ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠬᠦᠯᠡᠭᠴᠢ ᠰᠢ ᠶᠢᠨ ᠫᠢᠩ ᠤᠶᠢᠷ᠎ᠠ ᠳᠤ ᠰᠦᠯᠵᠢᠶᠠᠨ ᠢᠷᠭᠡᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ | ᠬᠤᠯᠪᠤᠬᠳᠠᠯ ᠪᠦᠬᠦᠢ ᠠᠵᠢᠯ ᠳᠠᠬᠢ ᠰᠠᠨᠠᠯ ᠰᠠᠨᠠᠭᠤᠯᠭ᠎ᠠ ᠶᠢ ᠰᠤᠳᠤᠯᠤᠨ ᠰᠢᠩᠭᠡᠭᠡᠨ ᠠᠪᠬᠤ ᠲᠤᠬᠠᠢ ᠴᠢᠬᠤᠯᠠ | ᠵᠢᠭᠠᠪᠤᠷᠢ ᠦᠭᠴᠤ᠂ ᠨᠠᠮ ᠤᠨ ᠬᠤᠷᠢᠳᠤᠭᠠᠷ ᠶᠡᠭᠡ ᠬᠤᠷᠠᠯ ᠪᠤᠯ ᠨᠠᠮ ᠪᠤᠯᠤᠨ ᠤᠯᠤᠰ ᠤᠨ ᠤᠯᠤᠰ ᠲᠦᠷᠦ ᠶᠢᠨ | ᠠᠮᠢᠳᠤᠷᠠᠯ ᠲᠤᠮᠳᠠᠬᠢ ᠨᠢᠭᠡᠨ ᠲᠤᠮᠤ ᠶᠠᠪᠤᠳᠠᠯ ᠮᠦᠨ᠃ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠯᠪᠣᠭᠳᠠᠯ ᠪᠦᠬᠦᠢ ᠠᠵᠢᠯ ᠤᠨ ᠲᠤᠭᠤᠷᠢᠨ ᠳᠤ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠪᠣᠯ ᠪᠦᠬᠦ | ᠨᠠᠮ ᠪᠦᠬᠦ ᠨᠡᠶᠢᠭᠡᠮ ᠢᠶᠠᠷ ᠢᠶᠠᠨ ᠤᠯᠤᠰ ᠤᠷᠤᠨ ᠤ ᠬᠥᠭᠵᠢᠯᠲᠡ᠂ ᠦᠨᠳᠦᠰᠦᠲᠡᠨ ᠤ ᠰᠡᠷᠭᠦᠨ ᠮᠠᠨᠳᠤᠯᠲᠠ ᠳᠤ | ᠠᠷᠭ᠎ᠠ ᠤᠬᠠᠭᠠᠨ ᠭᠠᠷᠭᠠᠵᠤ ᠥᠭᠬᠦ ᠨᠢᠭᠡ ᠵᠦᠢᠯ ᠤᠨ ᠪᠦᠲᠦᠮᠵᠢᠲᠡᠢ ᠠᠷᠭ᠎ᠠ ᠬᠡᠯᠪᠡᠷᠢ ᠪᠤᠯᠬᠤ ᠪᠦᠭᠡᠳ ᠪᠠᠰᠠ ᠴᠤ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠠᠮᠢᠳᠤᠯᠢᠭ ᠢᠯᠡᠷᠡᠯ ᠮᠥᠨ᠃ ᠡᠨᠡ ᠤᠳᠠᠭ᠎ᠠ ᠶᠢᠨ | ᠠᠵᠢᠯᠯᠠᠭ᠎ᠠ ᠶᠢ ᠥᠷᠭᠡᠨ ᠤᠯᠠᠨ ᠺᠠᠳ᠋ᠷ ᠤᠯᠠᠨ ᠲᠦᠮᠡᠨ ᠬᠠᠯᠠᠭᠤᠨ ᠢᠶᠠᠷ ᠠᠩᠬᠠᠷᠤᠨ ᠢᠳᠡᠪᠬᠢᠲᠡᠢ ᠣᠷᠣᠯᠴᠠᠵᠤ᠂ | ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠂ ᠬᠤᠯᠪᠣᠭᠳᠠᠯ ᠪᠦᠬᠦᠢ ᠲᠠᠯ᠎ᠠ ᠶᠢᠨ ᠬᠢᠨ | ᠬᠢᠨᠠᠮᠠᠭᠠᠢ ᠰᠤᠳᠤᠯᠵᠤ᠂ ᠭᠦᠢᠴᠡᠳ ᠰᠢᠩᠭᠡᠭᠡᠨ ᠠᠪᠬᠤ ᠬᠡᠷᠡᠭᠲᠡᠢ᠃ ᠡᠨᠡ ᠤᠳᠠᠭ᠎ᠠ ᠶᠢᠨ ᠠᠵᠢᠯᠯᠠᠭ᠎ᠠ ᠶᠢᠨ | ᠠᠮᠵᠢᠯᠲᠠ ᠲᠠᠢ ᠠᠷᠭ᠎ᠠ ᠬᠢᠳᠡᠯ ᠢ ᠳ᠋ᠦᠩᠨᠡᠵᠦ᠂ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠢᠨᠲ᠋ᠧᠷ ᠰᠦᠯᠵᠢᠶ᠎ᠡ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠡᠷᠡᠭᠴᠡᠭᠡ | ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠨᠡᠩ ᠰᠠᠶᠢᠲᠤᠷ | ᠠᠷᠠᠳ ᠤᠨ ᠬᠦᠰᠡᠯ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠬᠦᠨᠳᠦᠳᠭᠡᠵᠦ᠂ ᠠᠷᠠᠳ ᠤᠨ ᠰᠡᠳᠭᠢᠯ ᠳᠤ | ᠨᠡᠶᠢᠴᠡᠭᠦᠯᠵᠦ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠤ | ᠴᠢᠬᠤᠯᠠᠴᠢᠯᠠᠪᠠ᠃ | ᠶᠡᠷᠦᠩᠬᠡᠶ ᠱᠦᠵᠢ ᠰᠢ ᠶᠢᠨ ᠫᠢᠩ ᠤᠨ ᠡᠨᠡ ᠵᠢᠯ ᠤᠨ 2 ᠳ᠋ᠤᠭᠠᠷ ᠰᠠᠷ᠎ᠠ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠦᠨᠳᠦᠰᠦᠯᠡᠨ᠂ ᠨᠠᠮ ᠤᠨ ᠬᠤᠷᠢᠳᠤᠭᠠᠷ ᠶᠡᠭᠡ ᠬᠤᠷᠠᠯᠤᠨ ᠬᠤᠯᠪᠣᠭᠳᠠᠯ ᠪᠥᠬᠦᠶ ᠠᠵᠢᠯ ᠳᠤ | ᠰᠦᠯᠵᠢᠶᠡᠨ ᠲᠡᠬᠡᠷ᠎ᠡ ᠰᠠᠨᠠᠯ ᠬᠤᠷᠢᠶᠠᠬᠤ ᠠᠵᠢᠯᠯᠠᠭ᠎ᠠ ᠶᠢ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 16 ᠤ | ᠡᠳᠦᠷ ᠪᠣᠯᠲᠠᠯ᠎ᠠ ᠥᠷᠨᠢᠭᠦᠯᠵᠦ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ | ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠬᠠᠷᠢᠶ᠎ᠠ ᠠᠯᠪᠠᠨ ᠤ ᠰᠦᠯᠵᠢᠶ᠎ᠡ᠂ ᠰᠣᠨᠢᠨ ᠮᠡᠳᠡᠭᠡᠨ ᠤ ᠰᠢᠯᠵᠢᠶ᠎ᠠ | ᠵᠢᠴᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠳᠤ ᠲᠣᠰ ᠲᠣᠰ ᠲᠤᠰᠬᠠᠶ | ᠪᠤᠯᠤᠩ ᠭᠠᠷᠭᠠᠵᠤ᠂ ᠨᠡᠶᠢᠭᠡᠮ ᠳᠠᠶᠠᠭᠠᠷ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠠᠵᠢᠯᠯᠠᠭ᠎ᠠ ᠨᠢ ᠥᠷᠭᠡᠨ ᠤᠯᠠᠨ | ᠠᠷᠠᠳ ᠲᠦᠮᠡᠨ ᠤ ᠥᠷᠭᠡᠨ ᠳᠡᠯᠭᠡᠷ ᠠᠩᠬᠠᠷᠤᠯ ᠪᠠ ᠤᠷᠤᠯᠴᠠᠯᠭ᠎ᠠ ᠶᠢ ᠣᠯᠵᠤ᠂ ᠰᠦᠯᠵᠢᠶᠡᠨ ᠢᠷᠭᠡᠳ ᠤᠨ | ᠳᠤᠷᠠᠳᠤᠭᠰᠠᠨ 854.2 ᠲᠦᠮᠡᠨ ᠵᠤᠷᠪᠤᠰ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠳᠤ ᠠᠰᠢᠭᠲᠠᠢ ᠯᠠᠪᠯᠠᠯᠲᠠ ᠬᠠᠩᠭᠠᠪᠠ᠃ | |