ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ ᠪᠡᠭᠡᠵᠢᠩ ᠤᠨ | 2022 ᠣᠨ ᠤ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠡᠭᠦᠰᠭᠦ | ᠶᠣᠰᠣᠯᠠᠯ 13 ᠤ ᠤᠷᠤᠢ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠸᠠᠩ ᠴᠢ ᠱᠠᠨ | ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠨ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠫᠠᠰᠧᠨᠰ ᠲᠡᠭᠦᠰᠭᠦ ᠶᠣᠰᠣᠯᠠᠯ ᠳᠤ ᠣᠷᠣᠯᠴᠠᠵᠠᠢ᠃ | | | | ᠬᠤᠶᠠᠷ ᠣᠯᠢᠮᠫᠢᠺ ᠤᠨ ᠲᠠᠮᠢᠷ ᠤᠨ ᠴᠤᠭᠯᠠᠭᠠᠨ᠂ ᠠᠳᠠᠯᠢᠬᠠᠨ ᠭᠤᠶᠢᠳᠠ ᠰᠠᠶᠢᠬᠠᠨ ᠶᠠᠪᠤᠭᠳᠠᠵᠠᠢ᠃ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠤ | ᠲᠠᠷᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ | ᠤᠷᠤᠯᠳᠤᠭᠠᠨ ᠢ ᠭᠠᠷᠮᠠᠭᠠᠢ ᠰᠠᠶᠢᠬᠠᠨ ᠵᠣᠬᠢᠶᠠᠨ ᠪᠠᠶᠢᠭᠤᠯᠵᠤ᠂ ᠪᠦᠷᠢᠨ ᠲᠡᠭᠦᠯᠳᠡᠷ ᠰᠠᠭᠠᠳ ᠦᠭᠡᠢ ᠲᠥᠬᠦᠭᠡᠷᠦᠮᠵᠢ᠂ | ᠬᠥᠮᠦᠨᠴᠢᠯᠡᠭᠰᠡᠨ ᠦᠢᠯᠡᠴᠢᠯᠡᠭᠡ ᠪᠠᠷ ᠢᠶᠠᠨ ᠲᠠᠮᠢᠷᠴᠢᠨ᠂ ᠳᠠᠰᠬᠠᠯᠵᠢᠭᠤᠯᠤᠭᠴᠢ ᠪᠣᠯᠤᠨ ᠳᠡᠯᠡᠬᠡᠢ ᠨᠡᠶᠢᠭᠡᠮ ᠤᠨ ᠥᠷᠭᠡᠨ | ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ ᠥᠩᠭᠡᠷᠡᠭᠰᠡᠨ 9 ᠡᠳᠦᠷ ᠲᠤ᠂ 46 ᠤᠯᠤᠰ ︵ᠭᠠᠵᠠᠷ ᠣᠷᠣᠨ︶ ᠠᠴᠠ | ᠢᠷᠡᠭᠰᠡᠨ 600 ᠰᠢᠬᠠᠮ ᠵᠡᠮᠳᠡᠭ ᠲᠠᠮᠢᠷᠴᠢᠨ ᠣᠷᠭᠢᠯᠤᠮ᠎ᠠ ᠬᠠᠯᠠᠭᠤᠨ ᠰᠡᠳᠭᠢᠯᠭᠡ ᠶᠢ ᠡᠪᠦᠷᠯᠡᠨ᠂ ᠡᠷᠡᠯᠬᠡᠭᠯᠡᠨ | ᠲᠡᠮᠡᠴᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠪᠠᠶᠠᠰᠤᠩᠭᠤᠢ ᠪᠠᠷ ᠤᠷᠤᠭᠰᠢᠯᠠᠨ ᠲᠠᠪᠰᠢᠬᠤ ᠵᠣᠷᠢᠭ | ᠰᠠᠨᠠᠭ᠎ᠠ ᠶᠢ ᠢᠯᠡᠷᠡᠭᠦᠯᠪᠡ᠃ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ 18 | ᠠᠯᠲᠠᠨ ᠮᠧᠳᠠᠯ᠂ 61 ᠱᠠᠩᠨᠠᠯ ᠤᠨ ᠮᠧᠳᠠᠯ ᠣᠯᠵᠤ᠂ ᠠᠯᠲᠠᠨ ᠮᠧᠳᠠᠯ ᠤᠨ ᠵᠢᠭᠰᠠᠭᠠᠯᠲᠠ ᠪᠠ ᠱᠠᠩᠨᠠᠯ ᠤᠨ ᠮᠧᠳᠠᠯ ᠤᠨ | ᠵᠢᠭᠰᠠᠭᠠᠯᠳᠠ ᠳᠤ ᠮᠠᠩᠯᠠᠶᠢᠯᠠᠵᠤ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠳᠤ ᠣᠷᠣᠯᠴᠠᠭᠰᠠᠨ ᠠᠴᠠ ᠨᠠᠭᠠᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ | ᠰᠥᠨᠢ ᠶᠢᠨ ᠬᠦᠰᠢᠭᠡᠨ ᠲᠤᠤᠷᠠᠬᠢ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠶ ᠦᠩᠭᠡ ᠬᠢᠯᠪᠠᠭ᠎ᠠ | ᠰᠠᠴᠤᠷᠠᠵᠤ᠂ ᠰᠠᠯᠵᠤ ᠶᠠᠳᠠᠭᠰᠠᠨ ᠭᠦᠨ ᠵᠤᠵᠠᠭᠠᠨ ᠨᠦᠭᠦᠷᠯᠡᠯ ᠤᠨ ᠰᠡᠳᠬᠢᠯᠭᠡ ᠪᠢᠯᠬᠠᠨ᠎ᠠ᠃ | ︽ᠡᠩᠭᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠶᠢᠨ ᠬᠦᠭᠵᠢᠮ ᠤᠨ ᠠᠶᠠᠰ ᠳᠤᠮᠳᠠ᠂ | ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠫᠠᠰᠧᠨᠰ ᠨᠠᠷ ᠲᠠᠢ ᠬᠠᠮᠲᠤ ᠲᠡᠷᠢᠭᠦᠯᠡᠭᠴᠢ ᠶᠢᠨ ᠲᠠᠶᠢᠰᠠᠨ ᠳᠤ | ᠭᠠᠷᠴᠤ᠂ ᠦᠵᠡᠭᠴᠢᠳ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠲᠠᠶᠠᠭᠠᠷ ᠨᠢᠵᠢᠬᠢᠨᠡᠳᠡᠯᠠ ᠠᠯᠠᠭ᠎ᠠ ᠲᠠᠰᠢᠪᠠ᠃ | | | | ᠢᠷᠠᠭᠤ ᠰᠠᠶᠢᠬᠠᠨ ᠠᠶ᠎ᠠ ᠶᠢ ᠳᠠᠭᠠᠯᠳᠤᠨ ᠲᠡᠭᠦᠰᠭᠦ ᠶᠣᠰᠣᠯᠠᠯ ᠤᠨ ᠡᠬᠢᠨ ᠤ ᠲᠣᠭᠯᠠᠯᠲᠠ ︽ᠭᠤᠶᠢᠳᠠ | ᠰᠠᠶᠢᠬᠠᠨ ᠴᠠᠭ ᠮᠦᠴᠡ︾ ᠡᠬᠢᠯᠡᠵᠠᠢ᠃ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠥᠪᠲ᠋ᠠᠬᠢ ᠲᠣᠮᠣ ᠬᠥᠰᠢᠭᠡᠨ ᠳᠡᠭᠡᠷ᠎ᠡ | ᠨᠢᠭᠡᠨ ᠡᠭᠡᠰᠢᠭᠲᠦ ᠬᠠᠶᠢᠷᠴᠠᠭ ᠢᠯᠡᠷᠡᠵᠦ᠂ ᠵᠡᠮᠳᠡᠭ᠂ ᠡᠷᠡᠭᠦᠯ ᠲᠤᠭᠯᠠᠭᠴᠢᠳ ᠬᠠᠮᠳᠤ ᠪᠠᠷ ᠳᠠᠭᠤᠤ ᠶᠢᠨ ᠵᠡᠭᠦᠦ ᠶᠢ | ᠠᠯᠭᠤᠷ ᠳᠥᠯᠭᠢᠬᠦ ᠶᠢ ᠳᠠᠭᠠᠯᠳᠤᠨ ᠠᠯᠲᠠᠨ ᠰᠢᠷᠭᠠᠯ ᠬᠡᠷᠡᠯ ᠰᠠᠴᠤᠷᠠᠭᠰᠠᠨ ᠳᠠᠭᠤᠤ ᠶᠢᠨ ᠳ᠋ᠢᠰᠺ ᠨᠢ ᠡᠷᠭᠢᠯᠳᠦᠵᠤ | ᠡᠬᠢᠯᠠᠵᠠᠢ᠃ 9 ᠡᠳᠦᠷ ᠤᠨ ᠤᠷᠤᠯᠳᠤᠭᠠᠨ ᠤ ᠭᠤᠶᠢᠳᠠ ᠰᠠᠶᠢᠬᠠᠨ ᠬᠤᠷᠤᠮ ᠤᠳ ᠨᠢᠭᠡᠳ ᠨᠢᠭᠡ ᠪᠠᠷ ᠢᠯᠡᠷᠡᠨ᠎ᠠ᠃ | ᠪᠦᠭᠦᠳᠡᠭᠡᠷ ᠢᠶᠠᠨ ᠪᠤᠰᠴᠤ ᠵᠤᠭᠰᠤᠵᠤ᠂ ᠰᠦᠷ ᠵᠢᠪᠬᠤᠯᠠᠩᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠯᠳᠡ ᠳᠠᠭᠤᠤ ᠶᠢᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃ | ᠡᠭᠡᠰᠢᠭᠲᠦ ᠬᠠᠶᠢᠷᠴᠠᠭ ᠳᠡᠭᠡᠷᠡᠬᠢ ᠠᠯᠲᠠᠨ ᠰᠢᠷᠭᠠᠯ ᠳᠠᠭᠤᠤ ᠶᠢᠨ ᠳ᠋ᠢᠰᠺ ᠨᠢ ᠬᠢᠯᠠᠯᠵᠠᠭᠰᠠᠨ ᠲᠡᠭᠷᠢ ᠶᠢᠨ | ᠤᠶᠤᠳᠠᠯ ᠲᠤᠳᠤᠷᠠᠬᠢ ᠬᠦᠬᠡ ᠦᠩᠭᠡᠳᠤ ᠳᠡᠯᠡᠬᠡᠶ ᠶᠢᠨ ᠪᠥᠮᠪᠥᠷᠴᠡᠭ ᠪᠤᠯᠵᠤ ᠬᠤᠪᠢᠷᠠᠪᠠ᠃ ᠤᠷᠤᠯᠳᠤᠭᠠᠨ ᠳᠤ | ᠣᠷᠣᠯᠴᠠᠭᠰᠠᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠤᠭ ᠲᠠᠯᠠᠪᠠᠢ ᠳᠤ ᠣᠷᠣᠵᠤ᠂ ᠦᠩᠭᠡ ᠢᠯᠭᠠᠷᠠᠭᠰᠠᠨ | ᠲᠤᠭ ᠳᠠᠯᠪᠠᠭ᠎ᠠ ᠨᠤᠭᠤᠳ ᠨᠡᠶᠢᠯᠡᠭᠡᠳ ᠪᠠᠶᠠᠷ ᠤᠨ ᠳᠠᠯᠠᠢ ᠬᠠᠯᠬᠢᠯᠠᠵᠠᠢ᠃ | ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ | ᠲᠠᠮᠢᠷᠴᠢᠳ ᠤᠨ ᠵᠦᠪᠯᠡᠯ ᠤᠨ 2 ᠰᠢᠨ᠎ᠡ ᠪᠠᠷ ᠰᠣᠩᠭᠤᠭᠳᠠᠭᠰᠠᠨ ᠭᠡᠰᠢᠭᠦᠨ ᠲᠠᠯᠠᠪᠠᠢᠶᠢᠨ ᠲᠥᠪ ᠲᠤ ᠢᠷᠡᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ 6 ᠰᠠᠶᠢᠨ | ᠳᠤᠷᠠᠴᠤᠳ ᠤᠨ ᠲᠥᠯᠥᠭᠡᠯᠡᠭᠴᠢ ᠳᠤ ᠴᠡᠴᠡᠭ ᠬᠦᠷᠭᠡᠵᠦ ᠬᠦᠨᠳᠦᠳᠭᠡᠯ ᠲᠡᠪᠰᠢᠭᠦᠯᠵᠦ᠂ ᠰᠠᠶᠢᠨ ᠳᠤᠷᠠᠴᠤᠳ ᠤᠨ | ᠰᠢᠷᠭᠠᠭᠤ ᠵᠢᠳᠭᠦᠯ ᠳᠤ ᠲᠠᠯᠠᠷᠬᠠᠵᠠᠢ᠃ ᠲᠣᠮᠣ ᠳᠡᠯᠭᠡᠴᠡ ᠳᠡᠭᠡᠷ᠎ᠠ ᠰᠠᠶᠢᠨ ᠳᠤᠷᠠᠴᠤᠳ ᠤᠨ ᠰᠡᠳᠭᠢᠯ ᠬᠥᠳᠡᠯᠭᠡᠮ᠎ᠡ | ᠬᠠᠯᠠᠭᠤᠮᠰᠤᠭ ᠦᠢᠯᠡᠴᠢᠯᠡᠭᠡ ᠶᠢᠨ ᠵᠢᠷᠤᠭ ᠦᠵᠡᠭᠳᠡᠯ ᠬᠠᠷᠠᠭᠳᠠᠵᠤ ᠪᠠᠶᠢᠯ᠎ᠠ᠃ | ᠢᠷᠠᠭᠤ ᠤᠶᠠᠬᠠᠨ ᠳᠠᠭᠤᠤ ᠬᠥᠭᠵᠢᠮ ᠬᠠᠩᠭᠢᠨᠠᠵᠤ᠂ ᠵᠡᠮᠳᠡᠭ ᠪᠠ ᠡᠷᠡᠭᠦᠯ ᠲᠣᠭᠯᠠᠭᠴᠢᠳ ᠤᠨ ᠬᠠᠮᠲᠤ ᠪᠠᠷ | ᠲᠣᠭᠯᠠᠭᠰᠠᠨ ︽ᠬᠠᠶᠢᠷ᠎ᠠ ᠶᠢᠨ ᠢᠪᠡᠭᠡᠯ︾ ᠨᠢ ᠬᠥᠮᠦᠰ ᠤᠨ ᠰᠡᠳᠭᠢᠯ ᠢ ᠬᠦᠳᠡᠯᠭᠡᠨᠠ᠃ ᠶᠡᠭᠡ ᠡᠷᠡᠤ ᠬᠤᠭᠤᠷ ᠤᠨ | ᠵᠡᠮᠳᠡᠭ ᠬᠥᠭᠵᠢᠮᠴᠢᠳ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ | ᠵᠥᠪᠯᠡᠯ ᠤᠨ ᠳᠠᠭᠤᠤ ᠶᠢ ᠬᠥᠭᠵᠢᠮᠳᠡᠵᠦ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ | ᠬᠦᠳᠡᠯᠭᠡᠭᠡᠨ ᠤ ᠵᠥᠪᠯᠡᠯ ᠤᠨ ᠲᠤᠭ ᠠᠯᠭᠤᠷᠬᠠᠨ ᠪᠠᠭᠤᠪᠠ᠃ | ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ | ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠡᠬᠢᠯᠡᠪᠡ᠃ ᠪᠡᠭᠡᠵᠢᠩ ᠬᠤᠳᠠ ᠶᠢᠨ ᠳᠠᠷᠤᠭ᠎ᠠ ᠴᠧᠨ ᠵᠶᠢ ᠨᠢᠩ | ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ ᠲᠤᠭ ᠢ | ᠬᠤᠷᠦ᠋ᠢᠯᠠᠵᠤ᠂ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ | ᠲᠡᠷᠢᠭᠦᠯᠡᠭᠴᠢ ᠫᠠᠰᠧᠨᠰ ᠲᠤ ᠲᠤᠰᠢᠶᠠᠪᠠ᠃ ᠫᠠᠰᠧᠨᠰ ᠵᠦᠪᠯᠡᠯ ᠤᠨ ᠲᠤᠭ ᠢ ᠳᠠᠷᠠᠭ᠎ᠠ ᠬᠤᠭᠤᠴᠠᠭᠠᠨ ᠤ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠭᠤᠣᠯᠯᠠᠨ ᠡᠷᠭᠢᠯᠡᠬᠦ ᠬᠤᠲᠠ ᠪᠤᠯᠬᠤ | ᠢᠲ᠋ᠠᠯᠢ ᠶᠢᠨ ᠮᠢᠯᠠᠨ ᠬᠤᠲᠠ ᠶᠢᠨ ᠳᠡᠳ᠋ ᠳᠠᠷᠤᠭ᠎ᠠ ᠰᠺᠠᠸᠦ᠋ᠽᠤ ᠪᠣᠯᠣᠨ ᠺᠤᠷᠳᠢᠨᠠᠳᠠᠨᠫᠧᠽᠦ᠋ᠸᠧ ᠬᠤᠲᠠ ᠶᠢᠨ | ᠳᠠᠷᠤᠭ᠎ᠠ ᠭᠠᠶᠢᠳᠢᠨᠠ ᠳᠤ ᠲᠤᠰᠢᠶᠠᠪᠠ᠃ | ᠲᠤᠬᠠᠢ ᠶᠢᠨ ᠲᠠᠯᠠᠪᠠᠢ ᠳᠤ ᠢᠲ᠋ᠠᠯᠢ ᠶᠢᠨ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠢᠲ᠋ᠠᠯᠢ ᠶᠢᠨ | ᠤᠯᠤᠰ ᠤᠨ ᠲᠤᠭ ᠢ ᠮᠠᠨᠳᠤᠭᠤᠯᠪᠠ᠃ ᠲᠣᠮᠣ ᠳᠡᠯᠭᠡᠴᠡ ᠳᠡᠭᠡᠷ᠎ᠡ ᠳᠠᠷᠠᠭ᠎ᠠ ᠬᠤᠭᠤᠴᠠᠭᠠᠨ ᠤ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠭᠤᠣᠯᠯᠠᠨ ᠡᠷᠭᠢᠯᠡᠬᠦ ᠬᠤᠲᠠ ᠶᠢᠨ ︽ᠪᠢᠳᠡ ᠪᠣᠯ ᠬᠡᠷᠡᠯ | ᠬᠡᠭᠡ ᠮᠦᠨ︾ ᠭᠡᠬᠦ ᠣᠬᠤᠷ ᠹᠢᠯᠢᠮ ᠢ ᠨᠡᠪᠳᠡᠷᠡᠭᠦᠯᠪᠡ᠃ | | | | ᠳᠠᠷᠠᠭ᠎ᠠ ᠨᠢ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠺᠤᠮᠢᠰ ᠤᠨ ᠲᠡᠷᠢᠭᠦᠯᠡᠭᠴᠢ ᠼᠠᠢ ᠴᠢ ᠪᠠᠶᠠᠷ ᠤᠨ ᠦᠭᠡ ᠬᠡᠯᠡᠪᠡ᠃ ᠲᠡᠷᠡ᠂ ᠡᠨᠡ ᠬᠦ ᠮᠠᠷᠲᠠᠭᠳᠠᠰᠢ ᠦᠭᠡᠢ | 9 ᠡᠳᠦᠷ ᠲᠤ᠂ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠲᠠᠮᠢᠷᠴᠢᠳ ᠡᠷᠡᠰ ᠴᠢᠩᠭ᠎ᠠ ᠵᠣᠷᠢᠭ ᠰᠠᠨᠠᠭ᠎ᠠ ᠪᠠᠷ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠪᠠᠶᠠᠰᠤᠩᠭᠤᠢ | ᠤᠷᠤᠭᠰᠢᠯᠠᠨ ᠲᠠᠪᠰᠢᠬᠤ ᠠᠮᠢᠳᠤᠷᠠᠬᠤᠢ ᠶᠢᠨ ᠣᠪᠣᠷ᠂ ᠡᠷᠬᠡ ᠲᠡᠭᠰᠢ ᠥᠪᠡᠷ ᠢ ᠪᠠᠨ ᠬᠦᠴᠦᠷᠬᠡᠭᠵᠢᠭᠦᠯᠬᠦ ᠠᠮᠢ | ᠨᠠᠰᠤᠨ ᠤ ᠨᠡᠷ᠎ᠡ ᠬᠦᠨᠳᠦ᠂ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠬᠦᠴᠦᠨ ᠢ ᠢᠯᠡᠷᠡᠭᠦᠯᠵᠦ᠂ ᠪᠦᠬᠦ ᠳᠡᠯᠡᠬᠡᠢ ᠳᠤ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠥᠪᠡᠷᠮᠢᠴᠡ ᠷᠢᠳᠢ ᠰᠢᠳᠢ ᠶᠢ | ᠣᠶᠢᠯᠠᠭᠠᠭᠤᠯᠤᠭᠰᠠᠨ ᠪᠠᠶᠢᠨ᠎ᠠ᠃ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠶᠡᠭᠡ ᠭᠡᠷ ᠪᠦᠯᠢ ᠶᠢᠨ | ᠪᠦᠷᠢᠯᠳᠦᠭᠦᠨ ᠨᠦᠭᠦᠳ ᠪᠦᠯᠬᠦᠮᠳᠡᠨ ᠬᠠᠮᠵᠢᠯᠴᠠᠵᠤ᠂ ᠵᠠᠭᠤᠴᠢᠯᠠᠭᠤᠷ ᠤᠨ ᠬᠢᠨ ᠨᠠᠷᠢᠨ ᠨᠢᠮᠪᠠᠢ ᠳᠠᠮᠵᠢᠭᠤᠯᠤᠨ | ᠮᠡᠳᠡᠭᠡᠯᠡᠵᠦ᠂ ᠪᠦᠬᠦ ᠳᠡᠯᠡᠬᠡᠢ ᠳᠤ ᠭᠤᠶᠢᠳᠠ ᠰᠠᠶᠢᠬᠠᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ | ᠦᠵᠡᠭᠦᠯᠪᠡ᠃ | ᠦᠢᠯᠡᠴᠢᠯᠡᠭᠡ ᠪᠠᠲᠤᠯᠠᠭ᠎ᠠ ᠶᠢᠨ ᠠᠵᠢᠯ ᠳᠤ ᠤᠷᠤᠯᠴᠠᠭᠰᠠᠨ ᠪᠦᠬᠦ ᠬᠦᠮᠦᠰ ᠲᠤ ᠲᠠᠯᠠᠷᠬᠠᠵᠤ ᠪᠠᠶᠢᠨ᠎ᠠ᠂ | ᠤᠯᠠᠨ ᠤ ᠴᠢᠷᠮᠠᠶᠢᠯᠭ᠎ᠠ ᠨᠢ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ | ᠳᠦᠭᠦᠮ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠪᠠᠶᠢᠬᠤ ᠶᠢ ᠪᠡᠶᠡᠯᠡᠭᠦᠯᠪᠡ᠃ ᠪᠢᠳᠡ ︽ᠰᠥᠰᠥ ᠵᠣᠷᠢᠭ᠂ | ᠢᠲᠡᠭᠡᠯ ᠵᠣᠷᠢᠭ᠂ ᠤᠷᠮᠠᠰᠢᠭᠤᠯᠤᠯ ᠵᠣᠷᠢᠭᠵᠢᠭᠤᠯᠤᠯ᠂ ᠡᠷᠬᠡ ᠲᠡᠭᠰᠢ︾ ᠪᠠᠶᠢᠬᠤ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠤ ᠥᠷᠲᠡᠭ ᠤᠨ ᠦᠵᠡᠯᠲᠡ ᠶᠢ ᠦᠷᠭᠦᠯᠵᠢᠯᠡᠨ ᠪᠠᠳᠠᠷᠠᠭᠤᠯᠵᠤ᠂ ᠵᠡᠮᠳᠡᠭᠴᠦᠳ ᠤᠨ | ᠦᠢᠯᠡᠰ ᠤᠨ ᠨᠠᠩ ᠶᠡᠭᠡ ᠬᠥᠭᠵᠢᠯᠲᠡ ᠶᠢ ᠭᠠᠷ ᠬᠤᠯᠪᠣᠯᠴᠠᠨ ᠠᠬᠢᠭᠤᠯᠵᠤ᠂ ᠰᠠᠶᠢᠨ ᠰᠠᠶᠢᠬᠠᠨ ᠢᠷᠡᠭᠡᠳᠦᠢ ᠵᠦᠭ | ᠬᠠᠮᠲᠤᠪᠠᠷ ᠤᠷᠤᠭᠰᠢᠯᠠᠨ᠎ᠠ ᠭᠡᠵᠦ ᠬᠡᠯᠡᠪᠡ᠃ | ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ | ᠲᠡᠷᠢᠭᠦᠯᠡᠭᠴᠢ ᠫᠠᠰᠧᠨᠰ ᠪᠠᠶᠠᠷ ᠤᠨ ᠦᠭᠡ ᠬᠡᠯᠡᠪᠡ᠃ ᠲᠡᠷᠡ᠂ ᠪᠡᠭᠡᠵᠢᠩ ᠤᠨ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ ᠬᠥᠮᠥᠰ ᠢ ᠭᠠᠶᠢᠬᠠᠰᠢ ᠠᠯᠳᠠᠭᠤᠯᠤᠮ᠎ᠠ᠂ ᠠᠮᠤᠷ | ᠲᠦᠪᠰᠢᠨ ᠨᠠᠶᠢᠳᠠᠪᠤᠷᠢᠲᠠᠢ᠂ ᠭᠤᠶᠢᠳᠠ ᠰᠠᠶᠢᠬᠠᠨ ᠪᠤᠯᠵᠤ᠂ ᠢᠷᠡᠭᠡᠳᠦᠢ ᠶᠢᠨ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠴᠦᠷᠬᠡᠭ ᠤᠯᠤᠰ ᠪᠣᠯᠤᠭᠰᠠᠨ ᠳᠤ | ᠪᠠᠶᠠᠷ ᠬᠦᠷᠭᠡᠵᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠬᠢᠶᠠᠨ | ᠪᠠᠶᠢᠭᠤᠯᠬᠤ ᠺᠣᠮᠢᠰ᠂ ᠳᠤᠮᠳᠠᠳᠤ ᠤᠯᠤᠰ ᠤᠨ ᠵᠡᠮᠳᠡᠭᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠺᠤᠮᠢᠰ᠂ | ᠳᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠳᠤ ᠲᠠᠯᠠᠷᠬᠠᠵᠤ | ᠪᠠᠶᠢᠨ᠎ᠠ ᠭᠡᠵᠦ ᠢᠯᠡᠳᠭᠡᠪᠡ᠃ ᠬᠠᠮᠤᠭ ᠰᠡᠭᠦᠯ ᠳᠤ᠂ ᠫᠠᠰᠧᠨᠰ ᠪᠡᠭᠡᠵᠢᠩ ᠤᠨ 2022 ᠣᠨ ᠤ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰᠦᠭᠰᠡᠨ ᠢ ᠲᠤᠩᠬᠠᠭᠯᠠᠭᠰᠠᠨ ᠪᠥᠭᠡᠳ | 4 ᠵᠢᠯ ᠤᠨ ᠳᠠᠷᠠᠭ᠎ᠠ ᠮᠢᠯᠠᠨ — ᠺᠤᠷᠳᠢᠨᠠᠳᠠᠨᠫᠧᠽᠦ᠋ᠸᠧ ᠳᠤ ᠳᠠᠬᠢᠨᠲᠠ ᠠᠭᠤᠯᠵᠠᠬᠤ ᠶᠢ ᠲᠠᠮᠢᠷᠴᠢᠳ ᠲᠤ | ᠤᠷᠢᠶᠠᠯᠠᠵᠠᠢ᠃ | ᠦᠢ ᠣᠯᠠᠨ ᠵᠡᠮᠳᠡᠭᠴᠦᠳ ᠤᠨ ᠢᠨᠢᠶᠡᠮᠰᠦᠭᠯᠡᠬᠦ ᠬᠤᠷᠤᠮ ᠢᠶᠠᠷ ᠪᠦᠷᠢᠯᠳᠦᠭᠰᠡᠨ ᠣᠬᠤᠷ ᠹᠢᠯᠢᠮ ᠨᠢ | ᠡᠴᠦᠰ ᠤᠨ ᠰᠠᠯᠤᠯᠲᠠ ᠶᠢᠨ ᠴᠠᠭ ᠮᠥᠴᠡ ᠶᠢ ᠨᠡᠭᠡᠭᠡᠯᠠ᠃ ᠠᠯᠢ ᠤᠯᠠᠨ ᠮᠠᠷᠲᠠᠭᠳᠠᠰᠢ ᠦᠭᠡᠢ ᠴᠡᠭᠡᠵᠢᠯᠡᠭᠳᠡᠭᠰᠡᠨ | ᠵᠢᠷᠤᠭ ᠤᠳ ᠡᠭᠡᠰᠢᠭᠲᠦ ᠬᠠᠶᠢᠷᠴᠠᠭ ᠳᠡᠭᠡᠷ᠎ᠡ ᠳᠠᠬᠢᠨ ᠢᠯᠡᠷᠡᠪᠡ᠃ ︽ᠴᠠᠰᠤᠨ ᠴᠡᠴᠡᠭ︾ ᠤᠨ ᠰᠡᠳᠭᠢᠯ ᠬᠥᠳᠡᠯᠭᠡᠮ᠎ᠡ | ᠬᠦᠭ ᠠᠶᠠᠰ ᠢ ᠳᠠᠭᠠᠯᠳᠤᠵᠤ᠂ ︽ᠲᠤᠮᠤ ᠴᠠᠰᠤᠨ ᠴᠡᠴᠡᠭ︾ ᠤᠨ ᠳᠦᠷᠰᠦ ᠬᠡᠯᠪᠡᠷᠢ ᠲᠠᠢ ᠪᠡᠭᠡᠵᠢᠩ ᠤᠨ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠭᠤᠣᠯ ᠭᠠᠯ ᠪᠠᠮᠪᠠᠷ ᠠᠯᠭᠤᠷᠬᠠᠨ | ᠤᠨᠲᠠᠷᠠᠪᠠ᠃ | ᠬᠠᠷᠠᠭ᠎ᠠ ᠪᠠᠨ ᠠᠯᠳᠠᠭᠰᠠᠨ ᠬᠡᠦᠬᠡᠳ ᠤᠨ ᠨᠠᠶᠢᠷᠠᠯ ᠳᠠᠭᠤᠤ ᠶᠢᠨ ᠪᠦᠯᠬᠦᠮ ᠤᠨ ᠢᠷᠠᠭᠤ ᠡᠭᠡᠰᠢᠭᠯᠢᠭ | ᠳᠠᠭᠤᠤ ᠳᠤ᠂ ︽ᠪᠡᠭᠡᠵᠢᠩ 2022︾ ᠬᠡᠮᠡᠬᠦ ᠦᠰᠦᠭ ᠪᠦᠬᠦᠢ ᠬᠤᠸᠠᠷ ᠫᠤᠤᠵᠢᠩ ᠪᠡᠶ᠎ᠡᠶᠢᠨ ᠲᠠᠮᠢᠷ ᠤᠨ ᠲᠠᠯᠠᠪᠠᠢ ᠶᠢᠨ | ᠣᠭᠲᠠᠷᠭᠤᠢ ᠳᠤ ᠳᠡᠯᠭᠡᠷᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ | ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠡᠰᠢᠭᠦᠳ ᠳᠡᠭᠦᠰᠬᠦ ᠶᠤᠰᠤᠯᠠᠯ ᠳᠤ ᠤᠷᠤᠯᠴᠠᠪᠠ᠃ | ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠳᠡᠯᠭᠡᠭᠡᠨ ᠤ ᠵᠥᠪᠯᠡᠯ ᠤᠨ | ᠬᠠᠷᠢᠭᠤᠴᠠᠯᠭᠠᠲᠠᠨ ᠨᠠᠷ ᠲᠡᠭᠦᠰᠭᠦ ᠶᠣᠰᠣᠯᠠᠯ ᠳᠤ ᠣᠷᠣᠯᠴᠠᠵᠠᠢ᠃ | |