ᠰᠢᠨᠬᠤᠸᠠ ᠬᠤᠷᠢᠶᠠᠨ ᠤ ᠰᠢᠶᠠᠩᠭᠠᠩ ᠤᠨ 6 ᠰᠠᠷ᠎ᠠ ᠶᠢᠨ 12 ᠤᠨ ᠴᠠᠬᠢᠯᠭᠠᠨ ᠮᠡᠳᠡᠭᠡ ︽ᠳ᠋ᠠᠭᠦ᠋ᠩ ᠰᠣᠨᠢᠨ︾ | ᠤ ᠬᠡᠪᠯᠡᠯ ᠡᠬᠢᠯᠡᠭᠰᠡᠨ 120 ᠵᠢᠯ ᠤᠨ ᠤᠢ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠪᠠᠶᠠᠷ ᠤᠨ ᠵᠠᠬᠢᠳᠠᠯ ᠢᠯᠡᠭᠡᠵᠦ᠂ ᠪᠦᠬᠦ ᠠᠵᠢᠯᠳᠠᠳ ᠲᠤ ᠬᠠᠯᠠᠭᠤᠨ ᠪᠠᠶᠠᠷ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠵᠠᠭᠤ ᠭᠠᠷᠤᠢ ᠵᠢᠯ ᠤᠨ ᠲᠤᠷᠰᠢ᠂ ︽ᠳ᠋ᠠᠭᠦ᠋ᠩ ᠰᠣᠨᠢᠨ︾ ᠤ ᠬᠢᠨ | ︽ᠥᠪᠡᠷ ᠢ ᠪᠠᠨ ᠤᠮᠠᠷᠲᠠᠬᠤ ᠶᠢ ᠶᠡᠭᠡ ᠶᠠᠪᠤᠳᠠᠯ ᠪᠣᠯᠭᠠᠵᠤ᠂ ᠭᠤᠶᠠᠴᠢ ᠦᠭᠡᠢ ᠪᠠᠷ ᠨᠡᠶᠢᠳᠡ ᠳᠤ ᠦᠢᠯᠡᠴᠢᠯᠡᠬᠦ︾ | ᠰᠣᠨᠢᠨ ᠡᠷᠬᠢᠯᠡᠬᠦ ᠵᠣᠷᠢᠯᠲᠠ ᠶᠢ ᠪᠠᠷᠢᠮᠲᠠᠯᠠᠵᠤ᠂ ᠤᠯᠠᠨ ᠤ ᠲᠥᠯᠥᠭᠡ ᠦᠭᠡ ᠬᠡᠯᠡᠵᠦ᠂ ᠡᠬᠡ ᠤᠯᠤᠰ ᠤᠨ ᠢᠶᠠᠨ | ᠲᠥᠯᠥᠭᠡ ᠵᠤᠬᠢᠶᠠᠯ ᠪᠢᠴᠢᠵᠤ᠂ ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ | ᠨᠡᠭᠡᠭᠡᠯᠳᠠ ᠪᠠ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ᠂ ᠰᠢᠶᠠᠩᠭᠠᠩ ᠤᠨ ᠡᠬᠡ ᠤᠯᠤᠰ ᠲᠠᠭᠠᠨ ᠪᠤᠴᠠᠵᠤ | ᠢᠷᠡᠬᠦ᠂ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠰᠢᠨ᠎ᠡ ᠴᠠᠭ | ᠦᠶ᠎ᠡ ᠳᠤ ᠤᠷᠤᠬᠰᠠᠨ ᠤ ᠲᠠᠷᠠᠭ᠎ᠠ ︽ᠳ᠋ᠠᠭᠦ᠋ᠩ ᠰᠣᠨᠢᠨ︾ ᠲᠤᠭ ᠲᠡᠮᠳᠡᠭ ᠲᠣᠳᠣᠷᠬᠠᠢ ᠪᠠᠷ ᠵᠥᠪ ᠲᠠᠯ᠎ᠠ ᠶᠢᠨ | ᠳᠠᠭᠤᠨ ᠢ ᠴᠤᠤᠷᠢᠶᠠᠲᠤᠭᠤᠯᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠶᠠᠩᠭᠠᠩ ᠤᠨ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠰᠢᠶᠠᠩᠭᠠᠩ ᠪᠣᠯᠤᠨ ᠳᠣᠲᠣᠷ᠎ᠠ ᠭᠠᠵᠠᠷ ᠤᠨ ᠰᠣᠯᠢᠯᠴᠠᠭ᠎ᠠ ᠶᠢ | ᠠᠬᠢᠭᠤᠯᠬᠤ᠂ ᠬᠥᠮᠦᠰ ᠤᠨ ᠰᠡᠳᠭᠢᠯ ᠤᠨ ᠪᠤᠴᠠᠵᠤ ᠢᠷᠡᠬᠦ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠵᠠᠢ ᠬᠡᠵᠤ | ᠵᠢᠭᠠᠵᠤ ᠭᠠᠷᠭᠠᠪᠠ᠃ | ᠰᠢ ᠶᠢᠨ ᠫᠢᠩ ︽ᠳ᠋ᠠᠭᠦ᠋ᠩ ᠰᠣᠨᠢᠨ︾ ᠤ ᠬᠢᠨ ᠳᠤ ᠤᠬ ᠰᠠᠨᠠᠭ᠎ᠠ ᠪᠠᠨ ᠦᠯᠦ ᠮᠠᠷᠲᠠᠵᠤ᠂ ᠤᠯᠤᠰ ᠢᠶᠠᠨ | ᠬᠠᠶᠢᠷᠠᠯᠠᠬᠤ ᠤᠯᠠᠮᠵᠢᠯᠠᠯ ᠢᠶᠠᠨ ᠪᠠᠳᠠᠷᠠᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠬᠥᠭᠵᠢᠯᠳᠡ ᠶᠢ ᠡᠷᠢᠯᠬᠢᠯᠡᠵᠦ᠂ | ᠳᠠᠮᠵᠢᠭᠤᠯᠬᠤ ᠬᠦᠴᠦᠨ ᠪᠣᠯᠤᠨ ᠨᠥᠯᠥᠭᠡᠯᠡᠬᠦ ᠬᠦᠴᠦᠨ ᠢᠶᠠᠨ ᠲᠠᠰᠤᠷᠠᠯᠳᠡ ᠦᠭᠡᠢ ᠥᠷᠭᠡᠳᠭᠡᠵᠦ᠂ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠨᠡᠩ ᠭᠤᠶᠢᠳᠠ ᠰᠠᠶᠢᠬᠠᠨ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠬᠦ ᠶᠢ ᠬᠦᠰᠡᠪᠡ᠃ | ︽ᠳ᠋ᠠᠭᠦ᠋ᠩ ᠰᠣᠨᠢᠨ︾ ᠤ ᠬᠡᠪᠯᠡᠯ ᠡᠬᠢᠯᠡᠭᠰᠡᠨ 120 ᠵᠢᠯ ᠤᠨ ᠤᠢ ᠶᠢ ᠪᠡᠯᠭᠡᠯᠡᠬᠦ ᠶᠣᠰᠣᠯᠠᠯ 12 ᠤᠨ | ᠦᠳᠡ ᠶᠢᠨ ᠬᠤᠶᠢᠨ᠎ᠠ ᠰᠢᠶᠠᠩᠭᠠᠩ ᠳᠤ ᠶᠠᠪᠤᠭᠳᠠᠵᠤ᠂ ᠶᠣᠰᠣᠯᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ | ᠤᠩᠰᠢᠨ ᠨᠡᠶᠢᠲᠡᠯᠡᠪᠡ᠃ | ︽ᠳ᠋ᠠᠭᠦ᠋ᠩ ᠰᠣᠨᠢᠨ︾ 1902 ᠣᠨ ᠤ 6 ᠰᠠᠷ᠎ᠠ ᠶᠢᠨ 17 ᠤ ᠡᠳᠦᠷ ᠬᠡᠪᠯᠡᠯ ᠡᠬᠢᠯᠡᠪᠡ᠂ ᠳᠤᠰ ᠰᠣᠨᠢᠨ ᠪᠣᠯ | ᠣᠳᠣᠬᠠᠨ ᠳᠤ ᠳᠡᠯᠡᠬᠡᠢ ᠳᠡᠭᠡᠷ᠎ᠡ ᠲᠠᠷᠬᠠᠭᠠᠵᠤ ᠪᠠᠶᠢᠭ᠎ᠠ ᠬᠠᠮᠤᠭ ᠤᠨ ᠥᠨᠢ ᠤᠳᠠᠭᠠᠨ ᠲᠡᠦᠬᠡ ᠲᠠᠢ ᠬᠢᠲᠠᠳ ᠬᠡᠯᠡᠨ ᠤ | ᠰᠣᠨᠢᠨ ᠪᠣᠯᠤᠨ᠎ᠠ᠃ 2016 ᠣᠨ ᠳᠤ ᠰᠢᠶᠠᠩᠭᠠᠩ ᠤᠨ ︽ᠸᠧᠨ ᠬᠤᠢ ᠪᠤᠤ ᠰᠣᠨᠢᠨ︾ ᠲᠠᠢ ᠨᠡᠶᠢᠯᠡᠭᠦᠯᠦᠭᠡᠳ | ᠰᠢᠶᠠᠩᠭᠠᠩ ᠤᠨ ᠳ᠋ᠠᠭᠦ᠋ᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠢ ᠪᠠᠶᠢᠭᠤᠯᠤᠭᠰᠠᠨ ᠤ ᠳᠠᠷᠠᠭ᠎ᠠ᠂ ᠠᠭᠤᠰᠤᠯᠴᠠᠨ | ᠬᠥᠭᠵᠢᠬᠦ ᠠᠯᠬᠤᠮᠢᠶ᠋ᠠᠨ ᠲᠦᠷᠭᠡᠳᠭᠡᠵᠦ᠂ ᠰᠢᠶᠠᠩᠭᠠᠩ ᠳᠤ ᠰᠠᠭᠤᠷᠢᠯᠠᠭᠰᠠᠨ᠂ ᠪᠦᠬᠦ ᠪᠥᠮᠪᠥᠷᠴᠡᠭ ᠤᠨ | ᠳᠤᠮᠳᠠᠳᠤᠴᠤᠳ ᠲᠤ ᠬᠠᠨᠳᠤᠭᠤᠯᠤᠭᠰᠠᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠶᠢᠷᠢᠰᠢᠯ ᠢ | ᠪᠦᠷᠢᠯᠳᠦᠭᠦᠯᠵᠡᠢ᠃ | |