ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ | ᠪᠦᠲᠦᠭᠡᠬᠦ ᠲᠦᠷᠦᠯ ᠵᠦᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ | ᠣᠷᠣᠭᠤᠯᠤᠯᠲᠠ ᠶᠢ ᠨᠡᠩ ᠰᠠᠶᠢᠲᠤᠷ ᠥᠷᠭᠡᠳᠬᠡᠵᠦ᠂ ᠬᠡᠷᠡᠭᠯᠡᠭᠡ ᠪᠠ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ | ᠭᠡᠵᠡᠢ᠃ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ | ᠪᠠᠶᠢᠭᠤᠯᠭ᠎ᠠ ᠨᠢᠭᠡᠴᠢ ᠶᠢᠨ ᠰᠦᠢᠳᠬᠡᠯ ᠲᠤᠰᠢᠶᠠᠬᠤ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ | ᠬᠦᠴᠢᠷᠳᠡᠯ ᠢ ᠨᠠᠮᠳᠠᠭᠤᠯᠬᠤ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠬᠦᠴᠦᠯᠡᠨ ᠳᠡᠮᠵᠢᠬᠦ ᠪᠠᠷ | ᠲᠣᠭᠲᠠᠭᠠᠪᠠ᠃ | ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ | ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ | ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 15 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠶᠢ ᠳᠡᠮᠵᠢᠬᠦ ᠪᠠ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠦᠷᠦᠯ | ᠵᠦᠢᠯ ᠢ ᠠᠬᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ | ᠰᠠᠶᠢᠲᠤᠷ ᠥᠷᠭᠡᠳᠬᠡᠵᠦ᠂ ᠬᠡᠷᠡᠭᠯᠡᠭᠡ ᠪᠠ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ ᠭᠡᠵᠡᠢ︔ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨᠤ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ | ᠲᠤᠰᠢᠶᠠᠬᠤ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠦᠴᠢᠷᠳᠡᠯ ᠢ ᠨᠠᠮᠳᠠᠭᠤᠯᠬᠤ ᠪᠠ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠬᠦᠴᠦᠯᠡᠨ ᠳᠡᠮᠵᠢᠬᠦ ᠪᠠᠷ ᠲᠣᠭᠲᠠᠪᠠ︔ ᠠᠵᠤ ᠠᠬᠤᠶᠢᠯᠠᠯ ᠳᠤ | ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠬᠤᠶᠢᠰᠢᠯᠠᠭᠤᠯᠤᠨ ᠲᠤᠰᠢᠶᠠᠬᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠯᠲᠠ ᠶᠢ ᠪᠠᠶᠢᠷᠢᠯᠠᠭᠤᠯᠬᠤ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠶᠡᠷᠦᠩᠬᠡᠢ ᠰᠡᠳᠬᠢᠮᠵᠢ᠂ ᠲᠦᠷᠦ ᠶᠢᠨ ᠪᠣᠳᠣᠯᠭ᠎ᠠ ᠶᠢᠨ | ᠬᠠᠨᠳᠤᠰᠢ ᠶᠣᠰᠣᠭᠠᠷ᠂ ᠣᠳᠣᠬᠠᠨ ᠤ ᠲᠣᠭᠲᠠᠭᠤᠨ ᠢᠶᠠᠷ ᠨᠡᠮᠡᠭᠳᠡᠭᠦᠯᠬᠦ ᠳᠤ ᠰᠠᠭᠤᠷᠢᠯᠠᠵᠤ᠂ ᠠᠯᠤᠰ ᠬᠡᠳᠦ ᠶᠢ | ᠪᠣᠳᠣᠯᠬᠢᠯᠠᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠠ | ᠳᠣᠬᠢᠶᠠᠯ ᠢ ᠡᠵᠡᠮᠳᠡᠵᠦ᠂ ᠣᠷᠣᠨ ᠵᠠᠢ ᠶᠢᠨ ᠲᠣᠬᠢᠷᠠᠭᠤᠯᠤᠯ ᠡᠵᠡᠮᠳᠡᠯ ᠢ ᠴᠢᠬᠤᠯᠠᠴᠢᠯᠠᠵᠤ᠂ ᠡᠷᠴᠢᠮ ᠢᠶᠠᠨ ᠡᠷᠡᠰ | ᠰᠢᠭᠤᠷᠬᠠᠢ ᠪᠠᠷ ᠴᠢᠩᠭᠠᠷᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠭᠠᠷᠭᠠᠬᠤ | ᠶᠣᠰᠣᠲᠠᠢ ᠶᠢ ᠨᠢ ᠪᠦᠬᠦᠨ ᠢ ᠭᠠᠷᠭᠠᠬᠤ ᠮᠥᠷᠲᠡᠭᠡᠨ ᠵᠣᠭᠤᠰ ᠢ ᠬᠡᠲᠦᠷᠡᠲᠡᠯ᠎ᠡ ᠲᠠᠷᠬᠠᠭᠠᠬᠤ ᠦᠭᠡᠢ᠂ ᠢᠷᠡᠭᠡᠳᠦᠢ ᠳᠤ | ᠬᠡᠲᠦᠷᠡᠲᠡᠯ᠎ᠡ ᠵᠠᠷᠤᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ | ᠪᠠᠲᠤᠯᠠᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠬᠦᠴᠦᠯᠡᠨ ᠪᠠᠲᠤᠯᠠᠵᠤ᠂ ᠬᠤᠷᠸ᠎ᠠ ᠠᠵᠤ ᠠᠬᠤᠢ ᠶᠢᠨ | ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠳᠤ᠂ | ᠳᠤᠲᠠᠭᠤᠳᠠᠯ ᠢ ᠨᠥᠬᠦᠪᠦᠷᠢᠯᠡᠨ ᠪᠦᠲᠦᠴᠡ ᠳᠤ ᠲᠣᠬᠢᠷᠠᠭᠤᠯᠤᠯᠲᠠ ᠬᠢᠵᠦ ᠴᠢᠳᠠᠬᠤ ᠮᠥᠷᠲᠡᠭᠡᠨ ᠬᠡᠷᠡᠭᠯᠡᠭᠡ ᠳᠤ | ᠵᠣᠬᠢᠴᠠᠭᠤᠯᠤᠨ ᠠᠵᠢᠯ ᠣᠯᠭᠤᠯᠲᠠ ᠶᠢ ᠥᠷᠭᠡᠳᠬᠡᠵᠦ ᠴᠢᠳᠠᠬᠤ ᠨᠢᠭᠡ ᠯᠡ ᠤᠳᠠᠭ᠎ᠠ ᠳᠤ ᠤᠯᠠᠨ ᠶᠠᠪᠤᠳᠠᠯ ᠢ | ᠪᠦᠲᠦᠭᠡᠬᠦ ᠲᠦᠷᠦᠯ ᠵᠦᠢᠯ ᠢ ᠡᠬᠢᠯᠡᠭᠦᠯᠬᠦ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ | ᠳᠠᠶᠢᠴᠢᠯᠠᠬᠤ ᠬᠡᠷᠡᠭᠲᠡᠢ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠨᠢ ᠪᠦᠬᠦ ᠨᠡᠶᠢᠭᠡᠮ ᠤᠨ ᠪᠡᠯᠡ | ᠣᠷᠣᠭᠤᠯᠤᠯᠲᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠭ᠎ᠠ ᠪᠣᠯᠬᠤᠷ ︽ᠬᠤᠶᠠᠷ ᠥᠴᠥᠬᠡᠨ ᠴᠦ | ᠭᠤᠶᠢᠪᠢᠯᠵᠠᠭᠤᠯᠬᠤ ᠦᠭᠡᠢ︾ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠵᠠᠬ᠎ᠠ | ᠳᠡᠯᠭᠡᠭᠦᠷ ᠤᠨ ᠠᠷᠭ᠎ᠠ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠢᠭᠡ ᠳᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 102 ᠵᠦᠢᠯ ᠤᠨ ᠴᠢᠬᠤᠯᠠ ᠶᠡᠭᠡ ᠢᠨᠵᠧᠨᠧᠷᠢᠩ ᠪᠠ | ᠤᠯᠤᠰ ᠠᠴᠠ ᠲᠣᠳᠣᠷᠬᠠᠢ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠨᠢᠭᠡ | ᠪᠦᠯᠦᠭ ᠵᠢᠱᠢᠶ᠎ᠡ ᠦᠵᠡᠭᠦᠯᠬᠦ ᠲᠥᠷᠥᠯ ᠵᠦᠢᠯ ᠢ ᠰᠣᠩᠭᠤᠵᠤ ᠠᠷᠠᠳ ᠤᠨ ᠬᠥᠷᠥᠩᠭᠡ ᠶᠢ ᠲᠠᠳᠠᠨ ᠣᠷᠣᠭᠤᠯᠤᠨ᠎ᠠ᠃ | ᠨᠢᠭᠡᠨᠲᠡ ᠲᠣᠭᠲᠠᠭᠠᠭᠰᠠᠨ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠲᠥᠷᠥᠯ ᠵᠦᠢᠯ ᠢ ᠲᠦᠷᠭᠡᠪᠴᠢᠯᠡᠨ | ᠠᠬᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠳᠤ ᠨᠢᠭᠡ ᠯᠡ ᠠᠳᠠᠯᠢ ᠪᠠᠷ ᠬᠠᠨᠳᠤᠬᠤ ᠪᠥᠭᠡᠳ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠥᠷᠭᠡᠳᠬᠡᠨ ᠭᠠᠷᠭᠠᠨ᠎ᠠ᠃ ᠬᠤᠶᠠᠷ ᠲᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠭᠠᠷᠳᠠᠮ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠮᠣ ᠲᠥᠷᠥᠯ ᠵᠦᠢᠯ ᠢ | ᠣᠷᠣᠨ ᠨᠤᠲᠤᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠭᠠᠵᠠᠷ | ᠬᠡᠷᠡᠭᠯᠡᠬᠦ ᠵᠡᠷᠭᠡ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠠᠷᠠᠳ ᠤᠨ ᠳᠤᠮᠳᠠᠬᠢ | ᠪᠡᠯᠡ ᠣᠷᠣᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠥᠷᠥ ᠶᠢᠨ ᠪᠣᠳᠣᠯᠭ᠎ᠠ ᠶᠢᠨ | ᠠᠮᠠᠯᠠᠯᠲᠠ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠳᠡᠮᠵᠢᠵᠦ᠂ ᠠᠷᠠᠳ ᠤᠨ ᠳᠤᠮᠳᠠᠬᠢ ᠬᠥᠷᠥᠩᠭᠡ ᠶᠢᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ | ᠬᠥᠭᠵᠢᠭᠦᠯᠬᠦ ᠶᠢ ᠳᠡᠮᠵᠢᠬᠦ ᠬᠡᠷᠡᠭᠲᠡᠢ᠃ ᠭᠤᠷᠪᠠ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠦᠷᠭᠦᠯᠵᠢᠯᠡᠨ | ᠵᠢᠭᠡᠯᠡᠯᠭᠡ ᠲᠠᠯᠪᠢᠬᠤ᠂ ᠬᠤᠭᠤᠴᠠᠭ᠎ᠠ ᠶᠢ ᠤᠷᠲᠤᠳᠬᠠᠬᠤ ᠵᠡᠷᠭᠡ ᠪᠠᠷ ᠳᠠᠮᠵᠢᠨ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢ ᠳᠡᠮᠵᠢᠬᠦ ᠶᠢ ᠵᠣᠷᠢᠭᠵᠢᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ | ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠬᠤ ᠬᠡᠷᠡᠭᠲᠡᠢ᠃ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠳᠤ ᠬᠠᠨᠳᠤᠭᠤᠯᠤᠭᠰᠠᠨ ᠦᠯᠦ ᠬᠥᠳᠡᠯᠬᠦ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦᠨ ᠤ ᠲᠥᠷᠥᠯ ᠵᠦᠢᠯ ᠢ ᠴᠠᠭ ᠢ ᠠᠮᠵᠢᠨ | ᠬᠡᠷᠡᠭᠵᠢᠭᠦᠯᠬᠦ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠴᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷ | ᠠᠪᠴᠠᠭᠠᠨ ᠤ ᠡᠷᠬᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠳᠡᠮᠵᠢᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ | ᠪᠣᠯ ᠬᠤᠳᠠ ᠶᠢᠨ ︽ᠳᠣᠲᠣᠷ︾ ᠢᠨᠵᠧᠨᠧᠷᠢᠩ ᠪᠠᠶᠢᠵᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ | ᠳᠠᠶᠢᠴᠢᠯᠠᠬᠤ ᠴᠢᠳᠠᠪᠤᠷᠢ ᠴᠢᠩᠭ᠎ᠠ᠂ ᠨᠢᠭᠡ ᠯᠡ ᠤᠳᠠᠭ᠎ᠠ ᠳᠤ ᠤᠯᠠᠨ ᠶᠠᠪᠤᠳᠠᠯ ᠢ ᠪᠦᠲᠦᠭᠡᠬᠦ ᠲᠥᠯᠥᠭᠡᠯᠡᠬᠦ ᠴᠢᠨᠠᠷᠲᠠᠢ | ᠲᠦᠷᠦᠯ ᠵᠦᠢᠯ ᠪᠣᠯᠣᠨ᠎ᠠ᠃ ᠨᠢᠭᠡᠨᠲᠡ ᠪᠠᠶᠢᠷᠢᠯᠠᠭᠤᠯᠤᠭᠰᠠᠨ ᠬᠤᠳᠠ ᠶᠢᠨ ᠬᠠᠭᠤᠴᠢᠷᠠᠭᠰᠠᠨ ᠬᠤᠭᠤᠯᠠᠢ ᠶᠢᠨ | ᠲᠣᠣᠷ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ | ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠦᠢᠳᠬᠡᠯ ᠬᠤᠷᠢᠶᠠᠵᠤ ᠬᠠᠷᠢᠭᠤ ᠥᠭᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢ ᠲᠠᠳᠠᠨ ᠣᠷᠣᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠣᠷᠳᠣ ᠬᠤᠭᠤᠴᠠᠭᠠᠨ ᠤ ᠵᠢᠭᠡᠯᠡᠯᠭᠡ ᠲᠠᠯᠪᠢᠬᠤ ᠶᠢ ᠬᠥᠲᠥᠯᠥᠨ ᠵᠢᠯᠤᠭᠤᠳᠴᠤ᠂ ᠲᠥᠷᠥᠯ | ᠵᠦᠢᠯ ᠤᠨ ᠭᠤᠣᠯ ᠴᠣᠭᠴᠠ ᠳᠤ ᠢᠲᠡᠭᠡᠮᠵᠢᠲᠦ ᠵᠢᠭᠡᠯᠡᠯᠭᠡ ᠲᠠᠷᠬᠠᠭᠠᠬᠤ ᠳᠤ ᠵᠠᠬ᠎ᠠ ᠳᠡᠯᠭᠡᠭᠦᠷᠴᠢᠯᠡᠨ ᠢᠲᠡᠭᠡᠮᠵᠢ | ᠨᠡᠮᠡᠭᠳᠡᠭᠦᠯᠬᠦ ᠳᠡᠮᠵᠢᠯᠭᠡ ᠦᠵᠡᠭᠦᠯᠦᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ 1.5 ᠳ᠋ᠦᠩᠰᠢᠭᠤᠷ ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠠᠲᠤᠯᠠᠪᠠᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ | ᠤᠶᠠᠨ ᠬᠠᠳᠠᠨ ᠴᠢᠨᠠᠷ ᠢ ᠪᠠᠲᠤᠯᠠᠵᠤ ᠴᠢᠳᠠᠨ᠎ᠠ᠃ ᠠᠵᠤ ᠠᠬᠤᠶᠢᠯᠠᠯ ᠤᠨ ᠬᠦᠴᠢᠷᠳᠡᠯ ᠢ ᠤᠯᠠᠮ ᠨᠢᠭᠡ ᠠᠯᠬᠤᠮ | ᠰᠢᠢᠳᠪᠦᠷᠢᠯᠡᠬᠦ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ ᠨᠥᠬᠦᠴᠡᠯ ᠳᠤ ᠨᠡᠶᠢᠴᠡᠭᠰᠡᠨ | ᠭᠠᠵᠠᠷ ᠣᠷᠣᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠪᠠᠶᠢᠭᠤᠯᠭ᠎ᠠ ᠨᠢᠭᠡᠴᠢ ᠠᠴᠠ ᠲᠤᠰᠢᠶᠠᠬᠤ ᠬᠡᠰᠡᠭ ᠢ 3 ᠰᠠᠷ᠎ᠠ ᠬᠤᠶᠢᠰᠢᠯᠠᠭᠤᠯᠬᠤ ᠶᠢ ᠵᠥᠪᠰᠢᠶᠡᠷᠡᠵᠦ᠂ | ᠬᠡᠪᠴᠢᠶ᠎ᠡ ᠨᠢ ᠪᠠᠷᠤᠭ 1500 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠳᠤ ᠪᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠰᠢᠭᠤᠳ ᠬᠦᠷᠭᠡᠵᠦ᠂ ᠭᠤᠶᠤᠴᠢᠯᠠᠯ ᠠᠴᠠ | ᠭᠡᠯᠲᠦᠷᠢᠭᠦᠯᠦᠨ ᠳᠠᠷᠤᠢ ᠳᠤ ᠨᠢ ᠬᠦᠷᠲᠡᠭᠡᠬᠦ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠨᠢ ᠡᠮᠴᠢᠯᠡᠭᠡᠨ ᠤ | ᠳᠠᠭᠠᠳᠬᠠᠯ ᠤᠨ ᠬᠠᠷᠠᠭᠠᠯᠵᠠᠯ ᠢ ᠨᠥᠯᠥᠭᠡᠯᠡᠬᠦ ᠦᠭᠡᠢ᠂ ᠲᠠᠩᠰᠠ ᠲᠠᠶᠢᠯᠬᠤ ᠬᠠᠷᠢᠴᠠᠯ ᠪᠠ ᠡᠮ ᠤᠨ ᠵᠦᠢᠯ ᠤᠨ | ᠲᠥᠷᠥᠯ ᠵᠦᠢᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠲᠠᠶᠢᠯᠬᠤ ᠶᠣᠰᠣᠲᠠᠢ ᠶᠢ ᠨᠢ ᠪᠦᠬᠦᠨ ᠢ ᠲᠠᠶᠢᠯᠬᠤ ᠶᠢ | ᠦᠨᠡᠨ ᠬᠦ ᠪᠠᠲᠤᠯᠠᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ | ᠵᠥᠷᠢᠴᠡᠭᠰᠡᠨ ᠰᠦᠢᠳᠬᠡᠯ ᠬᠤᠷᠢᠶᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠮ | ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ᠂ ᠤᠰᠤ ᠴᠠᠬᠢᠯᠭᠠᠨ ᠬᠡᠢ ᠳᠤᠯᠠᠭᠠᠯᠭ᠎ᠠ᠂ ᠮᠥᠩᠭᠦᠨ ᠭᠦᠢᠯᠭᠡᠭᠡ᠂ ᠣᠷᠣᠨ | ᠨᠤᠲᠤᠭ ᠤᠨ ᠡᠳ᠋ ᠤᠨ ᠵᠠᠰᠠᠭ ᠠᠵᠤ ᠠᠬᠤᠢ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠪᠣᠯᠣᠨ | ᠵᠠᠭᠤᠴᠢ ᠪᠠᠶᠢᠭᠤᠯᠤᠮᠵᠢ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ 7 — 9 ᠳ᠋ᠦ᠋ᠭᠡᠷ ᠰᠠᠷ᠎ᠠ ᠳᠤ ᠥᠪᠡᠷ ᠢ ᠪᠠᠨ ᠪᠠᠶᠢᠴᠠᠭᠠᠨ ᠥᠪᠡᠷ ᠢ ᠪᠠᠨ ᠵᠠᠯᠠᠷᠠᠭᠤᠯᠵᠤ᠂ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠷ᠎ᠡ ᠪᠠᠷ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠂ | ᠵᠠᠷᠯᠢᠭᠳᠠᠨ ᠬᠦᠴᠦᠨ ᠦᠭᠡᠢ ᠪᠣᠯᠭᠠᠭᠰᠠᠨ ᠰᠦᠢᠳᠬᠡᠯ ᠢ ᠬᠤᠷᠢᠶᠠᠭᠰᠠᠨ᠂ ᠠᠯᠪᠠᠳᠠᠯᠭ᠎ᠠ ᠪᠠᠷ ᠬᠤᠯᠪᠣᠭᠳᠠᠭᠤᠯᠵᠤ | ᠳᠠᠭᠠᠯᠳᠤᠭᠤᠯᠤᠨ ᠬᠤᠳᠠᠯᠳᠤᠭᠰᠠᠨ᠂ ᠳᠤᠷ᠎ᠠ ᠪᠠᠷ ᠪᠠᠶᠢᠴᠠᠭᠠᠵᠤ ᠳᠤᠷ᠎ᠠ ᠪᠠᠷ ᠵᠣᠭᠤᠰ ᠢᠶᠠᠷ ᠲᠣᠷᠭᠠᠭᠰᠠᠨ ᠵᠡᠷᠭᠡ | ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠳᠤ ᠪᠠᠨ ᠴᠠᠭ ᠲᠤᠬᠠᠢ ᠳᠤ ᠨᠢ ᠬᠤᠯᠪᠣᠭᠠᠯᠠᠨ ᠪᠠᠶᠢᠴᠠᠭᠠᠬᠤ ᠶᠢ ᠥᠷᠨᠢᠭᠦᠯᠵᠦ᠂ ᠨᠡᠶᠢᠲᠡᠯᠢᠭ | ᠠᠰᠠᠭᠤᠳᠠᠯ ᠢ ᠴᠢᠩᠭ᠎ᠠ ᠰᠢᠢᠳᠪᠦᠷᠢᠯᠡᠬᠦ ᠶᠢᠨ ᠬᠠᠮᠲᠤ ᠢᠯᠡᠴᠢᠯᠡᠵᠦ᠂ ᠥᠭᠡᠷᠡᠴᠢᠯᠡᠯᠲᠡ ᠶᠢᠨ ᠠᠷᠭ᠎ᠠ ᠪᠠᠷ ᠣᠷᠳᠣ | ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠭᠦᠨ ᠤ | ᠬᠠᠮᠲᠤ᠂ ᠡᠯ᠎ᠡ ᠰᠠᠯᠠᠭ᠎ᠠ ᠮᠥᠴᠢᠷ ᠤᠳ ᠪᠥᠬᠦ ᠲᠠᠯ᠎ᠠ ᠶᠢᠨ ᠤᠬᠠᠮᠰᠠᠷ᠂ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠬᠤ ᠦᠵᠡᠯᠲᠡ ᠲᠠᠢ ᠪᠠᠶᠢᠵᠤ᠂ ᠲᠣᠰ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠪᠠ | ᠪᠠᠲᠤᠯᠠᠭ᠎ᠠ ᠶᠢᠨ ᠮᠥᠩᠭᠦ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠵᠠᠷᠴᠢᠮ ᠳᠡᠭᠡᠷ᠎ᠡ ᠪᠠᠨ ᠨᠢᠭᠡ ᠤᠯᠠᠷᠢᠯ | ᠬᠤᠶᠢᠰᠢᠯᠠᠭᠤᠯᠤᠨ ᠲᠤᠰᠢᠶᠠᠵᠤ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ | ᠪᠠᠶᠢᠬᠤ ᠬᠡᠷᠡᠭᠲᠡᠢ᠃ ᠬᠤᠶᠢᠰᠢᠯᠠᠭᠤᠯᠤᠨ ᠲᠤᠰᠢᠶᠠᠬᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠪᠠ ᠨᠡᠶᠢᠲᠡᠯᠡᠬᠦ ᠶᠢᠨ | ᠬᠠᠮᠲᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠵᠦ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠬᠡᠷᠡᠭᠲᠡᠢ | ᠭᠡᠵᠡᠢ᠃ | |