ᠲᠦᠷᠦ ᠶᠢᠨ ᠪᠣᠳᠣᠯᠭ᠎ᠠ Q&A ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠠᠴᠠ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ | ᠶᠠᠪᠤᠳᠠᠯ ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠬᠦ ᠪᠠᠷ ᠰᠢᠢᠳᠪᠡ᠃ ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠭᠡᠷ 6 ᠳ᠋ᠤᠭᠠᠷ ᠰᠠᠷ᠎ᠠ ᠶᠢᠨ 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠲᠥᠷᠥ ᠶᠢᠨ ᠪᠣᠳᠣᠯᠭ᠎ᠠ ᠨᠡᠶᠢᠲᠡᠯᠡᠬᠦ ᠰᠣᠨᠢᠨ ᠮᠡᠳᠡᠭᠡᠨ ᠤ ᠵᠤᠷᠰᠢᠯᠲᠤ ᠬᠤᠷᠠᠯ ᠬᠤᠷᠠᠯᠳᠤᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠶᠠᠮᠠᠷ ᠶᠠᠮᠠᠷ ᠬᠦᠷᠢᠶ᠎ᠡ ᠶᠢ ᠴᠡᠭᠴᠡᠯᠡᠨ | ᠵᠠᠰᠠᠬᠤ ᠪᠣᠢ︖ ᠴᠡᠭᠴᠡᠯᠡᠨ ᠵᠠᠰᠠᠬᠤ ᠭᠤᠣᠯᠳᠠᠯᠭ᠎ᠠ ᠨᠢ ᠶᠠᠭᠤ ᠪᠣᠶ︖ ᠬᠠᠮᠲᠤ ᠪᠠᠷ ᠢᠶᠠᠨ ᠠᠩᠬᠠᠷᠴᠠᠭᠠᠶ᠎ᠠ︕ | Q1 | Q᠄ ᠡᠨᠡ ᠵᠢᠯ ᠤᠨ ᠥᠷᠨᠢᠭᠦᠯᠦᠭᠰᠡᠨ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠠᠵᠢᠯ ᠨᠢ ᠥᠩᠭᠡᠷᠡᠭᠰᠡᠨ ᠵᠢᠯ ᠤᠳ ᠠᠴᠠ ᠶᠠᠮᠠᠷ | ᠢᠯᠭᠠᠭ᠎ᠠ ᠲᠠᠢ ᠪᠣᠶ︖ | A᠄ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠲᠣᠰ ᠤᠳᠠᠭᠠᠨ ᠤ ᠠᠵᠢᠯᠯᠠᠭ᠎ᠠᠨᠢ 4 ᠲᠣᠪᠤᠶᠢᠮ᠎ᠠ | ᠣᠨᠴᠠᠯᠢᠭ ᠲᠠᠢ᠄ | ᠨᠢᠭᠡ ᠳᠤ᠂ ᠴᠡᠭᠴᠡᠯᠡᠨ ᠵᠠᠰᠠᠬᠤ ᠳᠤ ᠬᠤᠯᠪᠣᠭᠳᠠᠭᠰᠠᠨ ᠠᠭᠤᠯᠭ᠎ᠠ ᠨᠢ ᠨᠡᠩ ᠥᠷᠭᠡᠳᠪᠡ᠃ ᠠᠵᠤ | ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ | ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠢ ᠴᠡᠭᠴᠡᠯᠡᠨ ᠵᠠᠰᠠᠬᠤ ᠪᠠᠷ ᠪᠠᠷᠠᠬᠤ ᠦᠭᠡᠢ ᠤᠯᠤᠰ ᠪᠠ | ᠡᠯ᠎ᠡ ᠭᠠᠵᠠᠷ ᠤᠨ ᠨᠡᠶᠢᠲᠡᠯᠡᠭᠰᠡᠨ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠨ᠎ᠠ᠃ | ᠬᠤᠶᠠᠷ ᠲᠤ᠂ ᠬᠠᠮᠵᠢᠯᠴᠠᠨ ᠵᠠᠰᠠᠬᠤ ᠶᠢ ᠨᠡᠩ ᠴᠢᠬᠤᠯᠠᠴᠢᠯᠠᠪᠠ᠃ ᠠᠵᠢᠯ ᠤᠨ ᠳᠤᠮᠳᠠᠪᠠᠨ ᠡᠯ᠎ᠡ ᠭᠠᠵᠠᠷ | ᠣᠷᠣᠨ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠬᠤᠯᠠᠴᠢᠯᠠᠵᠤ᠂ ᠬᠦᠷᠢᠶ᠎ᠡ ᠴᠠᠷᠠᠭ᠎ᠠ ᠪᠠ | ᠭᠠᠵᠠᠷ ᠣᠷᠣᠨ ᠬᠤᠪᠢᠶᠠᠨ ᠥᠪᠡᠷ ᠢ ᠪᠠᠨ ᠪᠠᠶᠢᠴᠠᠭᠠᠬᠤ᠂ ᠬᠠᠮᠲᠤᠷᠠᠨ ᠰᠤᠭᠤᠴᠢᠨ ᠪᠠᠶᠢᠴᠠᠭᠠᠬᠤ ᠵᠡᠷᠭᠡ ᠠᠷᠭ᠎ᠠ ᠪᠠᠷ | ᠶᠡᠷᠦᠩᠬᠡᠶᠢᠯᠡᠨ ᠴᠡᠭᠴᠡᠯᠡᠨ ᠵᠠᠰᠠᠵᠤ᠂ ᠢᠯᠡᠷᠡᠭᠦᠯᠦᠭᠰᠡᠨ ᠠᠰᠠᠭᠤᠳᠠᠯ ᠳᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ | ᠠᠷᠭ᠎ᠠ ᠪᠠᠷ ᠬᠤᠯᠪᠤᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠭᠤᠷᠪᠠ ᠳᠤ᠂ ᠨᠡᠶᠢᠭᠡᠮ ᠤᠨ ᠬᠢᠨᠠᠯᠲᠠ ᠶᠢ ᠨᠡᠩ ᠴᠢᠬᠤᠯᠠᠴᠢᠯᠠᠪᠠ᠃ ᠨᠢᠭᠡᠨᠲᠡ ᠨᠡᠶᠢᠲᠡᠯᠡᠭᠰᠡᠨ ᠲᠥᠷᠥ ᠶᠢᠨ | ᠪᠣᠳᠣᠯᠭ᠎ᠠ ᠶᠢᠨ ᠲᠤᠬᠠᠢ ᠤᠬᠠᠭᠤᠯᠭ᠎ᠠ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠵᠤ᠂ ᠡᠷᠬᠡ ᠠᠰᠢᠭ ᠢᠶᠠᠨ | ᠬᠠᠮᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠂ ᠰᠠᠨᠠᠭᠠᠴᠢᠯᠠᠭ᠎ᠠ ᠠᠴᠠ ᠪᠠᠨ ᠲᠣᠰ ᠪᠡᠶ᠎ᠡ ᠶᠢᠨ ᠡᠷᠬᠡ ᠠᠰᠢᠭ ᠢᠶᠠᠨ | ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠢᠯᠡᠴᠢᠯᠡᠨ ᠮᠡᠳᠡᠭᠦᠯᠬᠦ ᠲᠤᠰᠬᠠᠢ ᠱᠤᠭᠤᠮ ᠭᠠᠷᠭᠠᠬᠤ ᠪᠠᠷ | ᠳᠠᠮᠵᠢᠭᠤᠯᠤᠨ᠂ ᠵᠠᠭᠤᠴᠢᠯᠠᠭᠤᠷ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠢᠯᠡ ᠪᠠᠷ ᠢᠯᠡᠴᠢᠯᠡᠬᠦ | ᠵᠡᠷᠭᠡ ᠶᠢ ᠵᠣᠬᠢᠶᠠᠨ ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠳᠤ | ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠣᠶ ᠪᠣᠯᠭᠠᠵᠤ᠂ ᠰᠦᠢᠳᠬᠡᠯ ᠬᠤᠷᠢᠶᠠᠬᠤ ᠭᠤᠣᠯ ᠴᠣᠭᠴᠠ ᠶᠢᠨ | ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ ᠶᠢ ᠲᠠᠰᠤᠷᠠᠯᠲᠠ ᠦᠭᠡᠢ ᠵᠢᠷᠤᠮᠵᠢᠭᠤᠯᠬᠤ ᠶᠢ ᠠᠬᠢᠭᠤᠯᠤᠨ᠎ᠠ᠃ | ᠳᠥᠷᠪᠡ ᠳᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠶᠢ ᠨᠡᠩ | ᠴᠢᠬᠤᠯᠠᠴᠢᠯᠠᠪᠠ᠃ ᠴᠡᠭᠴᠡᠯᠡᠨ ᠵᠠᠰᠠᠬᠤ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠬᠢᠵᠠᠭᠠᠷ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠭᠠᠭᠴᠠᠭᠠᠷ | ᠡᠵᠡᠮᠰᠢᠯ ᠢ ᠡᠪᠳᠡᠵᠦ᠂ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠵᠡᠷᠭᠡ ᠬᠤᠯᠪᠣᠭᠳᠠᠯ ᠪᠦᠬᠦᠢ ᠳᠦᠷᠢᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ ᠠᠰᠢᠭᠯᠠᠨ ᠳᠤᠷ᠎ᠠ ᠪᠠᠷ ᠢᠶᠠᠨ ᠰᠦᠢᠳᠬᠡᠯ | ᠬᠤᠷᠢᠶᠠᠬᠤ᠂ ᠵᠠᠰᠠᠭ ᠵᠠᠬᠢᠷᠭᠠᠨ ᠤ ᠨᠥᠯᠥᠭᠡᠯᠡᠬᠦ ᠬᠦᠴᠦᠨ ᠢ ᠠᠰᠢᠭᠯᠠᠨ ᠰᠦᠢᠳᠬᠡᠯ ᠬᠤᠷᠢᠶᠠᠬᠤ ᠶᠢ ᠠᠯᠪᠠᠳᠠᠯᠭ᠎ᠠ ᠪᠠᠷ | ᠥᠳᠥᠭᠡᠨ ᠲᠠᠲᠠᠬᠤ ᠵᠡᠷᠭᠡ ᠦᠶ᠋ᠯᠡ ᠠᠵᠢᠯᠯᠠᠭ᠎ᠠ ᠶᠢ ᠦᠨᠳᠦᠰᠦᠨ ᠠᠴᠠ ᠨᠢ ᠬᠤᠷᠢᠭᠯᠠᠨ ᠲᠠᠰᠤᠯᠤᠨ᠎ᠠ᠃ | Q2 | Q᠄ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶ᠎ᠡ ᠶᠢ ᠴᠡᠭᠴᠡᠯᠡᠨ ᠵᠠᠰᠠᠬᠤ ᠶᠢᠨ | ᠭᠤᠣᠯᠳᠠᠯᠭ᠎ᠠ ᠨᠢ ᠶᠠᠭᠤ ᠪᠤᠶ︖ | A᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠬᠤ ᠲᠦᠭᠰᠢᠭᠦᠷᠢᠲᠦ ᠴᠡᠭ ᠢ ᠪᠦᠬᠦ ᠲᠠᠯ᠎ᠠ ᠪᠠᠷ ᠡᠮᠬᠢᠯᠡᠨ ᠵᠠᠳᠠᠯᠵᠤ᠂ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠬᠤ ᠠᠰᠠᠭᠤᠳᠠᠯ ᠢ ᠴᠢᠩᠭ᠎ᠠ ᠠᠩᠬᠠᠷᠴᠤ᠂ ᠤᠰᠤᠨ ᠲᠡᠭᠡᠭᠡᠪᠦᠷᠢ᠂ ᠵᠠᠰᠠᠮᠠᠯ ᠵᠠᠮ᠂ ᠠᠭᠠᠷ ᠠᠶᠠᠯᠠᠯ᠂ ᠲᠡᠮᠦᠷ | ᠵᠠᠮ ᠵᠡᠷᠭᠡ ᠬᠦᠷᠢᠶᠡᠨ ᠳᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠨᠢᠭᠡᠨᠲᠡ | ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ ᠪᠠᠷ ᠲᠣᠳᠣᠷᠬᠠᠢ ᠵᠠᠷᠯᠢᠭᠳᠠᠭᠰᠠᠨ ᠪᠠᠶᠢᠲᠠᠯ᠎ᠠ ᠳᠠᠬᠢᠨ | ᠰᠦᠢᠳᠬᠡᠯ ᠬᠤᠷᠢᠶᠠᠬᠤ ᠪᠤᠶᠤ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ | ᠲᠣᠭᠲᠠᠭᠠᠯ ᠠᠴᠠ ᠵᠠᠶᠢᠯᠠᠰᠬᠢᠨ ᠲᠥᠷᠥᠯ ᠵᠦᠢᠯ ᠢ ᠰᠠᠯᠭᠠᠵᠤ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ | ᠦᠨ᠎ᠡ ᠲᠣᠭᠲᠠᠭᠠᠭᠰᠠᠨ ᠭᠠᠷᠴᠠᠭ ᠪᠤᠶᠤ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠭᠰᠡᠨ ᠳᠦᠷᠢᠮ ᠢ ᠦᠯᠦ | ᠬᠡᠷᠡᠭᠵᠢᠭᠦᠯᠬᠦ᠂ ᠬᠢᠵᠢᠭ ᠢ ᠰᠡᠷᠭᠡᠶᠢᠯᠡᠬᠦ ᠨᠡᠷ᠎ᠡ ᠪᠠᠷ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠠᠴᠠ ᠰᠦᠢᠳᠬᠡᠯ | ᠬᠤᠷᠢᠶᠠᠬᠤ ᠪᠤᠶᠤ ᠠᠯᠪᠠᠳᠠᠯᠭ᠎ᠠ ᠪᠠᠷ ᠲᠡᠰᠬᠡᠨ ᠲᠠᠲᠠᠪᠤᠷᠢᠯᠠᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠰᠡᠷᠭᠡᠶᠢᠯᠡᠨ | ᠬᠢᠵᠠᠭᠠᠷᠯᠠᠨ᠎ᠠ᠃ | Q3 | Q᠄ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ ᠶᠢᠨ ᠬᠦᠷᠢᠶ᠎ᠡ ᠶᠢ ᠴᠡᠭᠴᠡᠯᠡᠨ ᠵᠠᠰᠠᠬᠤ ᠶᠢᠨ | ᠭᠤᠣᠯᠳᠠᠯᠭ᠎ᠠ ᠨᠢ ᠶᠠᠭᠤ ᠪᠤᠢ︖ | A᠄ ᠰᠦᠢᠳᠬᠡᠯ ᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠵᠦ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠦᠭᠡᠢ᠂ ᠦᠨ᠎ᠡ | ᠪᠠᠭᠤᠷᠠᠭᠤᠯᠵᠤ ᠥᠭᠡᠷᠡᠲᠦᠭᠦᠯᠬᠦ ᠠᠷᠭ᠎ᠠ ᠪᠠᠷ ᠰᠦᠢᠳᠬᠡᠯ ᠢ ᠪᠠᠭᠤᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠠᠰᠢᠭ | ᠣᠯᠵᠠᠪᠤᠷᠢ ᠶᠢ ᠱᠠᠮᠰᠢᠬᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠴᠠᠭ ᠲᠤᠬᠠᠢ ᠳᠤ ᠨᠢ ᠪᠦᠲᠦᠮᠵᠢᠲᠡᠶ ᠬᠦᠷᠲᠡᠭᠡᠭᠰᠡᠨ ᠦᠭᠡᠢ ᠵᠡᠷᠭᠡ | ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠰᠦᠢᠳᠬᠡᠯ ᠬᠤᠷᠢᠶᠠᠬᠤ ᠰᠠᠭᠤᠷᠢ ᠮᠥᠩᠭᠦ ᠶᠢᠨ ᠲᠥᠷᠥᠯ | ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠠᠴᠠ ᠵᠥᠷᠢᠴᠡᠨ ᠥᠪᠡᠰᠦᠪᠡᠨ ᠨᠡᠷ᠎ᠡ | ᠵᠢᠭᠠᠵᠤ ᠰᠦᠢᠳᠬᠡᠯ ᠬᠤᠷᠢᠶᠠᠬᠤ᠂ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠬᠦ᠂ ᠲᠠᠲᠠᠪᠤᠷᠢᠯᠠᠬᠤ | ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠶᠢ ᠴᠢᠩᠭ᠎ᠠ ᠴᠠᠭᠠᠵᠠᠯᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠦᠴᠦᠨ | ᠦᠭᠡᠢ ᠪᠣᠯᠭᠠᠭᠰᠠᠨ᠂ ᠲᠠᠲᠠᠪᠤᠷᠢᠯᠠᠬᠤ ᠶᠢ ᠵᠣᠭᠰᠣᠭᠠᠭᠰᠠᠨ᠂ ᠲᠠᠲᠠᠪᠤᠷᠢᠯᠠᠬᠤ ᠶᠢ ᠬᠡᠯᠲᠦᠷᠢᠭᠦᠯᠬᠦ ᠪᠠ ᠲᠠᠲᠠᠪᠤᠷᠢᠯᠠᠬᠤ | ᠪᠠᠷᠢᠮᠵᠢᠶ᠎ᠠ ᠶᠢ ᠪᠠᠭᠤᠷᠠᠭᠤᠯᠤᠭᠰᠠᠨ ᠰᠦᠢᠳᠬᠡᠯ ᠬᠤᠷᠢᠶᠠᠬᠤ ᠰᠠᠭᠤᠷᠢ ᠮᠥᠩᠭᠦ ᠶᠢ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ | ᠪᠣᠯᠣᠨ ᠬᠠᠷᠢᠶ᠎ᠠ ᠨᠢᠭᠡᠴᠢ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠥᠪ ᠤᠨ ᠬᠠᠮᠢᠶᠠᠷᠤᠯᠲᠠ ᠪᠠᠨ | ᠴᠢᠩᠭᠠᠳᠬᠠᠬᠤ ᠶᠢ ᠰᠢᠮᠳᠠᠭᠤᠯᠤᠨ ᠵᠢᠯᠣᠭᠤᠳᠴᠤ᠂ ᠲᠣᠭᠲᠠᠭᠠᠯ ᠠᠴᠠ ᠵᠥᠷᠢᠴᠡᠨ ᠪᠠᠭᠤᠯᠭᠠᠭᠰᠠᠨ ᠣᠷᠣᠯᠭ᠎ᠠ ᠶᠢᠨ | ᠬᠠᠷᠠᠯᠲᠠᠲᠤ ᠡᠭᠦᠷᠭᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠡᠳ᠋ ᠤᠨ ᠵᠠᠰᠠᠭ ᠤᠨ | ᠵᠠᠷᠤᠯᠭ᠎ᠠ ᠭᠠᠷᠭᠠᠬᠤ ᠠᠷᠭ᠎ᠠ ᠪᠠᠷ ᠠᠵᠤ ᠠᠬᠤᠶᠢᠯᠠᠯ ᠤᠨ ᠲᠤᠰᠢᠶᠠᠬᠤ ᠭᠠᠶᠢᠯᠢ ᠰᠦᠢᠳᠬᠡᠯ ᠯᠦᠭᠡ | ᠬᠤᠯᠪᠣᠭᠳᠠᠭᠤᠯᠤᠭᠰᠠᠨ ᠡᠭᠡᠭᠦᠯᠦᠨ ᠪᠤᠴᠠᠭᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠨᠡᠷ᠎ᠡ ᠪᠠᠷ ᠭᠠᠶᠢᠯᠢ | ᠰᠦᠢᠳᠬᠡᠯ ᠢ ᠬᠡᠲᠦᠷᠡᠲᠡᠯ᠎ᠡ ᠲᠠᠲᠠᠪᠤᠷᠢᠯᠠᠬᠤ᠂ ᠠᠰᠢᠭ ᠬᠥᠭᠡᠭᠡᠴᠡᠯᠳᠦᠬᠦ ᠮᠠᠶ᠋ᠢᠭ ᠢᠶᠠᠷ ᠳᠤᠷ᠎ᠠ ᠪᠠᠷ ᠢᠶᠠᠨ ᠪᠠᠶᠢᠴᠠᠭᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠯᠪᠠᠳᠠᠬᠤ ᠪᠤᠶᠤ | ᠬᠡᠯᠪᠡᠷᠢ ᠶᠢ ᠨᠢ ᠥᠭᠡᠷᠡᠳᠡᠭᠦᠯᠦᠨ ᠲᠡᠰᠬᠡᠨ ᠲᠠᠲᠠᠪᠤᠷᠢᠯᠠᠬᠤ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠳᠠᠷᠤᠭᠠᠰᠤ ᠶᠢ ᠬᠦᠨᠳᠦᠷᠡᠭᠦᠯᠬᠦ ᠠᠵᠢᠯᠯᠠᠭ᠎ᠠᠶᠢ ᠲᠥᠪᠯᠡᠷᠡᠭᠦᠯᠦᠨ ᠪᠠᠶᠢᠴᠠᠭᠠᠵᠤ᠂ ᠳᠤᠷ᠎ᠠ ᠪᠠᠷ ᠢᠶᠠᠨ ᠰᠦᠢᠳᠬᠡᠯ | ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠵᠡᠷᠭᠡ | ᠠᠰᠠᠭᠤᠳᠠᠯ ᠢ ᠡᠷᠡᠰ ᠴᠠᠭᠠᠵᠠᠯᠠᠨ᠎ᠠ᠃ ᠡᠭᠦᠨ ᠤ ᠵᠡᠷᠭᠡ ᠳᠤ ᠡᠯ᠎ᠡ ᠭᠠᠵᠠᠷ ᠤᠨ ᠬᠢᠨ ᠲᠠᠷᠢᠶᠠᠯᠠᠩ ᠳᠤ ᠬᠤᠯᠪᠣᠭᠳᠠᠭᠰᠠᠨ | ᠪᠡᠯᠡ ᠮᠥᠩᠭᠦ ᠶᠢ ᠬᠡᠯᠪᠡᠷᠢ ᠶᠢ ᠨᠢ ᠥᠭᠡᠷᠡᠲᠦᠭᠦᠯᠦᠨ ᠦᠯᠡᠳᠡᠭᠡᠨ ᠠᠪᠬᠤ ᠵᠡᠷᠭᠡ ᠠᠰᠠᠭᠤᠳᠠᠯ ᠤᠨ ᠲᠣᠭᠤᠷᠢᠨ ᠳᠤ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ | Q4 | Q᠄ ᠮᠥᠩᠭᠦᠨ ᠭᠦᠢᠯᠭᠡᠭᠡᠨ ᠤ ᠬᠦᠷᠢᠶᠡᠨ ᠳᠠᠬᠢ ᠴᠡᠭᠴᠡᠯᠡᠨ ᠵᠠᠰᠠᠯᠲᠠ ᠶᠢᠨ ᠭᠤᠣᠯᠳᠠᠯᠭ᠎ᠠ ᠨᠢ ᠶᠠᠭᠤ ᠪᠤᠶ︖ | | A᠄ ᠲᠤᠰ ᠤᠳᠠᠭᠠᠨ ᠤ ᠠᠵᠢᠯ ᠲᠥᠷᠥᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ ︽ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ | ᠠᠵᠤ ᠠᠬᠤᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠦᠢᠯᠡᠳᠬᠡᠯ ᠤᠨ ᠦᠢᠯᠡᠰ᠂ ᠬᠢᠵᠢᠭ ᠤᠨ | ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠦᠢᠯᠡᠴᠢᠯᠡᠭᠡᠨ ᠤ ᠠᠵᠢᠯ ᠲᠥᠷᠥᠯ ᠵᠡᠷᠭᠡ ᠬᠦᠷᠢᠶ᠎ᠡ ᠵᠢᠴᠢ ᠵᠢᠵᠢᠭ | ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠭᠤᠣᠯᠳᠠᠯᠭ᠎ᠠ ᠲᠠᠢ ᠬᠠᠮᠤᠷᠴᠤ᠂ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ᠂ | ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ᠂ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ | ᠬᠠᠮᠢᠶ᠎ᠠ ᠪᠦᠬᠦᠢ ᠰᠦᠢᠳᠬᠡᠯ ᠬᠤᠷᠢᠶᠠᠬᠤ ᠵᠦᠢᠯᠡᠰ᠂ ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ | ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ 25 ᠵᠦᠢᠯ ᠤᠨ ᠴᠡᠭᠴᠡᠯᠡᠨ ᠵᠠᠰᠠᠬᠤ ᠭᠤᠣᠯᠳᠠᠯᠭ᠎ᠠ ᠶᠢ | ᠲᠣᠳᠣᠷᠬᠠᠶᠢᠯᠠᠵᠤ᠂ ᠦᠢᠯᠡᠴᠢᠯᠡᠭᠡᠨ ᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ | ᠨᠡᠶᠢᠲᠡᠯᠡᠭᠰᠡᠨ ᠦᠭᠡᠢ᠂ ᠦᠢᠯᠡᠴᠢᠯᠡᠭᠡᠨ ᠤ ᠦᠨ᠎ᠡ ᠬᠠᠩᠰᠢ ᠶᠢᠨ ᠵᠠᠷᠯᠠᠨ ᠨᠡᠶᠢᠲᠡᠯᠡᠭᠰᠡᠨ ᠪᠠᠷᠢᠮᠵᠢᠶ᠎ᠠ ᠠᠴᠠ | ᠬᠡᠲᠦᠷᠡᠭᠦᠯᠦᠨ ᠰᠦᠢᠳᠬᠡᠯ ᠬᠤᠷᠢᠶᠠᠭᠰᠠᠨ᠂ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠢ | ᠪᠤᠶᠤ ᠴᠥᠭᠡᠨ ᠦᠢᠯᠡᠴᠢᠯᠡᠬᠦ᠂ ᠳᠠᠪᠠᠭᠤᠯᠢᠭ ᠪᠠᠶᠢᠷᠢ ᠰᠠᠭᠤᠷᠢ ᠪᠠᠨ ᠠᠰᠢᠭᠯᠠᠨ ᠪᠠᠩᠬᠢ ᠶᠢᠨ ᠡᠭᠦᠷᠭᠡᠯᠡᠬᠦ ᠶᠣᠰᠣᠲᠠᠢ | ᠰᠦᠢᠳᠬᠡᠯ ᠢ ᠰᠢᠯᠵᠢᠭᠦᠯᠦᠨ ᠲᠣᠬᠤᠬᠤ᠂ ᠵᠢᠭᠡᠯᠡᠯᠭᠡ ᠪᠠᠷ ᠮᠥᠩᠭᠦᠨ ᠭᠦᠢᠯᠭᠡᠭᠡᠨ ᠤ ᠨᠡᠷᠡᠳᠬᠦᠨ ᠪᠤᠶᠤ | ᠦᠢᠯᠡᠴᠢᠯᠡᠭᠡ ᠶᠢ ᠠᠯᠪᠠᠳᠠᠯᠭ᠎ᠠ ᠪᠠᠷ ᠪᠣᠭᠤᠵᠢᠯᠠᠭᠰᠠᠨ᠂ ᠡᠯ᠎ᠡ ᠵᠦᠢᠯ ᠤᠨ ᠦᠢᠯᠡᠴᠢᠯᠡᠭᠡᠨ ᠤ ᠰᠦᠢᠳᠬᠡᠯ | ᠬᠤᠷᠢᠶᠠᠬᠤ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠵᠢᠴᠢ | ᠦᠢᠯᠡᠴᠢᠯᠡᠭᠡᠨ ᠤ ᠬᠠᠮᠲᠤᠷᠠᠯᠴᠠᠭᠠᠨ ᠤ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ | Q5 | Q᠄ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ ᠬᠦᠷᠢᠶ᠎ᠡ ᠶᠢ ᠴᠡᠭᠴᠡᠯᠡᠨ | ᠵᠠᠰᠠᠬᠤ ᠶᠢᠨ ᠭᠤᠣᠯᠳᠠᠯᠭ᠎ᠠ ᠨᠢ ᠶᠠᠭᠤ ᠪᠤᠶ︖ | A᠄ ᠠᠷᠠᠳ ᠤᠨ ᠶᠠᠪᠤᠳᠠᠯ ᠤᠨ ᠶᠠᠮᠤᠨ ᠨᠢᠳᠤᠨᠤᠨ ᠤ ᠥᠷᠨᠢᠭᠦᠯᠦᠭᠰᠡᠨ ᠲᠤᠰᠬᠠᠶᠢᠯᠠᠨ ᠢᠯᠭᠠᠷᠠᠭᠤᠯᠤᠨ | ᠴᠡᠭᠴᠡᠯᠡᠬᠦ ᠠᠵᠢᠯᠯᠠᠭ᠎ᠠ ᠶᠢ ᠡᠷᠭᠢᠨ ᠪᠤᠴᠠᠵᠤ ᠬᠠᠷᠠᠬᠤ ᠪᠠᠷ ᠪᠡᠯᠡᠳᠬᠡᠵᠦ᠂ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ | ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ᠵᠢᠷᠤᠮᠵᠢᠭᠤᠨ | ᠪᠤᠰᠤ ᠪᠠᠷ ᠰᠦᠢᠳᠬᠡᠯ ᠬᠤᠷᠢᠶᠠᠬᠤ ᠵᠡᠷᠭᠡ ᠳᠥᠷᠪᠡᠨ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠪᠠ | ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠢ ᠦᠷᠭᠦᠯᠵᠢᠯᠡᠨ | ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠳ ᠤᠨ ᠡᠪᠯᠡᠯ ᠤᠨ | ᠰᠦᠢᠳᠬᠡᠯ ᠤᠨ ᠪᠠᠷᠢᠮᠵᠢᠶ᠎ᠠ ᠶᠢ ᠲᠣᠭᠲᠠᠭᠠᠬᠤ ᠪᠠ ᠬᠤᠷᠢᠶᠠᠬᠤ᠂ ᠵᠢᠴᠢ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠬᠢᠷᠠᠭᠤᠯᠬᠤ ᠪᠠ ᠵᠢᠷᠤᠮᠵᠢᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢ | ᠪᠥᠬᠦ ᠲᠠᠯ᠎ᠠ ᠪᠠᠷ ᠪᠠᠶᠢᠴᠠᠭᠠᠵᠤ᠂ ᠵᠣᠬᠢᠬᠤ ᠭᠠᠭᠴᠠᠭᠠᠷ ᠡᠵᠡᠮᠰᠢᠯ ᠤᠨ ᠴᠢᠨᠠᠷ ᠪᠠ ᠠᠯᠪᠠᠳᠠᠯᠭ᠎ᠠ ᠶᠢᠨ ᠴᠢᠨᠠᠷ ᠪᠦᠬᠦᠢ | ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠢᠯᠠᠩᠭᠤᠶ᠎ᠠ ᠪᠠᠩᠬᠢ᠂ ᠲᠡᠮᠳᠡᠭᠲᠦ᠂ ᠰᠠᠭᠤᠷᠢ | ᠮᠥᠩᠭᠦ᠂ ᠬᠤᠭᠤᠴᠠᠭᠠᠲᠤ ᠪᠠᠷᠠᠭ᠎ᠠ᠂ ᠡᠳ᠋ ᠬᠥᠷᠥᠩᠭᠡ ᠶᠢ ᠦᠨᠡᠯᠡᠨ ᠵᠢᠱᠢᠬᠦ ᠵᠡᠷᠭᠡ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠠᠵᠢᠯ ᠲᠥᠷᠥᠯᠤᠨ ᠨᠡᠶᠢᠭᠡᠮᠯᠢᠭ ᠪᠠ ᠬᠤᠳᠠᠯᠳᠤᠭᠠᠴᠢᠳ ᠤᠨ | ᠡᠪᠯᠡᠯ ᠤᠨ ᠰᠦᠢᠳᠬᠡᠯ ᠬᠤᠷᠢᠶᠠᠬᠤ ᠲᠥᠷᠥᠯ ᠵᠦᠢᠯᠳᠠᠬᠢ ᠥᠪᠡᠷ ᠤᠨ ᠥᠷᠲᠡᠭ ᠤᠨ ᠬᠢᠨᠠᠨ ᠬᠠᠷᠭᠤᠭᠤᠯᠤᠯᠲᠠ ᠶᠢ | ᠴᠢᠩᠭᠠᠳᠬᠠᠵᠤ᠂ ᠬᠡᠲᠦ ᠥᠨᠳᠥᠷ ᠰᠦᠢᠳᠬᠡᠯ ᠬᠤᠷᠢᠶᠠᠬᠤ ᠠᠴᠠ ᠰᠡᠷᠭᠡᠶᠢᠯᠡᠨ᠎ᠡ᠃ ᠠᠵᠢᠯ ᠲᠥᠷᠥᠯ ᠤᠨ ᠨᠡᠶᠢᠭᠡᠮᠯᠢᠭ | ᠪᠠ ᠬᠤᠳᠠᠯᠳᠤᠭᠠᠴᠢᠳ ᠤᠨ ᠡᠪᠯᠡᠯ ᠢ ᠦᠷᠭᠦᠯᠵᠢᠯᠡᠨ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ | ᠬᠡᠯᠲᠦᠷᠢᠭᠦᠯᠵᠦ ᠪᠣᠯᠬᠤ ᠶᠢ ᠨᠢ ᠬᠡᠯᠲᠦᠷᠢᠭᠦᠯᠬᠦ᠂ ᠬᠠᠰᠤᠵᠤ ᠪᠣᠯᠬᠤ ᠶᠢ ᠨᠢ ᠬᠠᠰᠤᠬᠤ ᠵᠠᠷᠴᠢᠮ ᠶᠣᠰᠣᠭᠠᠷ᠂ | ᠡᠵᠡᠩᠨᠡᠯᠲᠡ ᠨᠢ ᠬᠦᠴᠢᠷᠳᠡᠯᠲᠡᠢ ᠭᠡᠰᠢᠭᠦᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠠᠴᠠ ᠰᠦᠢᠳᠬᠡᠯ ᠬᠤᠷᠢᠶᠠᠬᠤ ᠶᠢ ᠰᠠᠨᠠᠭᠠᠴᠢᠯᠠᠭ᠎ᠠ ᠠᠴᠠ ᠪᠠᠨ ᠬᠠᠰᠤᠵᠤ ᠬᠡᠯᠲᠦᠷᠢᠭᠦᠯᠦᠨ᠎ᠡ᠃ | Q6 | Q᠄ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠦᠷᠢᠶ᠎ᠡ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠨᠢ | ᠶᠠᠭᠤ ᠪᠤᠶ︖ | A᠄ ︽ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ | ᠲᠥᠰᠥᠯ︾ ᠢ ᠲᠣᠭᠲᠠᠭᠠᠵᠤ᠂ ᠡᠯ᠎ᠡ ᠭᠠᠵᠠᠷ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ | ᠤᠯᠠᠮ ᠨᠢᠭᠡ ᠠᠯᠬᠤᠮ ᠭᠦᠨᠵᠡᠭᠡᠢ ᠥᠷᠨᠢᠭᠦᠯᠬᠦ ᠶᠢ ᠪᠠᠶᠢᠷᠢᠯᠠᠭᠤᠯᠵᠤ᠂ ᠵᠣᠬᠢᠰ ᠦᠭᠡᠢ ᠰᠦᠢᠳᠬᠡᠯ ᠬᠤᠷᠢᠶᠠᠯᠲᠠ ᠶᠢ | ᠢᠯᠭᠠᠷᠠᠭᠤᠯᠤᠨ ᠴᠡᠭᠴᠡᠯᠡᠨ᠎ᠡ᠃ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠬᠤᠷᠢᠭ᠎ᠠ ᠱᠤᠭᠤᠮ ᠠᠴᠠ ᠭᠠᠳᠠᠨ᠎ᠠ | ᠪᠠᠷᠢᠯᠭ᠎ᠠ ᠶᠢᠨ ᠰᠦᠢᠳᠬᠡᠯ ᠬᠤᠷᠢᠶᠠᠯᠲᠠ ᠶᠢ ᠨᠡᠮᠡᠬᠦ᠂ ᠪᠠᠷᠢᠯᠭ᠎ᠠ ᠶᠢᠨ ᠣᠷᠣᠨᠤ ᠬᠤᠪᠢᠶᠠᠷᠢᠯᠠᠯ ᠤᠨ ᠬᠤᠷᠢᠭ᠎ᠠ | ᠱᠤᠭᠤᠮ ᠤᠨ ᠳᠣᠲᠣᠷᠠᠬᠢ ᠬᠤᠯᠪᠣᠭᠳᠠᠯ ᠪᠦᠬᠦᠢ ᠰᠦᠢᠳᠬᠡᠯ ᠬᠤᠷᠢᠶᠠᠯᠲᠠ᠂ ᠨᠢᠭᠡᠨᠲᠡ ᠦᠨ᠎ᠡ ᠲᠣᠭᠲᠠᠭᠠᠬᠤ | ᠥᠪᠡᠷ ᠤᠨ ᠥᠷᠲᠡᠭ ᠲᠤ ᠣᠷᠣᠭᠤᠯᠤᠭᠰᠠᠨ ᠬᠠᠮᠢᠶ᠎ᠠ ᠪᠦᠬᠦᠢ ᠰᠦᠢᠳᠬᠡᠯ ᠬᠤᠷᠢᠶᠠᠯᠲᠠ᠂ ᠴᠠᠬᠢᠯᠭᠠᠨ ᠤ ᠲᠣᠣᠷ ᠤᠨ | ᠪᠤᠰᠤ ᠰᠢᠭᠤᠳ ᠴᠠᠬᠢᠯᠭᠠᠨ ᠬᠠᠩᠭᠠᠬᠤ ᠭᠤᠭᠴᠤᠭ᠎ᠠ ᠳᠤ ᠵᠣᠬᠢᠰ ᠦᠭᠡᠢ ᠪᠠᠷ ᠦᠨ᠎ᠡ ᠨᠡᠮᠡᠬᠦ᠂ ᠪᠤᠰᠤᠳ ᠵᠣᠬᠢᠰ | ᠦᠭᠡᠢ ᠰᠦᠢᠳᠬᠡᠯ ᠬᠤᠷᠢᠶᠠᠯᠲᠠ ᠶᠢ ᠢᠯᠭᠠᠷᠠᠭᠤᠯᠤᠨ ᠵᠢᠷᠤᠮᠵᠢᠭᠤᠯᠤᠨ᠎ᠠ᠃ ᠰᠦᠯᠵᠢᠶᠡᠨ ᠳᠤ ᠨᠡᠪᠲᠡᠷᠡᠭᠦᠯᠦᠨ | ᠣᠷᠣᠭᠤᠯᠬᠤ ᠢᠨᠵᠧᠨᠧᠷᠢᠩ᠂ ᠪᠦᠲᠦᠭᠡᠨ ᠪᠠᠶᠢᠭᠤᠯᠵᠤ ᠤᠭᠰᠠᠷᠠᠬᠤ᠂ ᠰᠢᠨᠡᠳᠬᠡᠨ ᠥᠭᠡᠷᠡᠴᠢᠯᠡᠬᠦ ᠵᠡᠷᠭᠡ | ᠬᠦᠷᠢᠶᠡᠨ ᠳᠤ᠂ ᠬᠡᠷᠡᠭᠯᠡᠭᠴᠢ ᠪᠠᠷ ᠪᠠᠷᠢᠯᠭ᠎ᠠ ᠶᠢᠨ ᠣᠷᠣᠨ ᠤ ᠬᠤᠪᠢᠶᠠᠷᠢᠯᠠᠯ ᠤᠨ ᠬᠤᠷᠢᠭ᠎ᠠ ᠱᠤᠭᠤᠮ ᠠᠴᠠ ᠭᠠᠳᠠᠨᠠᠬᠢ | ᠶᠠᠮᠠᠷᠪᠠ ᠵᠠᠷᠤᠳᠠᠯ ᠢ ᠡᠭᠦᠷᠭᠡᠯᠡᠭᠦᠯᠵᠦ ᠪᠣᠯᠬᠤ ᠦᠭᠡᠢ᠂ ᠨᠢᠭᠡᠨᠲᠡ ᠭᠡᠷ ᠪᠠᠶᠢᠰᠢᠩ ᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠥᠪᠡᠷ ᠤᠨ ᠥᠷᠲᠡᠭ ᠲᠤ ᠣᠷᠣᠭᠤᠯᠤᠭᠰᠠᠨ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠤᠭᠰᠠᠷᠠᠬᠤ | ᠵᠠᠷᠤᠳᠠᠯ ᠵᠡᠷᠭᠡ ︽ᠠᠷᠪᠠ ᠶᠢ ᠦᠯᠦ ᠬᠤᠷᠢᠶᠠᠬᠤ︾ ᠶᠢ ᠲᠣᠳᠣᠷᠬᠠᠢ ᠲᠣᠭᠲᠠᠭᠠᠵᠠᠢ᠃ ᠬᠡᠮᠵᠢᠯᠲᠡ ᠶᠢᠨ ᠲᠣᠨᠣᠭᠯᠠᠯ | ᠤᠭᠰᠠᠷᠠᠬᠤ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ᠂ ᠰᠦᠢᠳᠬᠡᠯ ᠬᠤᠷᠢᠶᠠᠬᠤ ᠨᠠᠷᠢᠨ ᠲᠠᠩᠰᠠ ᠶᠢᠨ | ᠬᠠᠮᠢᠶᠠᠷᠤᠯᠲᠠ ᠵᠡᠷᠭᠡ ᠬᠦᠷᠢᠶᠡᠨ ᠳᠤ᠂ ᠬᠡᠷᠡᠭᠯᠡᠭᠴᠢ ᠠᠴᠠ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠡᠮᠵᠢᠯᠲᠡ ᠶᠢᠨ | ᠲᠣᠨᠣᠭᠯᠠᠯ ᠤᠨ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ᠂ ᠠᠯᠪᠠᠳᠠᠯᠭ᠎ᠠ ᠪᠠᠷ ᠰᠢᠯᠭᠠᠨ ᠲᠣᠭᠲᠠᠭᠠᠬᠤ ᠶᠢᠨ | ᠬᠠᠮᠲᠤ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ᠂ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠠᠴᠠ | ᠭᠠᠳᠠᠨ᠎ᠠ ᠪᠤᠰᠤᠳ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠵᠡᠷᠭᠡ ︽ᠵᠢᠷᠭᠤᠭ᠎ᠠ ᠶᠢ ᠴᠢᠩᠭ᠎ᠠ | ᠴᠠᠭᠠᠵᠠᠯᠠᠬᠤ︾ ᠪᠠᠷ ᠲᠣᠳᠣᠷᠬᠠᠢ ᠲᠣᠭᠲᠠᠭᠠᠪᠠ᠃ | Q7 | Q᠄ ᠢᠯᠡᠴᠢᠯᠡᠨ ᠵᠠᠭᠠᠯᠳᠤᠬᠤ ᠠᠷᠭ᠎ᠠ ᠵᠠᠮ ᠪᠠᠶᠢᠨ᠎ᠠ ᠦᠦ︖ | A᠄ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠤᠳᠠᠭᠠᠨ ᠤ | ᠠᠵᠢᠯᠯᠠᠭ᠎ᠠ ᠨᠢ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ | ᠳᠠᠷᠤᠭᠠᠰᠤ ᠶᠢ ᠨᠢ ᠬᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ 12381᠂ 12315 ᠭᠡᠬᠦ ᠬᠤᠶᠠᠷ ᠬᠠᠯᠠᠮᠰᠢᠯ | ᠤᠲᠠᠰᠤ ᠶᠢ ᠨᠡᠶᠢᠲᠡᠯᠡᠵᠦ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ | ᠠᠰᠠᠭᠤᠳᠠᠯ ᠤᠨ ᠲᠤᠬᠠᠢ ᠨᠡᠶᠢᠭᠡᠮ ᠨᠡᠶᠢᠲᠡ ᠶᠢᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ | ᠠᠪᠤᠨ᠎ᠠ᠃ | |