︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2022/10/26
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 20 ᠤ ᠴᠠᠬᠢᠯᠭᠠᠨ ᠮᠡᠳᠡᠭᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ︵ᠳᠣᠷᠣᠭᠰᠢ ︽ᠬᠥᠲᠥᠯᠪᠦᠷᠢ︾ ᠭᠡᠵᠦ ᠲᠤᠪᠴᠢᠯᠠᠨ᠎ᠠ︶ ᠭᠡᠬᠦ ᠨᠣᠮ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠠᠷᠠᠳ ᠤᠨ ᠬᠡᠪᠯᠡᠯ ᠤᠨ ᠬᠤᠷᠢᠶ᠎ᠠ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠲᠤᠰ ᠡᠳᠦᠷ ᠠᠴᠠ ᠡᠬᠢᠯᠡᠨ ᠪᠦᠬᠦ ᠤᠯᠤᠰ ᠲᠤ ᠲᠠᠷᠬᠠᠭᠠᠪᠠ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ‌‍ᠢᠶ᠋ᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠪᠥᠬᠦ ᠲᠠᠯ᠎ᠠ ᠶᠢ ᠬᠠᠮᠤᠷᠤᠨ᠂ ᠶᠡᠭᠡ ᠬᠠᠨᠳᠤᠰᠢ ᠶᠢ ᠡᠵᠡᠮᠳᠡᠵᠦ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠤᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠭᠠᠵᠤ᠂ ᠦᠢᠯᠡᠳᠦᠯᠭᠡ ᠶᠢᠨ ᠳᠤᠮᠳᠠ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠪᠦᠷᠢᠯᠳᠦᠭᠦᠯᠦᠨ ᠬᠥᠭᠵᠢᠭᠦᠯᠵᠡᠶ᠃ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠰᠢᠰᠲ᠋ᠧᠮ ᠴᠢᠩᠭ᠎ᠠ ᠲᠥᠪᠯᠡᠭᠦᠨ᠂ ᠠᠭᠤᠯᠬᠤᠨ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠶ ᠪᠠᠶᠢᠵᠤ᠂ ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠥᠭᠵᠢᠯᠲᠡ ᠶᠢ ᠬᠡᠷᠬᠢᠨ ᠦᠵᠡᠬᠦ᠂ ᠶᠠᠭᠠᠬᠢᠵᠤ ᠬᠢᠬᠦ ᠵᠡᠷᠭᠡ ᠠᠯᠢ ᠣᠯᠠᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ ᠠᠬᠤᠶ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠶ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ ᠦᠵᠡᠯ ᠰᠠᠨᠠᠭᠠᠨ ᠤ ᠣᠬᠢ ᠲᠠᠯᠠᠰᠲᠤ ᠮᠥᠨ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠶ ᠶᠢᠨ ᠤᠬᠠᠭᠠᠨ ᠤ ᠣᠳᠣ ᠦᠶ᠎ᠡ ᠶᠢᠨ ᠳᠤᠮᠳᠠᠳᠤ ᠤᠯᠤᠰ᠂ 21 ᠳ᠋ᠤᠭᠡᠷ ᠵᠠᠭᠤᠨ ᠳᠠᠬᠢ ᠳᠡᠯᠡᠬᠡᠶ ᠶᠢᠨ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠮᠦᠨ᠂ ᠮᠠᠨ ᠤ ᠤᠯᠤᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨᠵᠢᠯᠡᠬᠦ ᠤᠬᠠᠭᠠᠨᠴᠢ ᠵᠦᠭᠯᠡᠭᠦᠷ ᠮᠦᠨ᠃       ︽ᠬᠥᠲᠥᠯᠪᠦᠷᠢ︾ ᠨᠢ ᠨᠡᠶᠢᠲᠡ 15 ᠪᠦᠯᠦᠭ᠂ 58 ᠵᠤᠷᠪᠤᠰ᠂ 146 ᠵᠦᠢᠯ᠂ 10 ᠲᠦᠮᠡᠨ ᠦᠰᠦᠭ ᠲᠠᠢ᠃ ᠪᠦᠬᠦ ᠨᠣᠮ ᠳᠤ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠵᠤ ᠠᠬᠤᠢ ᠶᠢᠨ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠲᠤᠰᠬᠠᠪᠠ᠃ ︽ᠬᠥᠲᠥᠯᠪᠦᠷᠢ︾ ᠶᠢᠨ ᠠᠭᠤᠯᠭ᠎ᠠ ᠨᠢ ᠪᠠᠶᠠᠯᠢᠭ᠂ ᠪᠦᠲᠦᠴᠡ ᠨᠢ ᠨᠢᠭᠲᠠ ᠴᠢᠩᠭ᠎ᠠ᠂ ᠤᠭ ᠵᠣᠬᠢᠶᠠᠯ ᠤᠭ ᠪᠦᠲᠦᠭᠡᠯ ᠢ ᠰᠢᠳᠤᠷᠭᠤ ᠪᠠᠷ ᠢᠯᠡᠷᠡᠭᠦᠯᠵᠦ᠂ ᠵᠣᠬᠢᠶᠠᠯ ᠤᠨ ᠰᠤᠷᠲᠠᠯ ᠨᠢ ᠠᠮᠢᠳᠤᠯᠢᠭ ᠪᠣᠷᠣᠭᠵᠢᠭᠤᠨ ᠪᠠᠶᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠴᠢᠬᠤᠯᠠ ᠬᠠᠪᠰᠤᠷᠤᠮᠵᠢ ᠪᠤᠯᠬᠤ ᠤᠩᠰᠢᠬᠤ ᠪᠢᠴᠢᠭ ᠪᠣᠯᠤᠨ᠎ᠠ᠃       ᠲᠥᠪ ᠤᠨ ᠤᠬᠠᠭᠤᠯᠬᠤ ᠬᠡᠯᠲᠡᠰ ᠮᠡᠳᠡᠭᠳᠡᠯ ᠨᠡᠶᠢᠲᠡᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠬᠥᠲᠥᠯᠪᠦᠷᠢ︾ ᠶᠢ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠴᠠᠭ ᠲᠤᠬᠠᠶ‌‍ᠳᠤᠨᠢ ᠠᠮᠵᠢᠨ ᠰᠤᠷᠤᠯᠴᠠᠵᠤ᠂ ᠭᠦᠨᠵᠡᠭᠡᠶ ᠰᠡᠳᠭᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠶᠢ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠩ ᠢᠯᠡᠬᠦᠤ ᠤᠬᠠᠮᠰᠠᠷ ᠠᠴᠠ ᠪᠠᠨ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠪᠠᠷ ᠵᠢᠯᠤᠭᠤᠳᠤᠭᠤᠯᠵᠤ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号