ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 27 ᠤ ᠡᠳᠦᠷ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ | ᠪᠤᠳᠠᠭ᠎ᠠ ᠳᠠᠷᠢᠬᠤ ᠲᠣᠮᠣ ᠡᠷᠦᠬᠡ ᠰᠢᠤᠢ ᠼᠦᠩ ᠰᠢᠶᠠᠩ ᠳᠤ ᠬᠠᠷᠢᠭᠤ ᠵᠠᠬᠢᠳᠠᠯ ᠢᠯᠡᠭᠡᠵᠦ᠂ ᠲᠤᠬᠠᠶ ᠶᠢᠨ | ᠭᠠᠵᠠᠷ ᠤᠨ ᠨᠤᠲᠤᠭ ᠤᠨ ᠠᠬ᠎ᠠ ᠳᠡᠭᠦᠦ ᠨᠡᠷ ᠲᠤ ᠮᠡᠨᠳᠦᠴᠢᠯᠡᠯ ᠳᠡᠪᠰᠢᠭᠦᠯᠵᠦ᠂ ᠪᠥᠬᠦ ᠤᠯᠤᠰ ᠤᠨ ᠠᠮᠤ ᠪᠤᠳᠠᠭ᠎ᠠ | ᠳᠠᠷᠢᠬᠤ ᠲᠣᠮᠣ ᠡᠷᠦᠬᠡ ᠳᠤ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠴᠠᠶ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠠᠨᠾᠦ᠋ᠢ ᠮᠤᠵᠢ ᠶᠢᠨ ᠲᠠᠢ ᠾᠧ ᠰᠢᠶᠠᠨ ᠤ ᠠᠮᠤ ᠪᠤᠳᠠᠭ᠎ᠠ | ᠳᠠᠷᠢᠬᠤ ᠴᠢᠳᠠᠪᠤᠷᠢᠲᠠᠨ ᠳᠠᠨ ᠢ ᠪᠢ ᠴᠡᠭᠡᠵᠢᠯᠡᠵᠦ ᠪᠠᠶᠢᠨ᠎ᠠ᠃ ᠲᠠᠨ ᠤ ᠭᠡᠷ ᠤᠨ ᠲᠠᠷᠢᠭᠰᠠᠨ ᠪᠣᠭᠤᠳᠠᠶ ᠡᠯᠪᠡᠭ | ᠬᠤᠷᠢᠶᠠᠯᠲᠠ ᠣᠯᠵᠤ᠂ ᠦᠷ᠎ᠡ ᠬᠡᠦᠬᠡᠳ ᠴᠢᠨᠢ ᠪᠠᠰᠠ ᠳᠠᠨ ᠢ ᠳᠠᠭᠠᠵᠤ ᠬᠦᠳᠡᠭᠡ ᠠᠵᠤ ᠠᠬᠤᠢ ᠬᠢᠭᠰᠡᠨ ᠢ | ᠰᠤᠨᠤᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠬᠦᠮᠦᠷᠬᠡ ᠳᠡᠭᠡᠨ ᠠᠮᠤ ᠲᠠᠢ ᠪᠤᠯ ᠪᠠᠯᠢᠳᠠᠬᠤ ᠦᠬᠡᠢ ᠶᠤᠮ᠃ ᠠᠮᠤ ᠪᠤᠳᠠᠭᠠᠨ ᠤ | ᠦᠶ᠋ᠯᠡᠳᠪᠦᠷᠢᠯᠡᠯ ᠢ ᠪᠢ ᠶᠡᠷᠦ ᠠᠴᠠ ᠠᠩᠬᠠᠷᠤᠭᠰᠠᠭᠠᠷ ᠢᠷᠡᠵᠤ᠂ ᠦᠨᠳᠦᠰᠦᠨ ᠱᠠᠲᠤᠨ ᠳᠤ ᠪᠠᠶᠢᠴᠠᠭᠠᠨ | ᠰᠤᠳᠤᠯᠬᠤ ᠳᠠᠭᠠᠨ ᠴᠦ ᠦᠷᠭᠦᠯᠵᠢ ᠲᠠᠷᠢᠶᠠᠨ ᠵᠠᠬ᠎ᠠ ᠳᠤ ᠣᠴᠢᠵᠤ ᠦᠵᠡᠳᠡᠭ᠃ ᠡᠲᠡᠭᠡᠷ ᠵᠢᠯ ᠤᠳ ᠲᠤ᠂ ᠨᠠᠮ ᠤᠨ | ᠲᠥᠪ ᠬᠤᠷᠢᠶ᠎ᠠ ᠠᠴᠠ ᠠᠮᠤ ᠪᠤᠳᠠᠭᠠᠨ ᠤ ᠦᠶ᠋ᠯᠡᠳᠪᠦᠷᠢᠯᠡᠯ ᠢ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠡᠶᠢᠲᠡᠯᠡᠭᠰᠡᠨ ᠨᠢ ᠳᠠᠷᠤᠶ ᠳᠤᠮᠳᠠᠳᠤ ᠤᠯᠤᠰ ᠤᠨ ᠬᠥᠮᠦᠰ ᠪᠤᠳᠠᠭᠠᠨ ᠠᠶᠠᠭ᠎ᠠ ᠪᠠᠨ ᠥᠪᠡᠷ ᠤᠨ | ᠭᠠᠷ ᠲᠠᠭᠠᠨ ᠪᠠᠲᠤ ᠡᠵᠡᠮᠳᠡᠵᠥ᠂ ᠠᠮᠤ ᠪᠤᠳᠠᠭ᠎ᠠ ᠳᠠᠷᠢᠬᠰᠠᠨ ᠲᠠᠷᠢᠶᠠᠴᠢᠳ ᠲᠤ ᠤᠯᠬᠤ ᠵᠣᠭᠤᠰ ᠲᠠᠢ᠂ ᠠᠰᠢᠭ | ᠭᠥᠷᠳᠡᠬᠦ ᠪᠤᠯᠭᠠᠵᠥ᠂ ᠠᠮᠢᠳᠤᠷᠠᠯ ᠢ ᠨᠢ ᠶᠠᠪᠤᠬᠤ ᠲᠤᠲᠤᠮ ᠰᠠᠶᠢᠵᠢᠷᠠᠭᠤᠯᠬᠤ ᠶᠢᠨ ᠲᠥᠯᠥᠭᠡ ᠶᠤᠮ᠃ ᠠᠮᠤ ᠪᠤᠳᠠᠭ᠎ᠠ | ᠳᠠᠷᠢᠬᠤ ᠲᠣᠮᠣ ᠡᠷᠦᠬᠡ ᠬᠡᠪᠴᠢᠶᠡᠵᠢᠯ ᠤᠨ ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠢᠳᠡᠪᠬᠢᠲᠡᠶ ᠬᠡᠷᠡᠭᠯᠡᠵᠦ᠂ ᠥᠷᠭᠡᠨ ᠣᠯᠠᠨ ᠵᠢᠵᠢᠭ | ᠲᠠᠷᠢᠶᠠᠯᠠᠬᠤ ᠡᠷᠦᠬᠡ ᠶᠢ ᠳᠠᠶᠢᠴᠢᠯᠠᠨ ᠠᠮᠤ ᠪᠤᠳᠠᠭ᠎ᠠ ᠠᠷᠪᠢᠨ ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠵᠤ᠂ | ᠬᠠᠮᠲᠤ ᠪᠠᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢᠤᠢ ᠼᠦᠩ ᠰᠢᠶᠠᠩ ᠪᠣᠯ ᠠᠨᠾᠦ᠋ᠢ ᠮᠤᠵᠢ ᠶᠢᠨ ᠹᠦᠶᠠᠩ ᠬᠤᠲᠠ ᠶᠢᠨ ᠲᠠᠢ ᠾᠧ ᠰᠢᠶᠠᠨ ᠤ ᠵᠢᠦ ᠰᠢᠶᠠᠨ | ᠪᠠᠯᠭᠠᠰᠤᠨ ᠤ ᠵᠠᠩ ᠬᠤᠸᠠᠢ ᠲᠣᠰᠬᠤᠨ ᠤ ᠲᠠᠷᠢᠶᠠᠴᠢᠨ ᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠨᠢᠭᠡ ᠯᠡ ᠰᠡᠳᠭᠢᠯ ᠢᠶᠠᠷ ᠰᠤᠳᠤᠯᠤᠬᠰᠠᠭᠠᠷ ᠢᠷᠠᠵᠥ᠂ 2010 ᠣᠨ ᠳᠤ ᠲᠠᠷᠢᠶᠠᠯᠠᠩ ᠤᠨ ᠲᠠᠷᠢᠮᠠᠯ ᠤᠨ | ᠲᠤᠰᠬᠠᠢ ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ᠠᠭᠠᠵᠢᠮ ᠢᠶᠠᠷ ᠲᠤᠬᠠᠢ ᠶᠢᠨ ᠭᠠᠵᠠᠷ ᠤᠨ ᠠᠮᠤ ᠪᠤᠳᠠᠭ᠎ᠠ | ᠲᠠᠷᠢᠬᠤ ᠲᠤᠮᠤ ᠡᠷᠦᠭᠡ ᠪᠤᠯᠵᠤ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠠᠮᠤ | ᠪᠤᠳᠠᠭ᠎ᠠ ᠲᠠᠷᠢᠬᠤ ᠪᠢᠶᠤᠤᠪᠢᠩ ᠵᠡᠷᠭᠡ ᠢᠷᠠᠭᠤ ᠠᠯᠳᠠᠷ ᠢ ᠬᠦᠷᠳᠡᠵᠠᠢ᠃ 2011 ᠣᠨ ᠤ 4 ᠰᠠᠷ᠎ᠠ ᠳᠤ᠂ ᠰᠢ ᠶᠢᠨ | ᠫᠢᠩ ᠵᠠᠩ ᠬᠤᠸᠠᠢ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠤᠢ ᠼᠦᠩ ᠰᠢᠶᠠᠩ ᠬᠢᠭᠡᠳ ᠲᠡᠬᠦᠨ ᠤ | ᠨᠤᠲᠤᠭ ᠤᠨ ᠠᠬ᠎ᠠ ᠳᠡᠭᠦᠦ ᠨᠡᠷ ᠠᠴᠠ ᠪᠤᠭᠤᠳᠠᠢ ᠲᠠᠷᠢᠵᠤ ᠪᠠᠶᠢᠭ᠎ᠠ ᠪᠠᠶᠢᠳᠠᠯ ᠢ ᠨᠢ ᠣᠶᠢᠯᠠᠭᠠᠪᠠ᠃ ᠣᠶᠢᠷ᠎ᠠ ᠳᠤ᠂ | ᠰᠢᠤᠢ ᠼᠦᠩ ᠰᠢᠶᠠᠩ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠠᠷᠪᠠ ᠭᠠᠷᠤᠶ ᠵᠢᠯ ᠤᠨ ᠲᠤᠷᠰᠢ | ᠠᠮᠤ ᠪᠤᠳᠠᠭᠠᠨ ᠤ ᠦᠶ᠋ᠯᠡᠳᠪᠦᠷᠢᠯᠡᠯ ᠢ ᠬᠢᠵᠦ᠂ ᠣᠯᠠᠨ ᠲᠦᠮᠡᠨ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠤᠭᠰᠠᠨ | ᠵᠡᠷᠭᠡ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠲᠠᠷᠢᠶᠠᠯᠠᠩ ᠢ ᠰᠤᠳᠤᠯᠤᠨ ᠨᠡᠭᠡᠭᠡᠵᠦ ᠳᠡᠯᠭᠡᠷᠡᠭᠦᠯᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠩ ᠣᠯᠠᠨ ᠲᠠᠷᠢᠶᠠᠴᠢᠨ ᠢ ᠳᠠᠶᠢᠴᠢᠯᠠᠨ ᠠᠮᠤ ᠪᠤᠳᠠᠭ᠎ᠠ ᠠᠷᠪᠢᠨ | ᠳᠠᠷᠢᠵᠤ᠂ ᠠᠮᠤ ᠪᠤᠳᠠᠭ᠎ᠠ ᠶᠢ ᠰᠠᠶᠢᠲᠤᠷ ᠳᠠᠷᠢᠬᠤ ᠡᠷᠡᠰ ᠵᠣᠷᠢᠭ ᠢᠶᠠᠨ ᠢᠯᠡᠳᠭᠡᠪᠡ᠃ |