠡᠵᠦ᠂ ᠭᠤᠷᠪᠠᠨ ᠮᠥᠷᠡᠨ ᠤ ᠠᠭᠤᠯᠵᠠᠷ ᠤᠨ ᠰᠦᠷᠯᠢᠭ ᠰᠠᠶᠢᠬᠠᠨ ᠦᠵᠡᠮᠵᠢ ᠶᠢ ᠪᠤᠶ ᠪᠣᠯᠭᠠᠭᠰᠠᠨ ᠪᠠᠶᠢᠨ᠎ᠠ᠃

ᠢᠪᠢᠨ ᠬᠤᠲᠠ ᠶᠢ ᠤᠰᠤ ᠳᠠᠭᠠᠤ ᠪᠠᠶᠢᠭᠤᠯᠵᠤ᠂ ︽ᠲᠦᠮᠡᠨ ᠭᠠᠵᠠᠷ ᠤᠨ ᠬᠥᠬᠡᠮᠦ᠋ᠷᠡᠨ ᠤ ᠨᠢᠭᠡᠳᠦᠭᠡᠷ ᠬᠤᠲᠠ︾ ᠬᠡᠮᠡᠬᠦ

ᠰᠠᠶᠢᠬᠠᠨ ᠠᠯᠳᠠᠷ ᠲᠠᠢ ᠶᠤᠮ᠂ ᠣᠯᠠᠨ ᠵᠢᠯ ᠤᠨ ᠴᠡᠭᠴᠡᠯᠡᠨ ᠵᠠᠰᠠᠯᠲᠠ ᠪᠠᠷ ᠳᠡᠮᠵᠢᠨ᠂ ᠭᠤᠷᠪᠠᠨ ᠮᠥᠷᠡᠨ ᠵᠢᠷᠭᠤᠭᠠᠨ

ᠡᠷᠭᠢ ᠶᠢᠨ ᠱᠤᠭᠤᠮ ᠨᠢ ᠨᠠᠩ ᠭᠤᠶᠣᠵᠢᠵᠤ᠂ ᠠᠷᠠᠳ ᠣᠯᠠᠨ ᠤ ᠪᠠᠭ᠋ᠠᠷᠬᠠᠳᠠᠭ ᠤᠰᠤ ᠨᠢᠭᠤᠷᠯᠠᠭᠰᠠᠨ ᠡᠷᠭᠢ ᠲᠠᠭᠠᠦ

ᠴᠡᠴᠡᠷᠯᠢᠭ ᠪᠣᠯᠤᠭᠰᠠᠨ ᠪᠠᠶᠢᠨ᠎ᠠ᠃ ᠰᠢ ᠶᠢᠨ ᠫᠢᠩ ᠰᠠᠨ ᠵᠢᠶᠠᠩ ᠺᠸᠤ ᠳᠤ ᠬᠦᠷᠴᠦ᠂ ᠭᠤᠷᠪᠠᠨ ᠮᠥᠷᠡᠨ ᠤ

ᠠᠭᠤᠯᠵᠠᠷ ᠢ ᠪᠠᠷᠠᠯᠠᠵᠤ᠂ ᠲᠤᠬᠠᠢ ᠶᠢᠨ ᠭᠠᠵᠠᠷ ᠤᠨ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠶᠢ ᠰᠡᠷᠭᠦᠭᠡᠨ

ᠬᠠᠮᠠᠭᠠᠯᠠᠵᠤ ᠪᠠᠶᠢᠬᠤ᠂ ᠬᠥᠬᠡᠮᠥ᠋ᠷᠡᠨ ᠤ ᠤᠷᠤᠰᠬᠠᠯ ᠤᠨ ᠬᠡᠪᠴᠢᠶᠡᠨ ᠳᠤ ᠠᠩᠨᠠᠬᠤ ᠶᠢ ᠴᠠᠭᠠᠵᠠᠯᠠᠵᠤ ᠠᠩᠨᠠᠬᠤ ᠶᠢ

ᠬᠤᠷᠢᠠᠠᠯᠠᠨ ᠪᠤᠴᠠᠭᠠᠵᠤ ᠪᠠᠶᠢᠬᠤ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂

ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠬᠥᠬᠡᠮᠥ᠋ᠷᠡᠨ ᠤ

ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠤᠷᠢᠲᠠᠯ ᠮᠥᠨ᠂ ᠪᠠᠰᠠ ᠴᠤ

ᠳᠤᠮᠳᠠᠳᠤ ᠶᠢᠨ ᠪᠣᠯᠪᠠᠰᠤᠨ ᠤ ᠥᠯᠥᠭᠡᠢ ᠶᠢ ᠰᠠᠶᠢᠲᠤᠷ ᠰᠠᠬᠢᠨ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ

ᠮᠥᠨ᠃ ᠰᠧᠴᠤᠸᠠᠨ ᠬᠥᠬᠡᠮᠥ᠋ᠷᠡᠨ ᠤ ᠳᠡᠭᠡᠳᠦ ᠤᠷᠤᠰᠬᠠᠯ ᠳᠤ ᠪᠠᠶᠢᠷᠢᠯᠠᠵᠤ ᠪᠠᠶᠢᠭ᠎ᠠ ᠪᠣᠯᠬᠤᠷ ᠶᠡᠭᠡ ᠲᠠᠯ᠎ᠠ ᠶᠢᠨ

ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠤᠷᠤᠰᠬᠠᠯ ᠤᠨ ᠤᠬᠠᠮᠰᠠᠷ ᠢ ᠪᠠᠲᠤ ᠪᠤᠢ ᠪᠣᠯᠭᠠᠵᠤ᠂ ᠶᠡᠭᠡ

ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠬᠢᠬᠦ ᠦᠭᠡᠢ ᠪᠠᠶᠢᠬᠤ ᠴᠢᠭᠯᠡᠯᠲᠡ ᠶᠢ

ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠥᠬᠡᠮᠥ᠋ᠷᠡᠨ ᠤ ᠳᠡᠭᠡᠳᠦ ᠤᠷᠤᠰᠬᠠᠯ ᠤᠨ ᠠᠮᠢ ᠠᠬᠤᠢ ᠶᠢᠨ

ᠬᠠᠯᠬᠠᠪᠴᠢ ᠶᠢ ᠪᠠᠲᠤ ᠴᠣᠭᠴᠠᠯᠠᠵᠤ᠂ ᠬᠦᠬᠡᠮᠦ᠋ᠷᠡᠨ ᠤ ᠠᠷᠢᠭᠤᠨ ᠲᠤᠩᠭᠠᠯᠠᠭ ᠤᠰᠤ ᠶᠢ ᠰᠠᠶᠢᠲᠤᠷ ᠰᠠᠬᠢᠨ

ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠡᠨᠡ ᠵᠢᠯ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠭᠦ ᠣᠶᠤᠲᠠᠨ ᠵᠢᠱᠢᠯᠲᠡ ᠪᠠᠷ 1076

ᠲᠦᠮᠡᠨ ᠬᠥᠮᠦᠨ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ‌ᠡᠴᠠ 167 ᠲᠦᠮᠡᠨ ᠬᠥᠮᠦᠨ

ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠰᠢ ᠶᠢᠨ ᠫᠢᠩ ᠶᠡᠭᠡ ᠳᠡᠭᠡᠳᠦ ᠰᠤᠷᠭᠠᠭᠤᠯᠢ ᠶᠢᠨ

ᠲᠡᠭᠦᠰᠭᠦ ᠤᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠢ ᠮᠠᠰᠢ ᠬᠠᠯᠠᠮᠵᠢᠯᠠᠵᠤ᠂ ᠢᠪᠢᠨ ᠳᠡᠭᠡᠳᠦ

ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ᠂ ᠲᠡᠭᠦᠰᠭᠦ ᠤᠶᠤᠲᠠᠳ ᠤᠨ ᠰᠢᠨ᠎ᠡ ᠶᠢ ᠡᠭᠦᠳᠬᠦ ᠦᠢᠯᠡᠰ

ᠪᠤᠰᠬᠠᠬᠤ ᠲᠥᠯᠥᠭᠡᠯᠡᠭᠴᠢᠳ ᠤᠨ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠠᠵᠢᠯ

ᠣᠯᠭᠤᠬᠤ ᠦᠢᠯᠡᠰ ᠪᠤᠰᠬᠠᠬᠤ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠣᠶᠢᠯᠠᠭᠠᠪᠠ᠃ ᠰᠤᠷᠭᠠᠭᠤᠯᠢ ᠶᠢᠨ

ᠠᠵᠢᠯᠲᠠᠨ ᠡᠯᠰᠡᠬᠦ ᠲᠢᠩᠬᠢᠮ ᠳᠤ᠂ ᠶᠠᠭ ᠰᠠᠶ᠋ᠢᠬᠠᠨ ᠠᠵᠤ ᠠᠬᠤᠶᠢᠯᠠᠯ ᠤᠨ ᠠᠵᠢᠯᠲᠠᠨ ᠡᠯᠰᠡᠬᠦ ᠤᠬᠠᠭᠤᠯᠤᠨ

ᠲᠠᠶᠢᠯᠪᠤᠷᠢᠯᠠᠬᠤ ᠬᠤᠷᠠᠯ ᠬᠢᠵᠦ ᠪᠠᠶᠢᠪᠠ᠂ ᠰᠢ ᠶᠢᠨ ᠫᠢᠩ ᠪᠠᠭᠰᠢ᠂ ᠰᠣᠷᠣᠭᠴᠢ᠂ ᠠᠵᠤ ᠠᠬᠤᠶᠢᠯᠠᠯ ᠤᠨ

ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠠᠵᠢᠯᠲᠠᠨ ᠡᠯᠰᠡᠬᠦ ᠬᠡᠷᠡᠭᠴᠡᠭᠡ ᠪᠠ ᠲᠡᠭᠦᠰᠭᠦ ᠤᠶᠤᠲᠠᠳ ᠤᠨ ᠭᠡᠷ᠎ᠡ

ᠲᠣᠭᠲᠠᠭᠰᠠᠨ ᠨᠣᠷᠮ᠎ᠠ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠨᠠᠮ ᠤᠨ ᠲᠥᠪ ᠬᠤᠷᠢᠶ᠎ᠠ ᠶᠡᠭᠡ ᠳᠡᠭᠡᠳᠦ

ᠰᠤᠷᠭᠠᠭᠤᠯᠢ ᠲᠡᠭᠦᠰᠬᠦ ᠤᠶᠤᠲᠠᠳ ᠤᠨ ᠠᠵᠢᠯ ᠣᠯᠭᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠣᠯᠠᠨ

ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠠᠶ᠃ ᠣᠳᠣᠬᠠᠨ ᠳᠤ ᠶᠠᠭ ᠶᠡᠭᠡ ᠳᠡᠭᠡᠳᠦ ᠰᠤᠷᠭᠠᠭᠤᠯᠢ ᠲᠡᠭᠦᠰᠬᠦ

ᠤᠶᠤᠲᠠᠳ ᠲᠤ ᠠᠵᠢᠯ ᠣᠯᠭᠤᠬᠤ ᠵᠠᠩᠭᠢᠯᠠᠭ᠎ᠠ ᠶᠢᠨ ᠱᠠᠲᠤ ᠦᠶ᠎ᠡ ᠪᠣᠯᠬᠤᠷ᠂ ᠠᠵᠢᠯ ᠤᠨ ᠪᠠᠶᠢᠷᠢ ᠶᠢᠨ ᠡᠬᠢ

ᠪᠠᠶᠠᠯᠢᠭ ᠢᠶᠠᠨ ᠤᠯᠠᠮ ᠴᠢᠨᠠᠭᠰᠢᠳᠠ ᠠᠭᠤᠳᠠᠯᠵᠤ᠂ ᠠᠵᠢᠯ ᠣᠯᠭᠤᠬᠤ ᠵᠢᠯᠣᠭᠤᠳᠣᠯᠭ᠎ᠠ ᠦᠢᠯᠡᠴᠢᠯᠡᠭᠡᠨ ᠢ ᠪᠣᠳᠠᠲᠠᠶ

ᠪᠥᠭᠡᠳ ᠨᠠᠷᠢᠯᠢᠭ ᠬᠢᠵᠦ᠂ ᠰᠤᠷᠭᠠᠭᠤᠯᠢ᠂ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ

ᠰᠤᠷᠤᠭᠴᠢᠳ ᠤᠨ ᠠᠵᠢᠯ ᠣᠯᠬᠤ ᠭᠡᠷ᠎ᠡ ᠲᠣᠭᠲᠠᠬᠤ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂

ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ

ᠪᠠᠶᠢᠭ᠎ᠠ ᠭᠡᠷ ᠪᠦᠯᠢ᠂ ᠠᠵᠢᠯ ᠣᠯᠤᠭᠠᠳᠤᠶ ᠭᠡᠷ ᠪᠦᠯᠢ ᠵᠢᠴᠢ ᠵᠡᠮᠳᠡᠭ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ

ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠢ ᠭᠤᠣᠯᠳᠠᠯᠭ᠎ᠠ ᠲᠠᠢ ᠬᠠᠪᠰᠤᠷᠤᠨ ᠲᠡᠳᠬᠦᠬᠦ

ᠡᠲᠡᠭᠡᠳ ᠢᠶᠠᠨ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠰᠢ ᠶᠢᠨ ᠫᠢᠩ ᠰᠤᠷᠤᠭᠴᠢᠳ ᠲᠤ᠂ ᠵᠣᠯ ᠵᠢᠷᠭᠠᠯᠲᠤ

ᠠᠮᠢᠳᠤᠷᠠᠯ ᠢ ᠠᠷᠢᠭᠤᠨ ᠬᠥᠳᠡᠯᠮᠦᠷᠢ ᠪᠠᠷ ᠴᠣᠭᠴᠠᠯᠠᠭᠰᠠᠨ ᠶᠤᠮ᠂ ᠤᠯᠠᠨ‌‍ᠢᠶ᠋ᠠᠷ ᠢᠶᠠᠨ ᠡᠶᠡᠯᠰᠡᠭ ᠪᠤᠷᠤᠭᠵᠢᠭᠤᠨ

ᠰᠡᠳᠭᠢᠯᠭᠡ ᠪᠠᠷ ᠬᠤᠪᠢ ᠬᠥᠮᠦᠨ ᠤ ᠨᠥᠬᠦᠴᠡᠯ ᠪᠣᠯᠤᠨ ᠨᠡᠶᠢᠭᠡᠮ ᠤᠨ ᠬᠡᠷᠡᠭᠴᠡᠭᠡ ᠳᠤ ᠪᠤᠰᠤᠳᠴᠢ ᠪᠠᠷ ᠬᠠᠨᠳᠤᠵᠤ᠂

ᠪᠣᠳᠠᠲᠠᠢ ᠠᠴᠠ ᠡᠭᠦᠰᠦᠨ ᠠᠵᠢᠯ ᠮᠡᠷᠭᠡᠵᠢᠯ ᠪᠣᠯᠤᠨ ᠠᠵᠢᠯ ᠤᠨ ᠪᠠᠶᠢᠷᠢ ᠪᠠᠨ ᠰᠣᠩᠭᠤᠵᠤ᠂ ᠬᠥᠳᠡᠯᠮᠦᠷᠢ ᠳᠤ

ᠬᠠᠶᠢᠷᠠᠲᠠᠢ᠂ ᠯᠠᠪᠳᠠᠭᠤᠨ ᠲᠤᠭᠳᠠᠭᠤᠨ ᠪᠠᠶᠢᠵᠤ᠂ ᠦᠢᠯᠡᠳᠦᠯᠭᠡ ᠶᠢᠨ ᠳᠤᠮᠳᠠ ᠠᠯᠬᠤᠮ ᠠᠯᠬᠤᠮ ᠢᠶᠠᠷ ᠦᠰᠦᠨ

ᠪᠤᠶᠢᠵᠢᠬᠤ ᠬᠡᠷᠡᠭᠲᠡᠢ ᠬᠡᠵᠤ ᠬᠡᠯᠡᠪᠡ᠃ ᠲᠡᠷᠡ ᠰᠤᠷᠤᠭᠴᠢᠳ ᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ

ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ

ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠭᠡᠷᠡᠢ ᠭᠡᠵᠦ ᠵᠣᠷᠢᠭᠵᠢᠭᠤᠯᠪᠠ᠃

      ᠳᠠᠷᠠᠭ᠎ᠠ ᠨᠢ᠂ ᠰᠢ ᠶᠢᠨ ᠫᠢᠩ ᠵᠢᠢ ᠮᠢ ᠭᠡᠷᠡᠯ ᠴᠠᠬᠢᠯᠭᠠᠨ ᠤ ᠬᠢᠵᠠᠭᠠᠷᠲᠤ ᠺᠣᠮᠫᠠᠨᠢ ᠳᠤ ᠰᠢᠨᠵᠢᠯᠡᠨ

ᠪᠠᠶᠢᠴᠠᠭᠠᠪᠠ᠃ ᠲᠡᠷᠡ ᠺᠣᠮᠫᠠᠨᠢ ᠶᠢᠨ ᠦᠵᠡᠭᠦᠯᠭᠡ ᠶᠢᠨ ᠲᠢᠩᠬᠢᠮ ᠪᠣᠯᠤᠨ ᠦᠢᠯᠡᠳᠪᠦᠷᠢᠯᠡᠯ ᠤᠨ ᠲᠠᠰᠤᠭ ᠲᠤ ᠬᠦᠷᠴᠦ᠂

ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠦᠢᠯᠡᠳᠬᠦᠨ ᠢ ᠰᠤᠳᠤᠯᠤᠨ ᠨᠡᠭᠡᠭᠡᠵᠦ

ᠪᠣᠷᠣᠯᠠᠭᠤᠯᠬᠤ᠂ ᠠᠵᠢᠯ ᠣᠯᠭᠤᠯᠲᠠ ᠶᠢ ᠳᠠᠶᠢᠴᠢᠯᠠᠬᠤ ᠪᠠ ᠲᠤᠬᠠᠢ ᠶᠢᠨ ᠭᠠᠵᠠᠷ ᠤᠨ ᠠᠷᠠᠳ ᠤᠨ ᠡᠵᠡᠩᠨᠡᠯᠲᠡ ᠶᠢᠨ

ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠬᠦᠴᠢᠷᠳᠡᠯ ᠢ ᠨᠢ ᠰᠢᠢᠳᠪᠦᠷᠢᠯᠡᠵᠦ ᠬᠠᠪᠰᠤᠷᠤᠨ ᠲᠡᠳᠬᠦᠬᠦ

ᠲᠦᠷᠦ ᠶᠢᠨ ᠪᠤᠳᠤᠯᠭ᠎ᠠ ᠲᠣᠭᠲᠠᠭᠠᠭᠰᠠᠨ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠤ᠂ ᠡᠯ᠎ᠡ ᠬᠦᠷᠢᠶᠡᠨ ᠳᠤ ᠳᠡᠭᠡᠳᠦ ᠨᠠᠷᠢᠯᠢᠭ ᠦᠵᠦ

ᠣᠨᠴᠠᠯᠢᠭᠳᠤ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠵᠤ᠂ ᠨᠡᠩ ᠤᠯᠠᠨ ︽ᠨᠢᠭᠤᠭᠳᠠᠮᠠᠯ ᠮᠠᠩᠯᠠᠢ︾ ᠶᠢ

ᠴᠣᠭᠴᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠦᠬᠦᠯᠢ ᠴᠣᠭᠴᠠ ᠶᠢᠨ

ᠰᠦᠷᠦᠭᠵᠢᠯ ᠢ ᠪᠦᠷᠢᠯᠳᠦᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃

      ᠦᠢᠯᠡᠳᠪᠦᠷᠢᠯᠡᠯ ᠤᠨ ᠲᠠᠰᠤᠭ ᠤᠨ ᠭᠠᠳᠠᠨᠠᠬᠢ ᠠᠭᠤᠳᠠᠮ ᠲᠠᠯᠠᠪᠠᠢ ᠳᠤ᠂ ᠰᠢ ᠶᠢᠨ ᠫᠢᠩ ᠠᠵᠤ

ᠠᠬᠤᠶᠢᠯᠠᠯ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠪᠣᠯ ᠦᠢᠯᠡᠳᠬᠦ

ᠦᠢᠯᠡᠰ ᠤᠨ ᠲᠤᠮᠤ ᠤᠯᠤᠰ ᠮᠥᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠴᠢᠷᠮᠠᠶᠢᠨ

ᠳᠡᠭᠡᠭᠰᠢᠯᠡᠭᠦᠯᠵᠦ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠲᠡᠶᠢᠰᠢ ᠲᠦᠷᠭᠡᠨ ᠬᠤᠪᠢᠷᠠᠬᠤ ᠬᠡᠷᠡᠭᠲᠡᠢ᠃

ᠳᠤᠮᠳᠠᠳᠤ ᠤᠯᠤᠰ ᠬᠦᠴᠦᠷᠬᠡᠭᠵᠢᠶ᠎ᠡ ᠭᠡᠪᠡᠯ ᠡᠯ᠎ᠡ ᠬᠦᠷᠢᠶ᠎ᠡ ᠡᠯ᠎ᠡ ᠲᠠᠯ᠎ᠠ ᠪᠠᠷ ᠴᠥᠮ ᠬᠦᠴᠦᠷᠬᠡᠭᠵᠢᠬᠦ ᠬᠡᠷᠡᠭᠲᠡᠢ᠃

ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠢᠷᠡᠭᠡᠳᠦᠢ ᠪᠣᠯ ᠭᠡᠭᠡᠨ ᠰᠠᠷᠠᠭᠤᠯ᠂ ᠵᠠᠮ

ᠪᠣᠯ ᠮᠤᠷᠤᠢ ᠰᠠᠷᠤᠢ ᠶᠤᠮ᠂ ᠪᠠᠰᠠ ᠮᠠᠰᠢ ᠤᠯᠠᠨ ᠲᠤᠯᠬᠢᠨ ᠤᠷᠤᠰᠬᠠᠯ ᠪᠠᠷᠳᠠᠭᠠᠳᠤ ᠲᠠᠩ ᠲᠤᠯᠭᠠᠷᠠᠵᠤ ᠮᠡᠳᠡᠨ᠎ᠠ᠂

ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠤᠭᠲᠤᠬᠤ ᠬᠡᠷᠡᠭᠲᠡᠢ᠃ ᠲᠩᠷᠢ ᠠᠴᠠ

ᠱᠠᠯᠪᠢᠩ ᠤᠨᠠᠵᠤ ᠢᠷᠡᠳᠡᠭ ᠦᠭᠡᠢ ᠶᠤᠮ᠂ ᠠᠯᠢᠪᠠ ᠠᠮᠵᠢᠯᠲᠠ ᠶᠢ ᠪᠢᠳᠡ ᠬᠠᠮᠲᠤ ᠪᠠᠷ ᠲᠡᠮᠡᠴᠡᠬᠦ ᠪᠠᠷ ᠳᠠᠮᠵᠢᠨ

ᠣᠯᠤᠨ᠎ᠠ᠃ ᠤᠯᠠᠨ ᠢᠶᠠᠷ ᠢᠶᠠᠨ ᠴᠦᠮ ︽ᠨᠠᠶᠠᠨ ᠣᠨ ᠠᠴᠠ ᠰᠡᠭᠦᠯᠡᠷ ᠲᠦᠷᠦᠭᠰᠡᠳ︾᠂ ︽ᠶᠡᠷᠡᠨ ᠣᠨ ᠠᠴᠠ ᠰᠡᠭᠦᠯᠡᠷ

ᠲᠦᠷᠦᠭᠰᠡᠳ︾ ᠪᠠᠶᠢᠵᠤ᠂ ᠶᠠᠭ ᠲᠡᠮᠡᠴᠡᠬᠦ ᠲᠤᠬᠢᠳᠠᠢ ᠴᠠᠭ ᠲᠠᠭᠠᠨ ᠪᠠᠶᠢᠨ᠎ᠠ᠂ ᠣᠶᠢᠯᠠᠰᠴᠢ ᠤᠪᠤᠷ᠂ ᠬᠠᠷᠢᠭᠤᠴᠠᠯᠭᠠᠲᠤ

ᠰᠡᠳᠭᠢᠯᠭᠡ ᠲᠠᠢ ᠪᠠᠶᠢᠵᠤ᠂ ᠴᠢᠷᠮᠠᠶᠢᠨ ᠲᠡᠮᠡᠴᠡᠵᠦ᠂ ᠲᠤᠰ ᠵᠠᠭᠤᠨ ᠤ ᠳᠤᠮᠳᠠᠴᠢ ᠪᠣᠯᠬᠤ ᠳᠤ ᠨᠡᠶᠢᠭᠡᠮ ᠵᠢᠷᠤᠮᠳᠤ

ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠦᠶ᠎ᠡ ᠳᠤ᠂ ᠤᠯᠠᠨ ᠢᠶᠠᠷ ᠢᠶᠠᠨ

︽ᠤᠯᠤᠰ ᠢᠶᠠᠨ ᠬᠦᠴᠦᠷᠬᠡᠭᠵᠢᠭᠦᠯᠬᠦ ᠵᠡᠭᠦᠳᠦ ᠪᠠᠨ ᠲᠡᠷᠭᠡᠯᠰᠢᠭᠦᠯᠬᠦ᠂ ᠠᠵᠢᠯ ᠦᠢᠯᠡᠰ ᠪᠦᠳᠦᠬᠦ ᠳᠤ ᠪᠢ ᠪᠤᠢ︾ ᠭᠡᠵᠦ

ᠣᠮᠣᠭᠰᠢᠬᠤ ᠨᠢ ᠯᠠᠪᠲᠠᠢ ᠶᠤᠮ ᠬᠡᠵᠤ ᠴᠢᠬᠤᠯᠠᠴᠢᠯᠠᠪᠠ᠃

      ᠰᠢᠨᠵᠢᠯᠡᠨ ᠪᠠᠶᠢᠴᠠᠭᠠᠬᠤ ᠵᠠᠮ ᠵᠠᠭᠤᠷ᠎ᠠ᠂ ᠰᠢ ᠶᠢᠨ ᠫᠢᠩ᠂ ᠣᠳᠣᠬᠠᠨ ᠳᠤ᠂ ᠡᠯ᠎ᠡ ᠭᠠᠵᠠᠷ ᠣᠷᠣᠨ ᠡᠯ᠎ᠡ

ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ

ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ

ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ

ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ

ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ

ᠴᠢᠷᠮᠠᠶᠢᠨ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠳᠤ ᠰᠠᠶᠢᠨ ᠰᠠᠶᠢᠬᠠᠨ ᠠᠭᠤᠷ

ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ

ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠠᠵᠢᠯ ᠢ ᠥᠨᠳᠥᠷ ᠪᠦᠲᠦᠮᠵᠢᠲᠡᠶ ᠰᠠᠶᠢᠲᠤᠷ ᠬᠢᠵᠦ᠂

ᠣᠳᠣᠬᠠᠨ ᠤ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠢ ᠡᠷᠡᠰ ᠢᠯᠡᠨ ᠳᠠᠪᠠᠵᠤ᠂

ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ

ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ

ᠰᠠᠶᠢᠲᠤᠷ ᠬᠢᠵᠦ᠂ ᠬᠥᠮᠦᠰ ᠤᠨ ᠰᠡᠳᠭᠢᠯ ᠢ ᠲᠣᠭᠲᠠᠭᠤᠨ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ

ᠲᠣᠭᠲᠠᠭᠤᠨ ᠢ ᠪᠠᠲᠤᠯᠠᠬᠤ ᠬᠡᠷᠡᠭᠲᠡᠶ᠃ ︽ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ

ᠡᠷᠡᠰ ᠭᠤᠶᠢᠪᠢᠰᠢ ᠥᠬᠡᠶ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠠᠷᠰᠢ ᠰᠠᠭᠠᠳ ᠢ ᠠᠷᠢᠯᠭᠠᠵᠤ᠂

ᠲᠠᠶᠢᠪᠤᠰᠢᠷᠠᠬᠤ ᠦᠵᠡᠯ ᠰᠠᠨᠠᠭ᠎ᠠ ᠶᠢ ᠢᠯᠡᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠪᠠᠬᠢᠵᠢᠭᠦᠯᠬᠦ ᠬᠡᠷᠡᠭᠲᠡᠶ ᠬᠡᠵᠤ ᠵᠢᠭᠠᠵᠤ ᠭᠠᠷᠭᠠᠪᠠ᠃

      ᠰᠢ ᠶᠢᠨ ᠫᠢᠩ᠂ ᠤᠢᠢᠷ᠎ᠠ ᠶᠢᠨ ᠬᠤᠭᠤᠴᠠᠭᠠᠨ ᠳᠤ᠂ ᠮᠠᠨ ᠤ ᠤᠯᠤᠰ ᠤᠨ ᠵᠠᠷᠢᠮ ᠭᠠᠵᠠᠷ ᠲᠤ ᠦᠶᠡᠷ

ᠤᠰᠤᠲᠤᠯ ᠭᠠᠵᠠᠷ ᠤᠨ ᠭᠠᠢ ᠭᠠᠮᠰᠢᠭ ᠭᠠᠷᠴᠠᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ

ᠮᠥᠴᠢᠷ ᠤᠨ ᠬᠢᠨ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ ᠳᠤ

ᠰᠠᠭᠤᠷᠢᠯᠠᠨ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢ ᠤᠷᠢᠳᠴᠢᠯᠠᠨ ᠰᠠᠶᠢᠲᠤᠷ ᠬᠢᠵᠦ᠂

ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠠᠮᠢ

ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ

ᠵᠣᠬᠢᠴᠠᠭᠤᠯᠬᠤ ᠪᠠᠨ ᠴᠢᠩᠭᠠᠳᠬᠠᠵᠤ᠂ ᠭᠠᠮᠰᠢᠭ ᠤᠨ ᠬᠡᠮ ᠰᠣᠭᠤᠭ ᠢ ᠲᠤᠭᠤᠷᠢᠨ ᠪᠠᠶᠢᠴᠠᠭᠠᠵᠤ ᠠᠶᠤᠯ

ᠲᠦᠭᠰᠢᠭᠦᠷᠢ ᠶᠢ ᠠᠷᠢᠯᠭᠠᠬᠤ ᠪᠠᠨ ᠴᠢᠩᠭᠠᠳᠬᠠᠵᠤ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ

ᠬᠠᠮᠠᠭᠠᠯᠠᠯᠲᠠ ᠶᠢ ᠴᠢᠩᠭᠠᠳᠬᠠᠵᠤ᠂ ᠪᠣᠷᠣᠭᠠᠨ ᠣᠷᠣᠬᠤ᠂ ᠲᠠᠶᠢᠹᠧᠩ ᠰᠠᠯᠬᠢ᠂ ᠠᠭᠤᠯᠠᠨ ᠦᠶᠡᠷ᠂ ᠰᠢᠪᠠᠷ ᠴᠢᠯᠠᠭᠤᠨ ᠤ

ᠤᠷᠤᠰᠬᠠᠯ ᠵᠡᠷᠭᠡ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠦᠪᠰᠢᠨ ᠢᠶᠠᠨ ᠳᠡᠭᠡᠭᠰᠢᠯᠡᠭᠦᠯᠵᠦ᠂

ᠵᠠᠮ ᠬᠠᠷᠢᠯᠴᠠᠭ᠎ᠠ ᠶᠢ ᠰᠢᠯᠤᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠦᠶᠡᠷ ᠢ ᠰᠡᠷᠭᠡᠶᠢᠯᠡᠵᠦ

ᠭᠠᠮᠰᠢᠭ ᠠᠴᠠ ᠠᠪᠤᠷᠬᠠᠤ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃ ᠭᠠᠮᠰᠢᠭ ᠭᠠᠷᠤᠭᠰᠠᠨ‌‍ᠤ

ᠳᠠᠷᠠᠭ᠎ᠠ ᠳᠠᠷᠦ᠋ᠢᠬᠠᠨ ᠬᠦᠴᠦᠨ ᠢᠶᠠᠨ ᠵᠣᠬᠢᠶᠠᠨ ᠪᠠᠶᠢᠭᠤᠯᠤᠨ ᠠᠶᠤᠯ ᠭᠠᠮᠰᠢᠭ ᠠᠴᠠ ᠠᠪᠤᠷᠠᠵᠤ᠂ ᠡᠭᠦᠰᠦᠮᠡᠯ ᠭᠠᠢ

ᠭᠠᠮᠰᠢᠭ ᠢ ᠴᠢᠩᠭ᠎ᠠ ᠰᠡᠷᠭᠡᠶᠢᠯᠡᠨ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ

ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠠᠶᠤᠯ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ

ᠬᠢᠬᠦ ᠶᠢᠨ ᠵᠡᠷᠭᠡ ᠪᠠᠷ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠵᠦ᠂

ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ

ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭ ᠠᠴᠠ ᠪᠤᠯᠵᠤ ᠲᠠᠬᠢᠨ ᠶᠠᠳᠠᠭᠤᠷᠠᠬᠤ ᠪᠠ

︽ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠳᠡᠯᠭᠡᠷᠡᠬᠦ︾ ᠶᠢ ᠰᠡᠷᠭᠡᠶᠢᠯᠡᠬᠦ ᠬᠡᠷᠡᠭᠲᠡᠢ ᠬᠡᠵᠤ ᠴᠢᠬᠤᠯᠠᠴᠢᠯᠠᠪᠠ᠃

      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃

      9 ᠤ ᠦᠳᠡ ᠶᠢᠨ ᠡᠮᠦᠨ᠎ᠡ᠂ ᠰᠢ ᠶᠢᠨ ᠫᠢᠩ ᠴᠧᠩᠳᠦ᠋ ᠳᠤ ᠰᠠᠭᠤᠭ᠎ᠠ ᠴᠡᠷᠢᠭ ᠠᠩᠬᠢ ᠶᠢᠨ ᠠᠬᠠᠯᠠᠬᠤ

ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠪᠠᠶᠢᠭᠤᠯᠤᠮᠵᠢᠳᠦ ᠬᠤᠷᠢᠶ᠎ᠠ ᠶᠢᠨ ᠭᠤᠣᠯ ᠣᠹᠢᠼᠧᠷ ᠲᠠᠢ

ᠴᠧᠩᠳᠦ᠋ ᠳᠤ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ

ᠬᠤᠷᠢᠶᠠᠨ ᠤ ᠡᠮᠦᠨ᠎ᠡ ᠠᠴᠠ ᠴᠧᠩᠳᠦ᠋ ᠳᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ ᠲᠤ

ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ

ᠳᠤᠷᠠᠰᠬᠠᠯ ᠦᠯᠡᠳᠡᠭᠡᠪᠡ᠃ ᠰᠢᠤᠢ ᠴᠢ ᠯᠢᠶᠠᠩ ᠪᠠᠷ᠎ᠠ ᠪᠤᠯᠵᠦ ᠠᠭᠤᠯᠵᠠᠪᠠ᠃

 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号