ᠰᠢ ᠶᠢᠨ ᠫᠢᠩ ᠨᠥᠬᠦᠷ ᠤᠨ ︽ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2022/11/22
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠥᠭᠦᠯᠡᠬᠦ ᠨᠢ︾ ᠭᠡᠬᠦ ᠨᠣᠮ ᠢ ᠤᠢᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃       ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠨᠠᠮ ᠤᠨ ᠵᠠᠯᠠᠭᠤᠴᠤᠳ ᠤᠨ ᠠᠵᠢᠯ ᠤᠨ ᠲᠤᠬᠠᠢ 60 ᠴᠢᠬᠤᠯᠠ ᠵᠣᠬᠢᠶᠠᠯ ᠢ ᠣᠷᠣᠭᠤᠯᠪᠠ᠃ ᠡᠭᠦᠨ ᠳᠤ ᠬᠡᠰᠡᠭ ᠵᠣᠬᠢᠶᠠᠯ ᠢ ᠨᠢ ᠠᠩᠬ᠎ᠠ ᠤᠳᠠᠭ᠎ᠠ ᠢᠯᠡ ᠨᠡᠶᠢᠲᠡᠯᠡᠵᠦ ᠪᠠᠶᠢᠨ᠎ᠠ᠃       ᠵᠠᠯᠠᠭᠤᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠰᠠ ᠴᠤ ᠨᠠᠮ ᠤᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠃ ᠥᠷᠭᠡᠨ ᠤᠯᠠᠨ ᠵᠠᠯᠠᠭᠤᠴᠤᠳ ᠢ ᠲᠥᠯᠥᠭᠡᠯᠡᠵᠦ᠂ ᠥᠷᠭᠡᠨ ᠤᠯᠠᠨ ᠵᠠᠯᠠᠭᠤᠴᠤᠳ ᠤᠨ ᠬᠦᠷᠢᠶᠡᠯᠡᠯ ᠢ ᠣᠯᠵᠤ᠂ ᠥᠷᠭᠡᠨ ᠤᠯᠠᠨ ᠵᠠᠯᠠᠭᠤᠴᠤᠳ ᠲᠤ ᠲᠦᠰᠢᠭᠯᠡᠬᠦ ᠪᠣᠯ ᠮᠠᠨ ᠤ ᠨᠠᠮ ᠤᠨ ᠢᠯᠠᠯᠲᠠ ᠠᠴᠠ ᠢᠯᠠᠯᠲᠠ ᠵᠦᠭ ᠲᠠᠰᠤᠷᠠᠯᠳᠠ ᠦᠭᠡᠢ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠦᠢᠯᠡᠰ ᠤᠨ ᠦᠶ᠎ᠡ ᠳᠠᠮᠵᠢᠨ ᠤᠯᠠᠮᠵᠢᠯᠠᠭᠳᠠᠬᠤ ᠪᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢ ᠦᠨᠡᠨ ᠬᠦ ᠪᠠᠲᠤᠯᠠᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠲᠥᠪ ᠤᠨ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠢᠨ᠎ᠡ ᠳᠤᠮᠳᠠᠳᠤ ᠤᠯᠤᠰ ᠤᠨ ᠲᠡᠦᠬᠡᠨ ᠳᠡᠭᠡᠷᠡᠬᠢ ᠠᠩᠬᠠᠳᠠᠭᠴᠢ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠵᠦ᠂ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠨᠠᠮ ᠤᠨ ᠲᠥᠪ ᠬᠤᠷᠢᠶᠠᠨ ᠤ ᠨᠡᠷ᠎ᠡ ᠪᠠᠷ ᠨᠡᠶᠢᠲᠡᠯᠡᠭᠰᠡᠨ ᠪᠠᠭᠠᠴᠤᠳ‌‍ᠤᠨ ᠬᠤᠰᠢᠭᠤᠴᠢ ᠠᠩᠬᠢ ᠶᠢᠨ ᠠᠵᠢᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢ ᠪᠠᠶᠢᠷᠢᠯᠠᠭᠤᠯᠵᠤ᠂ ᠵᠠᠯᠠᠭᠤᠴᠤᠳ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠤᠯᠬᠤ ᠶᠢ ᠠᠬᠢᠭᠤᠯᠪᠠ᠃ ᠰᠢ ᠶᠢᠨ ᠫᠢᠩ ᠨᠥᠬᠦᠷ ᠤᠨ ᠨᠠᠮ ᠤᠨ ᠵᠠᠯᠠᠭᠤᠴᠤᠳ ᠤᠨ ᠠᠵᠢᠯ ᠤᠨ ᠲᠣᠭᠤᠷᠢᠨ ᠳᠤ ᠨᠡᠶᠢᠲᠡᠯᠡᠭᠰᠡᠨ ᠴᠢᠬᠤᠯᠠ ᠥᠭᠦᠯᠡᠯᠲᠡ ᠨᠦᠭᠦᠳ ᠨᠢ ᠨᠠᠮ ᠤᠨ ᠵᠠᠯᠠᠭᠤᠴᠤᠳ ᠤᠨ ᠠᠵᠢᠯ ᠤᠨ ᠪᠠᠶᠢᠷᠢ ᠰᠠᠭᠤᠷᠢ ᠦᠶ᠋ᠯᠡᠳᠦᠯ᠂ ᠬᠠᠷᠠᠯᠲᠠ ᠡᠭᠦᠷᠭᠡ᠂ ᠡᠭᠦᠷᠭᠡ ᠬᠠᠷᠢᠭᠤᠴᠠᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠦᠭᠦᠯᠡᠨ ᠳᠤᠳᠤᠷᠬᠠᠶᠢᠯᠠᠵᠤ᠂ ᠰᠢᠨ᠎ᠡ ᠴᠠᠭ ᠦᠶ᠎ᠠ ᠳᠤ ᠶᠠᠮᠠᠷ ᠶᠠᠩᠵᠤ ᠶᠢᠨ ᠵᠠᠯᠠᠭᠤᠴᠤᠳ ᠢ ᠬᠥᠮᠦᠵᠢᠭᠦᠯᠬᠦ᠂ ᠵᠠᠯᠠᠭᠤᠴᠤᠳ ᠢ ᠬᠡᠷᠬᠢᠨ ᠬᠥᠮᠦᠵᠢᠭᠦᠯᠬᠦ᠂ ᠶᠠᠮᠠᠷ ᠶᠠᠩᠵᠤ ᠶᠢᠨ ᠡᠪ ᠬᠠᠮᠲᠤ ᠵᠠᠯᠠᠭᠤᠴᠤᠳ ᠤᠨ ᠡᠪᠯᠡᠯ ᠢ ᠪᠠᠶᠢᠭᠤᠯᠬᠤ᠂ ᠡᠪ ᠬᠠᠮᠲᠤ ᠵᠠᠯᠠᠭᠤᠴᠤᠳ ᠤᠨ ᠡᠪᠯᠡᠯ ᠢ ᠬᠡᠷᠬᠢᠨ ᠪᠠᠶᠢᠭᠤᠯᠬᠤ ᠵᠡᠷᠭᠡ ᠴᠢᠭᠯᠡᠯ ᠤᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠰᠡᠳᠦᠪ ᠲᠤ ᠭᠦᠨᠵᠡᠭᠡᠢ ᠬᠠᠷᠢᠭᠤᠯᠳᠠ ᠦᠭᠴᠤ᠂ ᠮᠠᠨ ᠤ ᠨᠠᠮ ᠤᠨ ᠵᠠᠯᠠᠭᠤᠴᠤᠳ ᠤᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠳᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠭᠡᠵᠤ᠂ ᠰᠢᠨ᠎ᠡ ᠴᠠᠭ ᠦᠶ᠎ᠡ ᠶᠢᠨ ᠨᠠᠮ ᠤᠨ ᠵᠠᠯᠠᠭᠤᠴᠤᠳ ᠤᠨ ᠠᠵᠢᠯ‌ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠬᠦᠨ᠂ ᠦᠨᠳᠦᠰᠦᠨ ᠵᠢᠷᠤᠮᠯᠠᠯ ᠬᠠᠩᠭᠠᠵᠤ᠂ ᠥᠷᠭᠡᠨ ᠣᠯᠠᠨ ᠵᠠᠯᠠᠭᠤᠴᠤᠳ ᠢ ᠨᠡᠩ ᠰᠠᠶᠢᠳᠤᠷ ᠪᠦᠯᠬᠦᠮᠳᠡᠭᠦᠯᠵᠤ᠂ ᠵᠤᠬᠢᠶᠠᠨ ᠪᠠᠶᠢᠭᠤᠯᠵᠤ᠂ ᠳᠠᠶᠢᠴᠢᠯᠠᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠬᠡᠯᠰᠢᠬᠦᠯᠬᠦ ᠶᠢᠨ ᠲᠥᠯᠥᠭᠡ ᠲᠡᠮᠡᠴᠡᠭᠦᠯᠬᠦ ᠳᠤ ᠮᠠᠰᠢ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号