ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠪᠡᠯ᠂ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠱᠠᠯᠠᠪᠳᠠᠭᠤᠯᠤᠨ ᠪᠠᠶᠢᠴᠠᠭᠠᠬᠤ | ᠤᠷᠤᠵᠤ ᠰᠠᠭᠤᠬᠤ ᠴᠠᠭ ᠨᠢ 1 ᠰᠠᠷ᠎ᠠ ᠪᠣᠯᠤᠨ᠎ᠠ᠃ | ᠤᠷᠤᠵᠤ ᠰᠠᠭᠤᠬᠤ ᠬᠤᠭᠤᠴᠠᠭᠠᠨ ᠳᠤ ︵2022 ᠣᠨ ᠤ 3 ᠰᠠᠷ᠎ᠠ ᠶᠢᠨ 25 ᠤ ᠡᠳᠦᠷ — 4 | ᠰᠠᠷ᠎ᠠ ᠶᠢᠨ 25 ᠤ ᠡᠳᠦᠷ ᠪᠤᠯᠲᠠᠯ᠎ᠠ︶ ᠲᠤᠰᠬᠠᠶ ᠵᠢᠵᠢᠭᠦᠷᠯᠡᠬᠦ ᠤᠲᠠᠰᠤ᠄ 0471 — 6960015᠃ | ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠢᠯᠡᠴᠢᠯᠡᠨ ᠮᠡᠳᠡᠭᠦᠯᠬᠦ ᠤᠲᠠᠰᠤ ᠶᠢ ᠬᠦᠯᠢᠶᠡᠨ ᠠᠪᠬᠤ | ᠴᠠᠭ ᠨᠢ ᠡᠳᠦᠷ ᠪᠦᠷᠢ ᠶᠢᠨ 8᠄ 00 — 20᠄ 00 ᠪᠣᠯᠤᠨ᠎ᠠ᠃ | ᠲᠤᠰᠬᠠᠶ ᠰᠢᠤᠳᠠᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | A900 ᠨᠣᠮᠧᠷᠲᠤ ᠰᠢᠤᠳᠠᠨ ᠬᠠᠶᠢᠷᠴᠠᠭ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠪᠠ ᠱᠠᠯᠠᠪᠳᠠᠭᠤᠯᠤᠨ | ᠪᠠᠶᠢᠴᠠᠭᠠᠬᠤ ᠳᠤᠭᠤᠢᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠥᠪ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠭᠤᠤᠯᠳᠠᠭᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ | ᠢᠷᠡᠬᠦᠯᠵᠤ ᠤᠲᠠᠰᠤ ᠢᠷᠡᠬᠦᠯᠬᠦ ᠪᠠ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ | ᠰᠢᠢᠳᠪᠦᠷᠢᠯᠡᠨ᠎ᠡ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠥᠬᠡᠶ ᠪᠤᠰᠤᠳ ᠵᠠᠬᠢᠳᠠᠯ | ᠰᠤᠷᠪᠤᠯᠵᠢᠯᠠᠯ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠲᠣᠭᠲᠠᠭᠠᠯ ᠶᠣᠰᠣᠭᠠᠷ ᠱᠠᠯᠠᠪᠳᠠᠭᠤᠯᠤᠨ ᠪᠠᠶᠢᠴᠠᠭᠠᠭᠳᠠᠬᠤ | ᠭᠠᠵᠠᠷ ᠣᠷᠣᠨ ᠳᠤ ᠲᠤᠰᠢᠶᠠᠨ ᠥᠭᠴᠦ ᠰᠢᠢᠳᠪᠦᠷᠢᠯᠡᠬᠦᠯᠦᠨ᠎ᠡ᠃ |