ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ | 6 ᠳ᠋ᠤᠭᠠᠷ ᠰᠠᠷ᠎ᠠ ᠶᠢᠨ 9 ᠤ ᠡᠳᠦᠷ ᠪᠡᠭᠡᠵᠢᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ᠃ | ᠬᠢᠵᠢᠭ ᠤᠨ ᠪᠠᠶᠢᠳᠠᠯ ᠭᠠᠷᠤᠭᠰᠠᠨ ᠦᠭᠡᠢ ᠮᠥᠷᠲᠡᠭᠡᠨ ᠬᠠᠯᠳᠠᠪᠤᠷᠢᠯᠠᠨ ᠣᠷᠣᠬᠤ ᠠᠶᠤᠯ ᠲᠦᠭᠰᠢᠭᠦᠷᠢ | ᠦᠭᠡᠢ ᠭᠠᠵᠠᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠠᠶᠢᠩᠭᠤᠵᠢᠭᠤᠯᠬᠤ ᠴᠢᠬᠤᠯᠠ ᠦᠭᠡᠢ | ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ | ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠬᠦᠷᠢᠶ᠎ᠡ ᠬᠡᠪᠴᠢᠶ᠎ᠡ ᠪᠠ ᠤᠳᠠᠭ᠎ᠠ ᠳᠠᠪᠲᠠᠮᠵᠢ ᠶᠢ ᠬᠤᠪᠢᠶᠠᠷᠢᠯᠠᠨ ᠲᠣᠭᠲᠠᠭᠠᠵᠤ᠂ ᠪᠥᠬᠦ ᠬᠥᠮᠥᠨ ᠤ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠦᠷᠢᠶ᠎ᠡ ᠬᠡᠪᠴᠢᠶ᠎ᠡ ᠶᠢ ᠰᠣᠬᠤᠷ ᠪᠠᠯᠠᠢ ᠪᠠᠷ ᠥᠷᠭᠡᠳᠬᠡᠬᠦ ᠠᠴᠠ | ᠵᠠᠶᠢᠯᠠᠰᠬᠢᠵᠦ᠂ ᠪᠠᠶᠢᠴᠠᠭᠠᠯᠲᠠ ᠶᠢ ᠬᠦᠯᠢᠶᠡᠬᠦ ᠬᠥᠮᠥᠰ ᠤᠨ ᠲᠦᠭᠰᠢᠭᠦᠷᠢ ᠶᠢᠨ ᠲᠠᠰ ᠢᠶᠠᠷ ᠨᠢ ᠥᠨᠳᠥᠷ ᠠᠴᠠ ᠳᠣᠣᠷ᠎ᠠ | ᠲᠠᠰ ᠳᠠᠷᠠᠭᠠᠯᠠᠯ ᠢᠶᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ ᠬᠡᠷᠡᠭᠲᠡᠢ᠃ ᠪᠢᠲᠡᠭᠦᠮᠵᠢᠯᠡᠨ ᠡᠵᠡᠮᠳᠡᠬᠦ | ᠣᠷᠣᠨ ᠳᠤ 24 ᠴᠠᠭ ᠤᠨ ᠳᠣᠲᠣᠷ᠎ᠠ ᠨᠢᠭᠡᠳᠦᠭᠡᠷ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ | ᠪᠡᠶᠡᠯᠡᠭᠦᠯᠵᠦ᠂ ᠬᠠᠮᠢᠶᠠᠷᠤᠨ ᠡᠵᠡᠮᠳᠡᠬᠦ ᠣᠷᠣᠨ ᠳᠤ 48 ᠴᠠᠭ ᠤᠨ ᠳᠣᠲᠣᠷ᠎ᠠ ᠨᠢᠭᠡᠳᠦᠭᠡᠷ ᠡᠭᠡᠯᠵᠢ ᠶᠢᠨ ᠪᠥᠬᠦ | ᠬᠥᠮᠥᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠢ᠃ ᠥᠭᠡᠷ᠎ᠡ ᠪᠠᠷ ᠬᠡᠯᠡᠪᠡᠯ᠂ | ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠵᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ | ᠦᠨᠳᠦᠰᠦᠯᠡᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯᠲᠠᠨ᠂ ᠬᠦᠷᠢᠶ᠎ᠡ ᠬᠡᠪᠴᠢᠶ᠎ᠡ᠂ ᠤᠳᠠᠭ᠎ᠠ | ᠳᠠᠷᠠᠭ᠎ᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠪᠠ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠵᠡᠷᠭᠡ ᠶᠢᠨ ᠬᠥᠮᠥᠰ ᠭᠠᠳᠠᠭᠰᠢ | ᠭᠠᠷᠴᠤ ᠪᠣᠯᠬᠤ ᠦᠭᠡᠢ᠂ ᠭᠡᠪᠡᠴᠦ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠳᠣᠣᠷ᠎ᠠ ᠲᠦᠭᠰᠢᠭᠦᠷᠢᠲᠦ ᠭᠠᠵᠠᠷ | ᠣᠷᠣᠨ ᠪᠠ ᠰᠡᠷᠭᠡᠶᠢᠯᠡᠯᠲᠡ ᠶᠢᠨ ᠣᠷᠣᠨ ᠳᠤ ᠦᠨᠡᠨ ᠬᠦ ᠭᠠᠳᠠᠭᠰᠢ ᠭᠠᠷᠬᠤ ᠴᠢᠬᠤᠯᠠᠲᠠᠢ ᠪᠠᠶᠢᠪᠠᠯ᠂ 48 ᠴᠠᠭ ᠤᠨ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠃ ᠡᠯ᠎ᠡ | ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ ᠲᠣᠬᠢᠷᠠᠭᠤᠯᠤᠯᠲᠠ | ᠬᠢᠵᠦ ᠪᠣᠯᠣᠨ᠎ᠠ᠃ | ᠬᠢᠵᠢᠭ ᠤᠨ ᠪᠠᠶᠢᠳᠠᠯ ᠡᠭᠦᠰᠦᠭᠰᠡᠨ ᠦᠭᠡᠢ ᠪᠥᠭᠡᠳ ᠬᠠᠯᠳᠠᠪᠤᠷᠢᠯᠠᠨ ᠣᠷᠣᠬᠤ ᠲᠦᠭᠰᠢᠭᠦᠷᠢ ᠴᠦ ᠦᠭᠡᠢ | ᠭᠠᠵᠠᠷ ᠣᠷᠣᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠨᠢᠭᠡ ᠵᠦᠢᠯ ᠤᠨ ᠪᠠᠶᠢᠩᠭᠤᠵᠢᠭᠰᠠᠨ ᠪᠠᠶᠢᠳᠠᠯ | ᠪᠣᠯᠭᠠᠬᠤ ᠴᠢᠬᠤᠯᠠ ᠦᠭᠡᠢ᠃ | 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ | ᠲᠣᠭᠤᠷᠢᠭ ᠢ ᠴᠠᠭ ᠪᠠ ᠪᠠᠶᠢᠳᠠᠯ ᠢ ᠦᠨᠳᠦᠰᠦᠯᠡᠵᠦ ᠪᠠᠶᠢᠭᠤᠯᠬᠤ ᠡᠰᠡᠬᠦ ᠪᠠᠨ ᠲᠣᠭᠲᠠᠭᠠᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠶᠠᠪᠤᠴᠠ ᠳᠤ᠂ ᠵᠢᠱᠢᠶᠡᠯᠡᠪᠡᠯ ᠬᠢᠯᠢ ᠶᠢᠨ | ᠪᠣᠭᠤᠮᠲᠠ ᠶᠢᠨ ᠬᠤᠲᠠ᠂ ᠮᠤᠵᠢ ᠶᠢᠨ ᠲᠥᠪ ᠬᠤᠲᠠ ᠪᠠ ᠮᠢᠩᠭᠠᠨ ᠲᠦᠮᠡᠨ ᠲᠠᠰ ᠤᠨ ᠬᠥᠮᠥᠨ ᠠᠮᠠ ᠲᠠᠢ | ᠬᠤᠲᠠ ᠳᠤ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠬᠤ ᠲᠦᠭᠰᠢᠭᠦᠷᠢ ᠨᠡᠯᠢᠶᠡᠳ ᠶᠡᠭᠡ ᠪᠠᠶᠢᠳᠠᠭ ᠪᠣᠯᠬᠤᠷ ᠡᠲᠡᠭᠡᠷ | ᠬᠤᠲᠠ ᠳᠤ 15 ᠮᠢᠨᠦ᠋ᠲ ᠤᠨ ᠳᠣᠲᠣᠷ᠎ᠠ ᠶᠠᠪᠠᠭᠠᠨ ᠢᠶᠠᠷ ᠬᠦᠷᠴᠦ ᠪᠣᠯᠬᠤ ᠪᠥᠭᠡᠮ ᠬᠦᠴᠢᠯ ᠤᠨ ᠥᠯᠢᠭᠡᠷ ᠠᠪᠬᠤ | ᠲᠣᠭᠤᠷᠢᠭ ᠪᠠᠶᠢᠭᠤᠯᠬᠤ ᠨᠢ ᠪᠠᠶᠢᠴᠠᠭᠠᠬᠤ ᠶᠣᠰᠣᠲᠠᠢ ᠬᠦᠮᠦᠰ ᠢ ᠴᠥᠮ ᠪᠠᠶᠢᠴᠠᠭᠠᠬᠤ ᠪᠠ ᠪᠠᠶᠢᠴᠠᠭᠠᠬᠤ ᠳᠤᠷᠠᠲᠠᠢ | ᠬᠥᠮᠥᠰ ᠢ ᠴᠥᠮ ᠪᠠᠶᠢᠴᠠᠭᠠᠬᠤ ᠳᠤ ᠨᠠᠩ ᠲᠥᠬᠦᠮ ᠪᠥᠭᠡᠳ ᠪᠥᠭᠡᠮ ᠬᠦᠴᠢᠯ ᠤᠨ ᠰᠢᠯᠭᠠᠨ ᠪᠠᠶᠢᠴᠠᠭᠠᠬᠤ | ᠦᠢᠯᠡᠴᠢᠯᠡᠭᠡ ᠬᠠᠩᠭᠠᠬᠤ ᠳᠤ ᠨᠡᠩ ᠠᠰᠢᠭᠲᠠᠢ ᠶᠤᠮ︔ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠵᠤ ᠤᠷᠢᠳᠴᠢᠯᠠᠨ | ᠰᠡᠷᠡᠮᠵᠢᠯᠡᠬᠦ ᠰᠡᠷᠭᠡᠭ ᠴᠢᠨᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ | ᠢᠯᠡᠷᠡᠭᠦᠯᠬᠦ ᠲᠣᠭᠲᠠᠯᠴᠠᠭ᠎ᠠ ᠶᠢ ᠪᠠᠬᠢᠵᠢᠭᠦᠯᠬᠦ ᠳᠤ ᠠᠰᠢᠭᠲᠠᠢ︔ ᠪᠠᠰᠠ ᠳᠠᠯᠳᠠ ᠲᠦᠭᠰᠢᠭᠦᠷᠢ ᠶᠢ ᠨᠠᠩ ᠡᠷᠲᠡ | ᠢᠯᠡᠷᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠩ ᠲᠦᠷᠭᠡᠨ ᠬᠡᠷᠡᠭᠵᠢᠭᠦᠯᠵᠦ᠂ ᠶᠡᠭᠡ ᠬᠡᠪᠴᠢᠶᠡᠨ ᠤ ᠪᠠ | ᠳᠡᠯᠪᠡᠷᠡᠯᠲᠡ ᠶᠢᠨ ᠮᠠᠶ᠋ᠢᠭ ᠤᠨ ᠴᠤᠭᠯᠠᠷᠠᠯ ᠤᠨ ᠬᠢᠵᠢᠭ ᠤᠨ ᠪᠠᠶᠢᠳᠠᠯ ᠡᠭᠦᠰᠬᠦ ᠠᠴᠠ ᠵᠠᠶᠢᠯᠠᠰᠬᠢᠬᠦ ᠳᠤ ᠠᠰᠢᠭᠲᠠᠢ ᠶᠤᠮ᠃ | ᠣᠨᠴᠠᠭᠠᠶᠢᠯᠠᠨ ᠴᠢᠬᠤᠯᠠᠴᠢᠯᠠᠬᠤ ᠨᠢ᠂ 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ ᠥᠯᠢᠭᠡᠷ ᠠᠪᠬᠤ | ᠲᠣᠭᠤᠷᠢᠭ ᠢ ᠪᠣᠶ ᠪᠦᠬᠦᠢ ᠬᠤᠲᠠ ᠳᠤ ᠴᠥᠮ ᠪᠠᠶᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠢᠰᠢ᠂ ᠭᠤᠣᠯᠳᠠᠭᠤ | ᠬᠢᠵᠢᠭ ᠤᠨ ᠪᠠᠶᠢᠳᠠᠯ ᠪᠠ ᠬᠠᠯᠳᠠᠪᠤᠷᠢᠯᠠᠨ ᠣᠷᠣᠬᠤ ᠲᠦᠭᠰᠢᠭᠦᠷᠢ ᠪᠠᠷ ᠨᠡᠯᠢᠶᠡᠳ ᠥᠨᠳᠥᠷ᠂ ᠢᠯᠠᠩᠭᠤᠶ᠎ᠠ ᠬᠥᠮᠥᠨ | ᠠᠮᠠ ᠣᠯᠠᠨᠲᠠᠢ ᠶᠡᠭᠡ ᠬᠤᠲᠠ ᠳᠤ ᠬᠠᠨᠲᠤᠭᠤᠯᠤᠭᠰᠠᠨ ᠶᠤᠮ᠃ 15 ᠮᠢᠨᠦ᠋ᠲ ᠤᠨ ᠳᠣᠲᠣᠷᠠᠬᠢ ᠪᠥᠭᠡᠮ ᠬᠦᠴᠢᠯ ᠤᠨ | ᠥᠯᠢᠭᠡᠷ ᠠᠪᠬᠤ ᠲᠣᠭᠤᠷᠢᠭ ᠪᠠᠶᠢᠭᠤᠯᠬᠤ ᠡᠰᠡᠬᠦ ᠵᠢᠴᠢ ᠪᠠᠶᠢᠴᠠᠭᠠᠨ ᠰᠢᠯᠭᠠᠬᠤ ᠤᠳᠠᠭ᠎ᠠ ᠳᠠᠪᠲᠠᠮᠵᠢ ᠶᠢ ᠭᠤᠣᠯᠳᠠᠭᠤ | ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ | ᠴᠠᠭ ᠪᠠ ᠪᠠᠶᠢᠳᠠᠯ ᠢ ᠦᠨᠳᠦᠰᠦᠯᠡᠵᠦ ᠲᠣᠭᠲᠠᠭᠠᠬᠤ ᠬᠡᠷᠡᠭᠲᠡᠢ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠪᠣᠯᠬᠤ | ᠦᠭᠡᠢ᠃ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠣᠯ ᠣᠨᠣᠰᠢᠯᠠᠯᠲᠠ ᠬᠢᠬᠦ ︽ᠠᠯᠲᠠᠨ ᠪᠠᠷᠢᠮᠵᠢᠶ᠎ᠠ︾ ᠮᠥᠨ᠂ | ᠸᠢᠷᠦ᠋ᠰ ᠤᠨ ᠣᠨᠳᠣᠣᠰᠢᠯ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠠᠶᠢᠴᠠᠭᠠᠬᠤ ᠴᠢᠳᠠᠪᠤᠷᠢ ᠶᠢ | ᠨᠥᠯᠥᠭᠡᠯᠡᠬᠦ ᠦᠭᠡᠢ | ᠪᠥᠭᠡᠮ ᠬᠦᠴᠢᠯ ᠤᠨ ᠪᠠᠶᠢᠴᠠᠭᠠᠯᠲᠠ ᠪᠣᠯ ᠨᠢᠭᠡᠨ ᠨᠡᠯᠢᠶᠡᠳ ᠪᠣᠯᠪᠠᠰᠤᠷᠠᠩᠭᠤᠢ ᠪᠣᠯᠤᠭᠰᠠᠨ᠂ ᠳᠡᠯᠡᠬᠡᠢ | ᠨᠡᠶᠢᠲᠡ ᠳᠤ ᠨᠡᠶᠢᠳᠡᠮ ᠬᠡᠷᠡᠭᠯᠡᠭᠳᠡᠵᠦ ᠪᠠᠶᠢᠭ᠎ᠠ ᠲᠤᠷᠰᠢᠯᠲᠠ ᠶᠢᠨ ᠲᠠᠰᠤᠭ ᠤᠨ ᠣᠨᠣᠰᠢᠯᠠᠬᠤ ᠠᠷᠭ᠎ᠠ ᠪᠣᠯᠣᠨ᠎ᠠ᠃ | ᠥᠩᠭᠡᠷᠡᠭᠰᠡᠨ ᠳᠤ ᠪᠢᠳᠡ ᠸᠢᠷᠦ᠋ᠰ ᠤᠨ ᠡᠪᠡᠳᠴᠢᠨ ᠡᠭᠦᠰᠬᠡᠭᠴᠢ ᠶᠢ ᠰᠢᠯᠭᠠᠨ ᠪᠠᠶᠢᠴᠠᠭᠠᠬᠤ ᠳᠤ ᠭᠤᠣᠯᠳᠠᠭᠤ | ᠸᠢᠷᠦ᠋ᠰ ᠪᠤᠶᠢᠵᠢᠭᠤᠯᠬᠤ ᠳᠤ ᠲᠦᠰᠢᠭᠯᠡᠵᠦ ᠪᠠᠶᠢᠵᠠᠢ᠂ ᠪᠢᠳᠡ ᠪᠤᠳᠤᠭᠯᠠᠬᠤ᠂ ᠬᠡᠯᠪᠡᠷᠢ ᠳᠦᠷᠰᠦ ᠶᠢᠨ ᠠᠵᠢᠭᠯᠠᠯᠲᠠ ᠬᠢᠬᠦ᠂ | ᠠᠮᠢᠳᠤ ᠪᠣᠳᠠᠰ ᠤᠨ ᠬᠢᠮᠢ ᠶᠢᠨ ᠲᠤᠷᠰᠢᠯᠲᠠ ᠬᠢᠬᠦ᠂ ᠡᠭᠡᠯᠢᠯᠡᠭᠡ ᠶᠢᠨ ᠲᠤᠷᠰᠢᠯᠲᠠ ᠬᠢᠬᠦ ᠵᠡᠷᠭᠡ ᠤᠯᠠᠨ ᠵᠦᠢᠯ ᠤᠨ | ᠠᠷᠭ᠎ᠠ ᠪᠠᠷ ᠢᠯᠭᠠᠨ ᠲᠠᠨᠢᠵᠤ ᠪᠠᠶᠢᠵᠠᠢ᠃ ᠸᠢᠷᠦ᠋ᠰ ᠢ ᠬᠥᠮᠥᠵᠢᠭᠦᠯᠬᠦ ᠳᠤ ᠨᠡᠯᠢᠶᠡᠳ ᠤᠷᠲᠤ ᠴᠠᠭ ᠬᠡᠷᠡᠭᠰᠡᠵᠦ᠂ | ᠲᠤᠷᠰᠢᠯᠲᠠ ᠶᠢᠨ ᠲᠠᠰᠤᠭ ᠤᠨ ᠵᠠᠷᠢᠮ ᠡᠪᠡᠳᠴᠢᠨ ᠡᠭᠦᠰᠬᠡᠭᠴᠢ ᠶᠢ ᠪᠤᠶᠢᠵᠢᠭᠤᠯᠬᠤ ᠳᠤ ᠮᠠᠰᠢ ᠬᠦᠴᠢᠷ᠃ ᠬᠤᠵᠢᠮ ᠨᠢ | ᠪᠢᠳᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠲᠠᠢ ᠪᠣᠯᠪᠠ᠃ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠠᠷᠭ᠎ᠠ ᠨᠢ ᠰᠡᠷᠭᠡᠭ ᠴᠢᠨᠠᠷ ᠢᠶᠠᠷ ᠥᠨᠳᠥᠷ ᠪᠠᠶᠢᠵᠤ᠂ ᠣᠨᠴᠠᠭᠠᠶ ᠮᠡᠳᠡᠷᠡᠮᠵᠢ ᠶᠢᠨ ᠴᠢᠨᠠᠷ ᠨᠢ | ᠠᠷᠭ᠎ᠠ ᠶᠢᠨ ᠤᠬᠠᠭᠠᠨ ᠤ ᠲᠠᠯ᠎ᠠ ᠪᠠᠷ ᠵᠠᠭᠤᠨ ᠤ ᠵᠠᠭᠤ ᠳᠤ ᠬᠦᠷᠳᠡᠭ᠃ ᠥᠭᠡᠷ᠎ᠡ ᠪᠠᠷ ᠬᠡᠯᠡᠪᠡᠯ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠠᠷᠭ᠎ᠠ ᠴᠢᠨᠠᠷᠲᠠᠢ ᠦᠷ᠎ᠡ ᠳ᠋ᠦᠩ ᠨᠢ ᠡᠪᠡᠳᠴᠢᠨ ᠡᠭᠦᠰᠬᠡᠭᠴᠢ ᠶᠢ ᠬᠥᠮᠥᠵᠢᠭᠦᠯᠦᠭᠰᠡᠨ | ᠦᠷ᠎ᠡ ᠳ᠋ᠦᠩ ᠲᠠᠢ ᠠᠳᠠᠯᠢ ᠪᠠᠶᠢᠵᠤ᠂ ᠣᠨᠣᠰᠢᠯᠠᠯᠲᠠ ᠬᠢᠬᠦ ︽ᠠᠯᠲᠠᠨ ᠪᠠᠷᠢᠮᠵᠢᠶ᠎ᠠ︾ ᠪᠣᠯᠵᠤ ᠪᠠᠶᠢᠨ᠎ᠠ᠃ ᠵᠥᠪᠬᠡᠨ | ᠰᠢᠨ᠎ᠡ ᠲᠢᠲᠢᠮᠯᠢᠭ ᠸᠢᠷᠦ᠋ᠰ ᠲᠡᠳᠦᠢ ᠪᠢᠰᠢ᠂ ᠵᠢᠱᠢᠶᠡᠯᠡᠪᠡᠯ ᠦᠷᠭᠦᠯᠵᠢ ᠲᠣᠬᠢᠶᠠᠯᠳᠤᠳᠠᠭ ᠡᠪᠡᠳᠴᠢᠨ ᠡᠭᠦᠰᠬᠡᠭᠴᠢ᠂ | ᠡᠯᠢᠭᠡᠨ ᠤ B ᠦᠷᠪᠢᠰᠦᠯ ᠤᠨ ᠸᠢᠷᠦ᠋ᠰ᠂ ᠠᠶᠢᠽ ᠡᠪᠡᠳᠴᠢᠨ ᠤ ᠸᠢᠷᠦ᠋ᠰ ᠢ ᠪᠦᠷ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠠᠷᠭ᠎ᠠ ᠪᠠᠷ ᠣᠨᠣᠰᠢᠯᠠᠵᠤ ᠪᠣᠯᠬᠤ ᠶᠢᠨ ᠬᠠᠮᠲᠤ ᠡᠮᠨᠡᠨ ᠵᠠᠰᠠᠭᠰᠠᠨ ᠪᠠᠶᠢᠳᠠᠯ ᠤᠨ ᠪᠠᠶᠢᠴᠠᠭᠠᠯᠲᠠ | ᠬᠢᠵᠦ ᠪᠣᠯᠣᠨ᠎ᠠ᠃ | ᠪᠢᠳᠡ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠢᠬᠦ ᠳᠤ᠂ | ᠬᠡᠷᠡᠭᠯᠡᠵᠦ ᠪᠠᠶᠢᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠤᠷᠪᠠᠯᠵᠢ ᠶᠢ ᠰᠢᠨ᠎ᠡ ᠲᠢᠲᠢᠮᠯᠢᠭ | ᠸᠢᠷᠦ᠋ᠰ ᠤᠨ ᠬᠤᠶᠠᠷ ᠫᠠᠢ ᠪᠤᠶᠤ ᠭᠤᠷᠪᠠᠨ ᠫᠠᠢ ᠶᠢᠨ ᠭᠧᠨ ᠳᠤ ᠴᠢᠭᠯᠡᠭᠦᠯᠵᠦ᠂ ᠸᠢᠷᠦ᠋ᠰ ᠤᠨ ᠣᠨᠳᠣᠣᠰᠢᠯ ᠨᠢ | ᠬᠤᠶᠠᠷ ᠠᠴᠠ ᠭᠤᠷᠪᠠᠨ ᠫᠠᠢ ᠶᠢᠨ ᠭᠧᠨ ᠳᠤ ᠵᠡᠷᠭᠡ ᠪᠠᠷ ᠣᠨᠳᠣᠣᠰᠢᠬᠤ ᠪᠣᠯᠣᠯᠴᠠᠭ᠎ᠠ ᠦᠨᠳᠦᠰᠦᠨ ᠳᠤ ᠪᠠᠨ | ᠣᠷᠣᠰᠢᠬᠤ ᠦᠭᠡᠢ᠂ ᠡᠶᠢᠮᠦ ᠠᠴᠠ ᠸᠢᠷᠦ᠋ᠰ ᠤᠨ ᠣᠨᠳᠣᠣᠰᠢᠯ ᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠪᠠᠶᠢᠴᠠᠭᠠᠬᠤ ᠴᠢᠳᠠᠪᠤᠷᠢ ᠳᠤ ᠶᠠᠮᠠᠷ ᠴᠤ ᠨᠥᠯᠥᠭᠡ ᠪᠣᠯᠬᠤ ᠦᠭᠡᠢ ᠶᠤᠮ᠃ | ᠣᠷᠴᠢᠨ ᠲᠣᠭᠤᠷᠢᠨ ᠤ ᠦᠯᠢᠭᠡᠷ ᠠᠴᠠ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ | ᠭᠠᠷᠭᠠᠭᠰᠠᠨ ᠨᠢ ᠠᠮᠢᠳᠤ ᠸᠢᠷᠦ᠋ᠰ ᠣᠷᠣᠰᠢᠬᠤ ᠶᠢ ᠲᠥᠯᠥᠭᠡᠯᠡᠬᠦ ᠦᠭᠡᠢ | ᠣᠷᠴᠢᠨ ᠲᠣᠭᠤᠷᠢᠨ ᠤ ᠥᠯᠢᠭᠡᠷ ᠠᠴᠠ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ | ᠭᠠᠷᠭᠠᠭᠰᠠᠨ ᠨᠢ ᠣᠷᠴᠢᠨ ᠲᠣᠭᠤᠷᠢᠨ ᠤ ᠥᠯᠢᠭᠡᠷ ᠲᠤ ᠯᠠᠪᠲᠠᠢ ᠠᠮᠢᠳᠤ ᠸᠢᠷᠦ᠋ᠰ ᠪᠠᠶᠢᠬᠤ ᠶᠢ ᠲᠥᠯᠥᠭᠡᠯᠡᠵᠦ ᠳᠡᠶᠢᠯᠬᠦ | ᠦᠭᠡᠢ᠃ ᠬᠡᠷᠪᠡ ᠠᠮᠢᠳᠤ ᠸᠢᠷᠦ᠋ᠰ ᠪᠠᠶᠢᠬᠤ ᠡᠰᠡᠬᠦ ᠶᠢ ᠰᠢᠯᠭᠠᠨ ᠲᠣᠭᠲᠠᠭᠠᠬᠤ ᠳᠤ ᠭᠦᠷᠪᠡᠯ ᠵᠠᠪᠠᠯ ᠡᠰ ᠤᠨ | ᠸᠢᠷᠦ᠋ᠰ ᠢ ᠢᠯᠭᠠᠨ ᠰᠠᠯᠭᠠᠬᠤ ᠪᠤᠶᠤ ᠰᠡᠷᠭᠡᠭ ᠬᠤᠯᠤᠭᠠᠨᠠᠡᠴᠠ ᠸᠢᠷᠦ᠋ᠰ ᠢ ᠢᠯᠭᠠᠨ ᠰᠠᠯᠭᠠᠵᠤ᠂ ᠠᠮᠢᠳᠤ ᠸᠢᠷᠦ᠋ᠰ | ᠪᠠᠶᠢᠬᠤ ᠡᠰᠡᠬᠦ ᠶᠢ ᠲᠣᠳᠣᠯᠠᠨ᠎ᠠ᠃ ᠤᠴᠢᠷ ᠨᠢ ᠠᠮᠢ ᠦᠭᠡᠢ ᠸᠢᠷᠦ᠋ᠰ ᠪᠠ ᠠᠮᠢᠳᠤ ᠸᠢᠷᠦ᠋ᠰ᠂ ᠡᠰᠡᠪᠡᠯ ᠮᠠᠨ ᠤ | ᠤᠳᠤ ᠶᠢᠨ ᠲᠠᠷᠢᠯᠭ᠎ᠠ ᠬᠢᠵᠦ ᠪᠠᠶᠢᠭ᠎ᠠ ᠢᠳᠡᠪᠬᠢ ᠦᠭᠡᠶᠢᠵᠢᠭᠦᠯᠦᠭᠰᠡᠨ ᠰᠢᠨ᠎ᠡ ᠲᠢᠲᠢᠮᠯᠢᠭ ᠠᠭᠤᠰᠬᠢᠨ | ᠥᠷᠪᠢᠰᠦᠯ ᠤᠨ ᠸᠠᠺᠼᠢᠨ ᠴᠤ ᠲᠡᠷᠡ᠂ ᠲᠡᠭᠦᠨ ᠳᠤ ᠴᠥᠮ ᠪᠥᠭᠡᠮ ᠬᠦᠴᠢᠯ ᠠᠭᠤᠯᠤᠭᠳᠠᠵᠤ ᠪᠠᠶᠢᠳᠠᠭ᠃ ᠪᠥᠭᠡᠮ | ᠬᠦᠴᠢᠯᠤᠨ ᠰᠢᠯᠭᠠᠨ ᠪᠠᠶᠢᠴᠠᠭᠠᠯᠲᠠ ᠪᠠᠷ ᠳᠠᠮᠵᠢᠨ ᠠᠷᠭ᠎ᠠ ᠴᠢᠨᠠᠷ ᠢ ᠢᠯᠡᠷᠡᠭᠦᠯᠵᠦ ᠪᠣᠯᠣᠨ᠎ᠠ᠂ ᠡᠶᠢᠮᠦ ᠠᠴᠠ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠦᠯᠬᠦ ᠨᠢ ᠠᠮᠢᠳᠤ ᠸᠢᠷᠦ᠋ᠰ ᠪᠠᠶᠢᠬᠤ ᠶᠢ | ᠲᠥᠯᠥᠭᠡᠯᠡᠵᠦ ᠴᠢᠳᠠᠬᠤ ᠦᠭᠡᠢ ᠪᠠᠶᠢᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠬᠡᠷᠡᠭᠲᠡᠢ᠃ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠠ ᠬᠥᠮᠥᠰ ᠲᠤ ᠲᠠᠬᠢᠨ ᠳᠠᠪᠲᠠᠨ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠴᠢᠬᠤᠯᠠ ᠦᠭᠡᠢ | ᠳᠣᠣᠷ᠎ᠠ ᠲᠦᠭᠰᠢᠭᠦᠷᠢᠲᠦ ᠭᠠᠵᠠᠷ ᠣᠷᠣᠨ ᠪᠠ ᠬᠥᠮᠥᠰ᠂ ᠵᠢᠱᠢᠶᠡᠯᠡᠪᠡᠯ ᠣᠷᠳᠣ ᠬᠤᠭᠤᠴᠠᠭ᠎ᠠ ᠪᠠᠷ | ᠭᠡᠷ ᠲᠤ ᠪᠠᠨ ᠰᠠᠭᠤᠵᠤ ᠪᠠᠶᠢᠭ᠎ᠠ ᠬᠥᠮᠥᠰ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠᠶᠢ ᠪᠠᠶᠢᠨ ᠳᠠᠬᠢᠨ ᠬᠢᠬᠦ | ᠴᠢᠬᠤᠯᠠ ᠦᠭᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠤᠣᠯᠳᠠᠯᠭ᠎ᠠ ᠶᠢ ᠥᠨᠳᠥᠷ ᠳᠡᠰ ᠤᠨ | ᠲᠦᠭᠰᠢᠭᠦᠷᠢᠲᠦ ᠬᠥᠮᠥᠰ ᠪᠠ ᠥᠨᠳᠥᠷ ᠳᠡᠰ ᠤᠨ ᠲᠦᠭᠰᠢᠭᠦᠷᠢᠲᠦ ᠠᠵᠢᠯ ᠤᠨ ᠪᠠᠶᠢᠷᠢ ᠶᠢᠨ ᠠᠵᠢᠯᠲᠠᠨ ᠵᠢᠴᠢ | ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ ᠲᠠᠯᠪᠢᠬᠤ ᠬᠡᠷᠡᠭᠲᠡᠢ᠃ | ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠬᠦ ᠪᠠ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠰᠢᠨᠡᠳᠬᠡᠬᠦ ᠬᠡᠷᠡᠭᠲᠡᠢ | ᠥᠯᠢᠭᠡᠷ ᠠᠪᠬᠤ ᠴᠡᠭ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠠᠯᠪᠠᠨ ᠤ ᠰᠦᠯᠵᠢᠶ᠎ᠡ᠂ | ᠬᠡᠷᠡᠭᠯᠡᠭᠴᠢ ᠶᠢᠨ ᠦᠵᠦᠭᠦᠷ᠂ ᠸᠢᠴᠠᠲ ᠤᠨ ᠨᠡᠶᠢᠲᠡ ᠶᠢᠨ ᠳ᠋ᠤᠭᠠᠷ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ | ᠵᠢᠵᠢᠭ ᠫᠷᠣᠭ᠍ᠷᠠᠮ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠥᠯᠢᠭᠡᠷ ᠠᠪᠬᠤ | ᠴᠡᠭ ᠢ ᠴᠠᠭ ᠲᠤᠬᠠᠢ ᠳᠤ ᠨᠢ ᠨᠡᠶᠢᠲᠡᠯᠡᠵᠦ᠂ ᠣᠯᠠᠨ ᠨᠡᠶᠢᠲᠡ ᠶᠢᠨ ᠣᠶᠢᠷ᠎ᠠ ᠬᠠᠪᠢ ᠶᠢᠨ ᠴᠡᠭ ᠢ ᠰᠣᠩᠭᠤᠵᠤ ᠪᠥᠭᠡᠮ | ᠬᠦᠴᠢᠯ ᠤᠨ ᠥᠯᠢᠭᠡᠷ ᠠᠪᠤᠭᠤᠯᠬᠤ ᠳᠤ ᠲᠥᠬᠦᠮ ᠦᠵᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠢᠳᠡ ᠪᠠᠰᠠ | ᠣᠷᠣᠨ ᠨᠤᠲᠤᠭ ᠢ ᠵᠢᠯᠣᠭᠤᠳᠤᠨ ᠡᠯᠧᠺᠲᠷᠣᠨ ᠭᠠᠵᠠᠷ ᠤᠨ ᠵᠢᠷᠤᠭ ᠢ ᠲᠠᠰᠤᠷᠠᠯᠲᠠ ᠦᠭᠡᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠤ ᠴᠠᠭ ᠲᠤᠬᠠᠢ ᠳᠤ ᠨᠢ ᠰᠢᠨᠡᠳᠬᠡᠵᠦ᠂ ᠣᠯᠠᠨ ᠲᠦᠮᠡᠨ ᠤ ᠪᠠᠶᠢᠴᠠᠭᠠᠨ ᠯᠠᠪᠯᠠᠬᠤ ᠪᠠ | ᠣᠶᠢᠷ᠎ᠠ ᠬᠠᠪᠢ ᠳᠤ ᠪᠠᠨ ᠥᠯᠢᠭᠡᠷ ᠠᠪᠤᠭᠤᠯᠬᠤ ᠳᠤ ᠲᠥᠬᠦᠮ ᠦᠵᠡᠭᠦᠯᠦᠨ᠎ᠡ᠃ | ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠴᠠᠭ ᠲᠤᠬᠠᠢ ᠳᠤ ᠨᠢ ᠬᠠᠷᠢᠭᠤ ᠲᠤᠰᠬᠠᠬᠤ ᠪᠠ ᠰᠢᠨᠡᠳᠬᠡᠵᠦ᠂ | ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠰᠢᠯᠭᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠡᠷᠡᠭᠦᠯ | ᠮᠡᠨᠳᠦ ᠶᠢᠨ ᠺᠣᠳ᠋ ᠵᠡᠷᠭᠡ ᠲᠠᠪᠴᠠᠩ ᠳᠤ ᠬᠦᠷᠭᠡᠵᠦ᠂ ᠣᠯᠠᠨ ᠨᠡᠶᠢᠲᠡ ᠶᠢᠨ ᠬᠢᠨ ᠤ ᠥᠪᠡᠷ ᠤᠨ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢᠶᠠᠨ ᠠᠯᠢ ᠲᠦᠷᠭᠡᠨ ᠢᠶᠠᠷ ᠪᠠᠶᠢᠴᠠᠭᠠᠨ ᠯᠠᠪᠯᠠᠬᠤ ᠳᠤ ᠳᠦᠭᠦᠮ ᠦᠵᠡᠭᠦᠯᠬᠦ ᠬᠡᠷᠡᠭᠲᠡᠢ᠃ | | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠵᠦᠯᠭᠦᠭᠦᠷ ᠨᠢ ᠡᠮᠴᠢᠯᠡᠭᠡ ᠶᠢᠨ | ᠪᠠᠭᠠᠵᠢ ᠬᠡᠷᠡᠭᠰᠡᠯ ᠳᠤ ᠬᠠᠷᠢᠶᠠᠯᠠᠭᠳᠠᠨ᠎ᠠ᠂ ᠬᠥᠪᠥᠩᠲᠦ ᠰᠢᠪᠠᠭ᠎ᠠ ᠪᠢᠰᠢ᠂ ᠬᠤᠣᠷ ᠬᠥᠨᠥᠭᠡᠯ ᠦᠭᠡᠢ | ᠦᠯᠢᠭᠡᠷ ᠠᠪᠬᠤ ᠵᠦᠯᠭᠦᠭᠦᠷ ᠨᠢ ᠦᠵᠡᠬᠦ ᠳᠤ ᠬᠥᠪᠥᠩᠲᠦ ᠰᠢᠪᠠᠭ᠎ᠠ ᠰᠢᠭ᠋ ᠪᠣᠯᠪᠠᠴᠤ ᠲᠡᠷᠡ ᠨᠢ ᠬᠥᠪᠥᠩᠲᠦ | ᠰᠢᠪᠠᠭ᠎ᠠ ᠪᠢᠰᠢ᠂ ᠲᠡᠭᠦᠨ ᠤ ᠮᠠᠲ᠋ᠧᠷᠢᠶᠠᠯ ᠨᠢ ᠪᠥᠭᠡᠭᠡᠨᠡᠷᠡᠯ ᠡᠰᠲ᠋ᠧᠷ ᠪᠤᠶᠤ ᠨᠢᠯᠦᠨ ᠰᠢᠷᠬᠡᠭ ᠪᠣᠯᠣᠨ᠎ᠠ᠃ ᠲᠡᠷᠡ ᠨᠢ | ᠮᠠᠨ ᠤ ᠡᠳᠦᠷ ᠲᠤᠳᠤᠮ ᠤᠨ ᠠᠮᠢᠳᠤᠷᠠᠯ ᠤᠨ ᠳᠤᠮᠳᠠᠬᠢ ᠰᠢᠳᠦᠨ ᠱᠤᠸᠠᠰᠠ ᠲᠠᠢ ᠨᠡᠯᠢᠶᠡᠳ ᠲᠥᠰᠥᠭᠡᠲᠡᠢ᠂ ᠰᠢᠳᠦᠨ | ᠱᠤᠸᠠᠰᠠ ᠶᠢᠨ ᠦᠰᠦ ᠨᠢ ᠴᠦ ᠨᠢᠯᠦᠨ ᠶᠤᠮ᠃ ᠭᠡᠪᠡᠴᠦ ᠦᠯᠢᠭᠡᠷ ᠠᠪᠬᠤ ᠵᠦᠯᠭᠦᠭᠦᠷ ᠢᠶᠠᠷ ᠪᠠᠶᠢᠴᠠᠭᠠᠯᠲᠠ ᠬᠢᠬᠦ | ᠶᠠᠪᠤᠴᠠ ᠳᠤ ᠬᠡᠳᠦᠨ ᠵᠠᠭᠤᠨ ᠲᠦᠮᠡᠨ ᠵᠢᠵᠢᠭ ᠰᠢᠷᠬᠡᠭ ᠨᠢ ᠵᠦᠯᠭᠦᠭᠦᠷ ᠤᠨ ᠪᠠᠷᠢᠭᠤᠯ ᠳᠡᠭᠡᠷ᠎ᠡ ᠡᠭᠴᠡ ᠪᠥᠭᠡᠳ | ᠵᠢᠭᠳᠡ ᠪᠠᠷ ᠪᠦᠷᠬᠦᠭᠳᠡᠵᠦ ᠪᠠᠶᠢᠳᠠᠭ᠃ ᠦᠯᠢᠭᠡᠷ ᠠᠪᠬᠤ ᠦᠶᠡᠰ ᠶᠠᠭ ᠰᠢᠳᠦ ᠱᠤᠸᠠᠰᠠᠳᠠᠵᠤ ᠪᠠᠶᠢᠬᠤ ᠰᠢᠭ᠋᠂ ᠭᠡᠪᠡᠴᠦ | ᠲᠡᠷᠡ ᠨᠢ ᠮᠠᠨ ᠤ ᠠᠮᠠᠨ ᠬᠥᠨᠳᠡᠢ ᠳᠠᠬᠢ ᠵᠠᠯᠭᠢᠭᠤᠷ ᠤᠨ ᠠᠷᠤ ᠬᠠᠨ᠎ᠠ ᠶᠢ ᠱᠤᠸᠠᠰᠠᠳᠠᠨ ᠡᠰ ᠢ ᠨᠢ ᠠᠪᠴᠤ᠂ ᠳᠠᠬᠢᠨ | ᠦᠯᠢᠭᠡᠷ ᠠᠪᠬᠤ ᠵᠦᠯᠭᠦᠭᠦᠷ ᠢ ᠦᠯᠢᠭᠡᠷ ᠠᠪᠬᠤ ᠬᠤᠭᠤᠯᠠᠢ ᠳᠤ ᠬᠢᠳᠡᠭ᠃ ᠤᠴᠢᠷ ᠨᠢ ᠲᠡᠷᠡ ᠨᠢ ᠨᠢᠯᠦᠨ ᠪᠣᠯᠣᠨ | ᠪᠥᠭᠡᠭᠡᠨᠡᠷᠡᠯ ᠡᠰᠲ᠋ᠧᠷ ᠢ ᠬᠡᠷᠡᠭᠯᠡᠭᠰᠡᠨ ᠤᠴᠢᠷ ᠠᠴᠠ ᠮᠠᠰᠢ ᠠᠮᠠᠷᠬᠠᠨ ᠢᠶᠠᠷ ᠬᠠᠳᠠᠭᠠᠯᠠᠬᠤ ᠰᠢᠩᠭᠡᠨ ᠳᠤ ᠰᠢᠩᠭᠡᠭᠳᠡᠳᠡᠭ᠃ | ᠵᠠᠯᠭᠠᠭᠠᠳ ᠲᠤᠷᠰᠢᠯᠲᠠ ᠶᠢᠨ ᠲᠠᠰᠤᠭ ᠠᠴᠠ ᠬᠤᠯᠪᠣᠭᠳᠠᠯ ᠪᠦᠬᠦᠢ ᠰᠢᠯᠭᠠᠨ ᠪᠠᠶᠢᠴᠠᠭᠠᠯᠲᠠ ᠬᠢᠳᠡᠭ᠃ | ᠦᠯᠢᠭᠡᠷ ᠠᠪᠬᠤ ᠵᠦᠯᠭᠦᠭᠦᠷ ᠪᠣᠯ ᠡᠮᠴᠢᠯᠡᠭᠡᠨ ᠤ ᠪᠠᠭᠠᠵᠢ ᠬᠡᠷᠡᠭᠰᠡᠯ ᠳᠤ ᠬᠠᠷᠢᠶᠠᠯᠠᠭᠳᠠᠨ᠎ᠠ᠂ ᠲᠡᠭᠦᠨ ᠤ | ᠦᠢᠯᠡᠳᠪᠦᠷᠢᠯᠡᠯ ᠤᠨ ᠣᠷᠴᠢᠨ ᠲᠣᠭᠤᠷᠢᠨ ᠪᠠ ᠱᠠᠭᠠᠷᠳᠠᠯᠭ᠎ᠠ ᠨᠢ ᠲᠦᠢᠯ ᠤᠨ ᠴᠢᠩᠭ᠎ᠠ ᠪᠠᠶᠢᠳᠠᠭ᠃ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠳᠤ ᠪᠠᠰᠠ ᠬᠤᠯᠪᠣᠭᠳᠠᠯ ᠪᠦᠬᠦᠢ ᠪᠠᠷᠢᠮᠵᠢᠶ᠎ᠠ ᠲᠠᠢ ᠪᠠᠶᠢᠵᠤ᠂ ᠨᠢᠭᠡ ᠦᠢᠯᠡᠳᠬᠦᠨ ᠤ | ᠬᠠᠮᠤᠭ ᠤᠨ ᠦᠨᠳᠦᠰᠦᠨ ᠪᠠᠷᠢᠮᠵᠢᠶ᠎ᠠ ᠪᠣᠯ ᠳᠠᠷᠤᠢ ᠬᠤᠣᠷ ᠬᠥᠨᠥᠭᠡᠯ ᠦᠭᠡᠢ ᠶᠤᠮ᠂ ᠪᠠᠰᠠ ᠦᠯᠢᠭᠡᠷ ᠠᠪᠬᠤ | ᠵᠦᠯᠭᠦᠭᠦᠷ ᠦᠢᠯᠡᠳᠪᠦᠷᠢᠯᠡᠬᠦ ᠶᠠᠪᠤᠴᠠ ᠳᠤ ᠪᠠᠰᠠ ᠬᠤᠣᠷᠲᠠᠢ ᠪᠣᠳᠠᠰ ᠡᠭᠦᠰᠬᠦ ᠦᠭᠡᠢ ᠶᠤᠮ᠃ | ᠶᠡᠭᠡ ᠬᠡᠪᠴᠢᠶᠡᠨ ᠤ ᠬᠥᠮᠥᠰ ᠢ ᠰᠢᠭᠰᠢᠨ ᠪᠠᠶᠢᠴᠠᠭᠠᠬᠤ ᠳᠤ᠂ ᠶᠡᠷᠦ ᠳᠤ ᠪᠠᠨ ᠠᠮᠠ ᠬᠤᠭᠤᠯᠠᠢ ᠶᠢᠨ | ᠵᠦᠯᠭᠦᠭᠦᠷ ᠢ ᠬᠡᠷᠡᠭᠯᠡᠳᠡᠭ | ᠦᠯᠢᠭᠡᠷ ᠲᠤ ᠳᠣᠣᠷ᠎ᠠ ᠠᠮᠢᠰᠬᠤᠯ ᠤᠨ ᠵᠠᠮ ᠤᠨ ᠦᠯᠢᠭᠡᠷ ᠪᠤᠢ᠂ ᠵᠢᠱᠢᠶᠡᠯᠡᠪᠡᠯ ᠴᠡᠷ᠃ ᠳᠡᠭᠡᠳᠦ | ᠠᠮᠢᠰᠬᠤᠯ ᠤᠨ ᠵᠠᠮ ᠤᠨ ᠦᠯᠢᠭᠡᠷ ᠴᠦ ᠪᠤᠢ᠂ ᠵᠢᠱᠢᠶᠡᠯᠡᠪᠡᠯ ᠬᠠᠮᠠᠷ ᠤᠨ ᠬᠦᠨᠳᠡᠢ ᠶᠢᠨ ᠵᠦᠯᠭᠦᠭᠦᠷ᠂ ᠠᠮᠠ | ᠵᠠᠯᠭᠢᠭᠤᠷ ᠤᠨ ᠵᠦᠯᠭᠦᠭᠦᠷ᠃ ᠡᠳᠡᠭᠡᠷ ᠵᠦᠯᠭᠦᠭᠦᠷ ᠤᠨ ᠦᠯᠢᠭᠡᠷ ᠲᠤ ᠴᠡᠷ ᠤᠨ ᠸᠢᠷᠦ᠋ᠰᠤᠨ ᠠᠭᠤᠯᠤᠭᠳᠠᠴᠠ | ᠬᠠᠮᠤᠭ ᠤᠨ ᠥᠨᠳᠥᠷ᠂ ᠠᠷᠭ᠎ᠠ ᠴᠢᠨᠠᠷ ᠤᠨ ᠪᠠᠶᠢᠴᠠᠭᠠᠯᠲᠠ ᠶᠢᠨ ᠨᠤᠷᠮ᠎ᠠ ᠨᠢ ᠴᠦ ᠬᠠᠮᠤᠭ ᠤᠨ ᠥᠨᠳᠥᠷ᠃ | ᠳᠠᠷᠠᠭᠠᠯᠠᠪᠠᠯ ᠬᠠᠮᠠᠷ ᠤᠨ ᠬᠦᠨᠳᠡᠢ ᠶᠢᠨ ᠵᠦᠯᠭᠦᠭᠦᠷ᠂ ᠲᠡᠭᠦᠨ ᠢ ᠳᠠᠷᠠᠭᠠᠯᠠᠪᠠᠯ ᠠᠮᠠ ᠵᠠᠯᠭᠢᠭᠤᠷ ᠤᠨ ᠵᠦᠯᠭᠦᠭᠦᠷ | ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠭᠴᠢ ᠪᠣᠯᠤᠭᠰᠠᠨ ᠤ ᠬᠤᠪᠢ ᠳᠤ᠂ ᠡᠬᠢᠨ ᠤ ᠦᠶ᠎ᠡ ᠳᠤ | ᠬᠠᠭᠤᠷᠠᠢ ᠪᠠᠷ ᠬᠠᠨᠢᠶᠠᠯᠭᠠᠬᠤ ᠭᠤᠣᠯᠯᠠᠵᠤ᠂ ᠴᠡᠷ ᠨᠢ ᠰᠢᠯᠦᠰᠦ ᠪᠢᠰᠢ ᠪᠣᠯᠬᠤᠷ ᠣᠯᠳᠠᠬᠤ ᠳᠤ ᠬᠦᠴᠢᠷ ᠪᠠᠶᠢᠳᠠᠭ᠃ | ᠬᠠᠮᠠᠷ ᠤᠨ ᠬᠦᠨᠳᠡᠢ ᠶᠢᠨ ᠵᠦᠯᠭᠦᠭᠦᠷ ᠴᠤᠭᠯᠠᠭᠤᠯᠬᠤ ᠨᠢ ᠦᠯᠢᠭᠡᠷ ᠠᠪᠬᠤ ᠬᠥᠮᠥᠰ ᠤᠨ ᠠᠵᠢᠯᠯᠠᠭᠠᠨ ᠤ ᠬᠢᠷᠢ | ᠲᠦᠪᠰᠢᠨ ᠳᠤ ᠮᠠᠰᠢ ᠥᠨᠳᠥᠷ ᠱᠠᠭᠠᠷᠳᠠᠯᠭ᠎ᠠ ᠲᠠᠢ ᠪᠠᠶᠢᠵᠤ᠂ ᠦᠯᠢᠭᠡᠷ ᠠᠪᠬᠤ ᠶᠠᠪᠤᠴᠠ ᠨᠢ ᠤᠳᠠᠭᠠᠨ᠂ ᠬᠡᠳᠦ᠋ᠢᠪᠡᠷ | ᠪᠠᠶᠢᠴᠠᠭᠠᠵᠤ ᠭᠠᠷᠭᠠᠭᠰᠠᠨ ᠠᠷᠭ᠎ᠠ ᠴᠢᠨᠠᠷ ᠤᠨ ᠨᠤᠷᠮ᠎ᠠ ᠨᠢ ᠵᠠᠯᠭᠢᠭᠤᠷ ᠤᠨ ᠵᠦᠯᠭᠦᠭᠦᠷ ᠠᠴᠠ ᠥᠨᠳᠥᠷ ᠪᠣᠯᠪᠠᠴᠤ᠂ | ᠶᠡᠷᠦ ᠳᠤ ᠪᠠᠨ ᠣᠯᠠᠨ ᠬᠥᠮᠥᠰ ᠢ ᠰᠢᠭᠰᠢᠨ ᠪᠠᠶᠢᠴᠠᠭᠠᠬᠤ ᠳᠤ ᠬᠡᠷᠡᠭᠯᠡᠬᠦ ᠦᠭᠡᠢ ᠪᠠᠶᠢᠵᠤ᠂ ᠲᠤᠰᠠᠭᠠᠷᠯᠠᠵᠤ ᠪᠠᠶᠢᠭ᠎ᠠ | ᠬᠥᠮᠥᠰ ᠲᠤ ᠦᠯᠢᠭᠡᠷ ᠠᠪᠬᠤ ᠳᠤ ᠬᠡᠷᠡᠭᠯᠡᠵᠦ ᠪᠣᠯᠣᠨ᠎ᠠ᠃ ᠠᠮᠠᠨ ᠵᠠᠯᠭᠢᠭᠤᠷ ᠤᠨ ᠵᠦᠯᠭᠦᠭᠦᠷ ᠢᠶᠠᠷ ᠦᠯᠢᠭᠡᠷ | ᠠᠪᠬᠤ ᠨᠢ ᠨᠡᠯᠢᠶᠡᠳ ᠳᠥᠭᠦᠮᠬᠡᠨ᠂ ᠦᠯᠢᠭᠡᠷ ᠠᠪᠬᠤ ᠨᠢ ᠲᠦᠷᠭᠡᠨ᠂ ᠡᠶᠢᠮᠦ ᠠᠴᠠ ᠶᠡᠭᠡ ᠬᠡᠪᠴᠢᠶᠡᠨ ᠤ ᠬᠥᠮᠥᠰ ᠢ | ᠰᠢᠭᠰᠢᠨ ᠪᠠᠶᠢᠴᠠᠭᠠᠬᠤ ᠦᠶᠡᠰ ᠬᠡᠳᠦ᠋ᠢᠪᠡᠷ ᠲᠡᠭᠦᠨ ᠤ ᠪᠠᠶᠢᠴᠠᠭᠠᠵᠤ ᠭᠠᠷᠭᠠᠬᠤ ᠨᠤᠷᠮ᠎ᠠ ᠨᠢ ᠬᠠᠮᠠᠷ ᠤᠨ ᠬᠦᠨᠳᠡᠢ ᠶᠢᠨ | ᠵᠦᠯᠭᠦᠭᠦᠷ ᠢ ᠬᠦᠷᠬᠦ ᠦᠭᠡᠢ ᠪᠣᠯᠪᠠᠴᠤ ᠪᠢᠳᠡ ᠶᠡᠷᠦ ᠨᠢ ᠠᠮᠠᠨ ᠵᠠᠯᠭᠢᠭᠤᠷ ᠤᠨ ᠵᠦᠯᠭᠦᠭᠦᠷ ᠢ ᠬᠡᠷᠡᠭᠯᠡᠳᠡᠭ᠃ | ᠬᠤᠰᠬᠢᠨᠠᠭ ᠤᠨ ᠵᠦᠯᠭᠦᠭᠦᠷ ᠢ ᠪᠢᠳᠡ ᠲᠠᠨᠢᠯᠴᠠᠭᠤᠯᠬᠤ ᠦᠭᠡᠢ᠂ ᠬᠦᠮᠦᠰ ᠤᠨ ᠲᠠᠭᠠᠯᠠᠮᠵᠢ ᠦᠭᠡᠢ ᠮᠥᠷᠲᠡᠭᠡᠨ | ᠲᠡᠭᠦᠨ ᠤ ᠳᠣᠣᠷ᠎ᠠ ᠠᠷᠭ᠎ᠠ ᠴᠢᠨᠠᠷ ᠤᠨ ᠨᠤᠷᠮ᠎ᠠ ᠶᠢ ᠪᠣᠳᠣᠯᠬᠢᠯᠠᠵᠤ᠂ ᠪᠢᠳᠡ ᠬᠤᠰᠬᠢᠨᠠᠭ ᠤᠨ ᠵᠦᠯᠭᠦᠭᠦᠷ ᠢᠶᠠᠷ | ᠦᠯᠢᠭᠡᠷ ᠠᠪᠬᠤ ᠶᠢ ᠲᠠᠨᠢᠯᠴᠠᠭᠤᠯᠬᠤ ᠦᠭᠡᠢ᠃ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠣᠯᠠᠨ ᠤᠳᠠᠭ᠎ᠠ ᠪᠢᠯᠢᠭ ᠴᠢᠨᠠᠷ ᠪᠠᠶᠢᠭᠰᠠᠨ ᠠᠴᠠ ᠠᠷᠭ᠎ᠠ | ᠴᠢᠨᠠᠷ ᠢᠯᠡᠷᠡᠬᠦ ᠨᠢ ᠭᠤᠷᠪᠠᠨ ᠵᠦᠢᠯ ᠤᠨ ᠪᠠᠶᠢᠳᠠᠯ ᠲᠠᠢ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠵᠠᠯᠭᠠᠭ᠎ᠠ ᠪᠠᠷ ᠣᠯᠠᠨ ᠤᠳᠠᠭ᠎ᠠ ᠪᠢᠯᠢᠭ ᠴᠢᠨᠠᠷᠲᠠᠢ ᠪᠠᠶᠢᠵᠤ᠂ | ᠬᠠᠮᠤᠭ ᠰᠡᠭᠦᠯ ᠳᠤ ᠠᠷᠭ᠎ᠠ ᠴᠢᠨᠠᠷ ᠢᠯᠡᠷᠡᠬᠦ ᠪᠠᠶᠢᠳᠠᠯ ᠨᠢ ᠵᠣᠩᠬᠢᠯᠠᠬᠤ ᠣᠯᠠᠨ ᠲᠣᠭᠠᠨ ᠤ ᠬᠥᠮᠥᠨ ᠳᠤ ᠢᠯᠡᠷᠡᠬᠦ | ᠦᠭᠡᠢ ᠶᠤᠮ᠃ ᠭᠡᠪᠡᠴᠦ ᠡᠶᠢᠮᠦ ᠪᠠᠶᠢᠳᠠᠯ ᠭᠠᠷᠴᠤ ᠥᠩᠭᠡᠷᠡᠪᠡ᠂ ᠡᠭᠦᠨ ᠳᠤ ᠳᠣᠣᠷᠠᠬᠢ ᠭᠤᠷᠪᠠᠨ ᠵᠦᠢᠯ ᠤᠨ | ᠪᠣᠯᠣᠯᠴᠠᠭ᠎ᠠ ᠲᠠᠢ᠄ ᠨᠢᠭᠡᠳᠦᠭᠡᠷ ᠲᠤ᠂ ᠡᠨᠡ ᠬᠥᠮᠥᠨ ᠡᠬᠢᠨ ᠳᠤ ᠪᠠᠨ ᠬᠠᠯᠳᠠᠪᠤᠷᠢᠯᠠᠭᠰᠠᠨ ᠦᠭᠡᠢ᠂ ᠰᠡᠭᠦᠯᠴᠢ ᠶᠢᠨ ᠶᠠᠮᠠᠷ | ᠨᠢᠭᠡᠨ ᠴᠠᠭ ᠲᠤ ᠡᠪᠡᠳᠴᠢᠨ ᠳᠤ ᠬᠠᠯᠳᠠᠪᠤᠷᠢᠯᠠᠭᠳᠠᠵᠤ᠂ ᠬᠠᠯᠳᠠᠪᠤᠷᠢᠯᠠᠭᠰᠠᠨ ᠤ ᠳᠠᠷᠠᠭ᠎ᠠ ᠪᠠᠶᠢᠴᠠᠭᠠᠯᠲᠠ ᠨᠢ ᠠᠷᠭ᠎ᠠ | ᠴᠢᠨᠠᠷᠲᠠᠢ ᠪᠣᠯᠪᠠ᠃ ᠬᠤᠶᠠᠳᠤᠭᠠᠷ ᠲᠤ᠂ ᠶᠠᠭ ᠨᠢᠭᠤᠭᠳᠠᠮᠠᠯ ᠬᠤᠭᠤᠴᠠᠭᠠᠨ ᠳᠤ ᠪᠠᠨ ᠪᠠᠶᠢᠬᠤ ᠦᠶᠡᠰ᠂ ᠪᠠᠶᠢᠴᠠᠭᠠᠵᠤ | ᠭᠠᠷᠭᠠᠵᠤ ᠴᠢᠳᠠᠭᠰᠠᠨ ᠦᠭᠡᠢ᠂ ᠡᠪᠡᠳᠴᠢᠨ ᠢᠯᠡᠷᠡᠭᠰᠡᠨ ᠤ ᠳᠠᠷᠠᠭ᠎ᠠ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠪᠡ᠃ | ᠭᠤᠷᠪᠠᠳᠤᠭᠠᠷ ᠲᠤ᠂ ᠡᠮᠦᠨ᠎ᠡ ᠳᠤᠷᠠᠳᠤᠭᠰᠠᠨ ᠮᠡᠲᠦ ᠪᠠᠷ᠂ ᠡᠬᠢᠯᠡᠩᠭᠦᠲᠡ ᠪᠠᠨ ᠸᠢᠷᠦ᠋ᠰ ᠪᠠᠶᠢᠭᠰᠠᠨ ᠪᠣᠯᠪᠠᠴᠤ ᠲᠡᠭᠦᠨ ᠤ | ᠳᠠᠭᠠᠭᠠᠴᠠ ᠨᠢ ᠪᠠᠶᠢᠴᠠᠭᠠᠨ ᠰᠢᠯᠭᠠᠬᠤ ᠳᠣᠣᠷ᠎ᠠ ᠬᠢᠵᠠᠭᠠᠷ ᠲᠤ ᠬᠦᠷᠴᠦ ᠳᠡᠶᠢᠯᠬᠦ ᠦᠭᠡᠢ᠂ ᠡᠨᠡ ᠦᠶ᠎ᠡ ᠳᠤ ᠮᠥᠨ | ᠪᠠᠶᠢᠴᠠᠭᠠᠨ ᠰᠢᠯᠭᠠᠵᠤ ᠳᠡᠶᠢᠯᠦᠭᠰᠡᠨ ᠦᠭᠡᠢ᠂ ᠭᠡᠪᠡᠴᠦ ᠲᠡᠭᠦᠨ ᠤ ᠳᠠᠭᠠᠭᠠᠴᠠ ᠨᠢ ᠥᠨᠳᠥᠷ ᠪᠣᠯᠣᠭᠰᠠᠭᠠᠷ ᠳᠠᠷᠤᠢ | ᠠᠷᠭ᠎ᠠ ᠴᠢᠨᠠᠷ ᠢᠯᠡᠷᠡᠳᠡᠭ᠃ | ᠬᠠᠤᠯᠢ ᠪᠤᠰᠤ᠂ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠵᠦ ᠪᠠᠶᠢᠭ᠎ᠠ ᠬᠤᠯᠪᠣᠭᠳᠠᠯ ᠪᠦᠬᠦᠢ ᠭᠠᠵᠠᠷ ᠣᠷᠣᠨ ᠢ ᠴᠠᠭ ᠲᠤᠬᠠᠢᠳᠤ ᠨᠢ ᠴᠡᠭᠴᠡᠯᠡᠨ | ᠵᠠᠯᠠᠷᠠᠭᠤᠯᠬᠤ ᠪᠠᠷ ᠱᠠᠭᠠᠷᠳᠠᠬᠤ ᠬᠡᠷᠡᠭᠲᠡᠢ | ᠤᠯᠠᠨ ᠲᠦᠮᠡᠨ ᠢ ᠤᠷᠢᠶᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ | ᠲᠣᠭᠲᠠᠭᠠᠯ ᠪᠠ ᠱᠠᠭᠠᠷᠳᠠᠯᠭ᠎ᠠ ᠶᠢ ᠬᠠᠤᠯᠢ ᠶᠣᠰᠣᠭᠠᠷ ᠵᠢᠷᠤᠮᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ | ᠰᠠᠶᠢᠲᠤᠷ ᠬᠢᠬᠦ ᠳᠤ ᠢᠳᠡᠪᠬᠢᠲᠡᠢ ᠬᠠᠮᠵᠢᠯᠴᠠᠵᠤ᠂ ᠬᠤᠪᠢ ᠬᠥᠮᠥᠨ ᠤ ᠰᠡᠷᠭᠡᠶᠢᠯᠡᠨ ᠡᠵᠡᠮᠳᠡᠬᠦ ᠡᠭᠦᠷᠭᠡ ᠪᠠᠨ ᠰᠠᠶᠢᠲᠤᠷ | ᠭᠦᠢᠴᠡᠳᠬᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠤᠢ ᠪᠣᠯᠭᠠᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠬᠠᠤᠯᠢ ᠪᠤᠰᠤ᠂ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠤᠭᠰᠠᠨ ᠭᠠᠵᠠᠷ ᠣᠷᠣᠨ᠂ ᠪᠠᠶᠢᠭᠤᠯᠭ᠎ᠠ | ᠨᠢᠭᠡᠴᠢ ᠪᠠ ᠲᠣᠭᠲᠠᠭᠠᠯ ᠭᠠᠷᠭᠠᠭᠰᠠᠨ ᠬᠤᠪᠢ ᠬᠥᠮᠥᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠬᠤᠯᠪᠣᠭᠳᠠᠯ ᠪᠦᠬᠦᠢ ᠭᠠᠵᠠᠷ ᠣᠷᠣᠨ ᠢ ᠴᠠᠭ | ᠲᠤᠬᠠᠢ ᠳᠤ ᠨᠢ ᠴᠡᠭᠴᠡᠯᠡᠨ ᠵᠠᠯᠠᠷᠠᠭᠤᠯᠬᠤ ᠪᠠᠷ ᠱᠠᠭᠠᠷᠳᠠᠬᠤ ᠪᠥᠭᠡᠳ ᠥᠷᠭᠡᠨ ᠣᠯᠠᠨ ᠵᠠᠭᠤᠴᠢᠯᠠᠭᠤᠷ ᠤᠨ ᠨᠠᠶᠢᠵᠠ | ᠨᠠᠷ ᠤᠨ ᠬᠢᠨᠠᠯᠲᠠ ᠲᠠᠯᠪᠢᠬᠤ ᠶᠢ ᠬᠦᠰᠡᠵᠦ ᠪᠤᠢ᠃ | |