ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 6 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠥᠰᠥᠪ ᠢ | ᠭᠦᠢᠴᠡᠳᠬᠡᠬᠦ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠪᠠᠶᠢᠷᠢᠯᠠᠭᠤᠯᠪᠠ᠃ ᠡᠯᠧᠺᠳ᠋ᠷᠣᠨ ᠦᠨᠡᠮᠯᠡᠯ ᠤᠨ | ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠬᠤ ᠠᠷᠭ᠎ᠠ ᠶᠢ ᠲᠣᠭᠲᠠᠭᠠᠵᠤ᠂ ᠵᠠᠬ᠎ᠠ ᠳᠡᠯᠭᠡᠭᠦᠷᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 2021 ᠣᠨ ᠤ ᠲᠥᠪ ᠤᠨ | ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠳᠤ | ᠬᠢᠨᠠᠨ ᠪᠣᠳᠣᠯᠲᠠ ᠬᠢᠵᠦ᠂ ᠦᠷ᠎ᠡ ᠳ᠋ᠦᠩ ᠢ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠨ᠎ᠡ ᠭᠡᠵᠡᠢ᠃ ᠬᠤᠷᠠᠯ ᠠᠴᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ | ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠵᠤ᠂ ᠬᠤᠷᠸ᠎ᠠ ᠲᠦᠷᠦ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ | ᠪᠠᠶᠢᠯᠭᠠᠬᠤ ᠬᠡᠷᠡᠭᠲᠡᠢ᠃ ᠨᠢᠭᠡ ᠳᠤ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠲᠣᠳᠣᠷᠬᠠᠢ | ᠬᠠᠭᠤᠳᠠᠰᠤ ᠭᠠᠷᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠳᠠᠷᠤᠮᠠᠯᠯᠠᠨ ᠲᠠᠷᠬᠠᠭᠠᠬᠤ ᠬᠡᠷᠡᠭᠲᠡᠢ᠃ ᠡᠯ᠎ᠡ | ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠴᠡᠭᠴᠡᠯᠡᠨ ᠰᠠᠶᠢᠵᠢᠷᠠᠭᠤᠯᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠤᠷᠪᠤᠰ ᠳᠠᠷᠠᠭᠠᠯᠠᠨ ᠲᠥᠰᠥᠯ ᠲᠣᠭᠲᠠᠭᠠᠵᠤ ᠳᠠᠷᠦ᠋ᠢᠬᠠᠨ | ᠴᠡᠭᠴᠡᠯᠡᠨ ᠰᠠᠶᠢᠵᠢᠷᠠᠭᠤᠯᠵᠤ᠂ ᠴᠠᠭ ᠲᠤ ᠨᠢ ᠲᠣᠬᠢᠷᠠᠭᠤᠯᠤᠨ ︽ᠪᠤᠴᠠᠨ ᠪᠠᠶᠢᠴᠠᠭᠠᠬᠤ︾ ᠶᠢ ᠥᠷᠨᠢᠭᠦᠯᠵᠦ᠂ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠨ ᠪᠤᠳᠤᠵᠤ | ᠴᠡᠭᠴᠡᠯᠡᠨ ᠰᠠᠶᠢᠵᠢᠷᠠᠭᠤᠯᠬᠤ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ | ᠠᠭᠤᠯᠭ᠎ᠠ ᠳᠤ ᠣᠷᠣᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠢ ᠬᠢᠨᠠᠨ ᠪᠣᠳᠣᠯᠲᠠ | ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠬᠠᠰᠢ ᠶᠠᠰᠢᠪᠠᠷ ᠴᠡᠭᠴᠡᠯᠡᠨ ᠰᠠᠶᠢᠵᠢᠷᠠᠭᠤᠯᠤᠭᠰᠠᠨ᠂ | ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠬᠦ | ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠬᠦ ᠶᠢᠨ ᠬᠠᠮᠲᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ | ᠨᠡᠶᠢᠲᠡ ᠳᠤ ᠢᠯᠡ ᠪᠠᠷ ᠨᠡᠶᠢᠲᠡᠯᠡᠬᠦ ᠬᠡᠷᠡᠭᠲᠡᠢ᠃ ᠬᠤᠶᠠᠷ ᠲᠤ᠂ ᠰᠢᠨᠵᠢ ᠴᠢᠨᠠᠷ ᠢᠶᠠᠷ ᠮᠠᠭᠤ ᠵᠦᠢᠯ ᠢ ᠬᠠᠤᠯᠢ | ᠶᠣᠰᠣᠭᠠᠷ ᠴᠢᠩᠭ᠎ᠠ ᠰᠢᠢᠳᠬᠡᠵᠦ᠂ ᠬᠡᠷᠡᠭ ᠶᠠᠪᠤᠳᠠᠯ ᠢ ᠰᠢᠢᠳᠪᠦᠷᠢᠯᠡᠬᠦ ᠮᠥᠷᠲᠡᠭᠡᠨ ᠬᠥᠮᠥᠨ ᠢ ᠴᠦ ᠰᠢᠢᠳᠪᠦᠷᠢᠯᠡᠵᠦ᠂ | ᠴᠡᠭᠡᠷᠯᠡᠯ ᠪᠣᠯᠭᠠᠬᠤ ᠬᠡᠷᠡᠭᠲᠡᠢ᠃ ᠭᠤᠷᠪᠠ ᠳᠤ᠂ ᠨᠢᠭᠡᠡᠴᠠ ᠨᠦᠬᠦᠭᠡ ᠶᠢ ᠵᠦᠢᠴᠢᠯᠡᠵᠦ᠂ ᠦᠡᠭᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠡᠷᠡᠭᠲᠡᠢ᠃ ᠨᠡᠶᠢᠳᠡᠮ ᠤᠨ ᠴᠢᠨᠠᠷᠲᠠᠢ ᠠᠰᠠᠭᠤᠳᠠᠯ ᠪᠠ ᠳᠠᠬᠢᠨ | ᠳᠠᠪᠲᠠᠨ ᠢᠯᠡᠷᠡᠬᠦ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠤᠨ ᠰᠢᠨᠵᠢᠯᠡᠵᠦ᠂ ᠳᠦᠷᠢᠮ ᠤᠨ ᠵᠢᠷᠤᠮᠵᠢᠯ ᠢ | ᠪᠦᠷᠢᠨᠰᠢᠭᠦᠯᠬᠦ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢᠨ ᠳᠣᠲᠣᠭᠠᠳᠤ ᠭᠠᠳᠠᠭᠠᠳᠤ ᠶᠢᠨ ᠬᠢᠨᠠᠯᠲᠠ | ᠬᠠᠮᠢᠶᠠᠷᠤᠯᠲᠠ ᠪᠠ ᠬᠢᠨᠠᠨ ᠪᠣᠳᠣᠯᠲᠠ ᠶᠢ ᠴᠢᠩᠭᠠᠳᠬᠠᠬᠤ ᠬᠡᠷᠡᠭᠲᠡᠢ᠃ ᠳᠥᠷᠪᠡ ᠳᠤ᠂ ᠭᠠᠶᠢᠯᠢ ᠶᠢ ᠪᠤᠴᠠᠭᠠᠬᠤ | ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡ ᠵᠡᠷᠭᠡ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠭᠠᠶᠢᠯᠢ ᠪᠤᠴᠠᠭᠠᠬᠤ ᠵᠣᠭᠤᠰ ᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠡᠮᠴᠢᠯᠡᠭᠡ᠂ ᠰᠤᠷᠭᠠᠨ ᠬᠥᠮᠦᠵᠢᠯ᠂ | ᠦᠨᠳᠦᠰᠦᠨ ᠣᠷᠣᠨ ᠰᠠᠭᠤᠴᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠠᠷᠠᠳ ᠤᠨ ᠠᠮᠢᠳᠤᠷᠠᠯ ᠤᠨ ᠪᠡᠯᠡ | ᠮᠥᠩᠭᠦ ᠶᠢ ᠵᠢᠷᠤᠮᠵᠢᠭᠤᠨ ᠪᠥᠭᠡᠳ ᠠᠮᠤᠷ ᠲᠦᠪᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠂ ᠦᠯᠡᠳᠡᠭᠡᠨ | ᠠᠪᠴᠤ ᠨᠡᠭᠦᠯᠭᠡᠨ ᠬᠡᠷᠡᠭᠯᠡᠬᠦ᠂ ᠱᠠᠮᠰᠢᠨ ᠡᠵᠡᠯᠡᠬᠦ ᠶᠢ ᠣᠭᠲᠣ ᠵᠥᠪᠰᠢᠶᠡᠷᠡᠵᠦ ᠪᠣᠯᠬᠤ ᠦᠭᠡᠢ᠃ ᠲᠠᠪᠤ ᠳᠤ᠂ | ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ ᠬᠡᠷᠡᠭᠴᠡᠭᠡᠨ ᠤ ᠪᠤᠰᠤ ᠴᠢᠬᠤᠯᠠ ᠪᠤᠰᠤ ᠴᠢᠨᠠᠷᠲᠠᠢ ᠵᠠᠷᠤᠯᠭ᠎ᠠ ᠶᠢ | ᠪᠠᠭᠠᠰᠬᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠪᠠᠷ ᠳᠣᠣᠷ᠎ᠠ ᠪᠠ ᠳᠠᠷᠤᠭᠳᠠᠵᠤ ᠪᠠᠶᠢᠭ᠎ᠠ ᠪᠡᠯᠡ | ᠮᠥᠩᠭᠦ ᠶᠢ ᠲᠣᠭᠲᠠᠭᠠᠯ ᠶᠣᠰᠣᠭᠠᠷ ᠬᠤᠷᠢᠶᠠᠨ ᠠᠪᠴᠤ᠂ ᠲᠣᠭᠲᠠᠭᠠᠯ ᠢ ᠵᠥᠷᠢᠴᠡᠨ ᠠᠰᠠᠷ ᠲᠠᠩᠬᠢᠮ ᠣᠷᠳᠣᠨ | ᠪᠠᠭᠤᠳᠠᠯ ᠪᠠᠶᠢᠭᠤᠯᠬᠤ᠂ ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ ᠳᠦᠷᠢ ᠲᠥᠷᠬᠦ ᠶᠢᠨ ᠢᠨᠵᠧᠨᠧᠷᠢᠩ | ᠬᠢᠬᠦ᠂ ᠪᠦᠷᠢᠯᠭᠡᠨ ᠰᠦᠢᠳᠬᠡᠬᠦ ᠵᠡᠷᠭᠡ ᠶᠢ ᠴᠢᠩᠭ᠎ᠠ ᠴᠠᠭᠠᠵᠠᠯᠠᠵᠤ᠂ ᠨᠡᠩ ᠤᠯᠠᠨ ᠪᠡᠯᠡ ᠮᠥᠩᠭᠦ ᠭᠠᠷᠭᠠᠵᠤ ᠪᠠᠶᠢᠭᠠᠳ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠠᠷᠠᠳᠤᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ᠂ | ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠮᠥᠷᠲᠡᠭᠡᠨ ᠪᠠᠰᠠ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠶᠠᠪᠤᠴᠠ ᠳᠤ᠂ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠣᠷᠢᠯᠭ᠎ᠠ ᠪᠣᠯ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠳᠠᠯ ᠦᠢᠯᠡᠰ ᠴᠣᠭᠴᠠᠯᠠᠬᠤ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ | ᠴᠢᠩᠭᠠᠷᠠᠭᠤᠯᠬᠤ ᠶᠢᠨ ᠲᠥᠯᠥᠭᠡ ᠶᠤᠮ᠃ ᠮᠡᠳᠡᠭᠡ ᠵᠠᠩᠭᠢ ᠶᠢᠨ ᠨᠡᠶᠢᠭᠡᠮ ᠤᠨ ᠬᠥᠭᠵᠢᠯᠲᠡ ᠳᠤ ᠵᠣᠬᠢᠴᠠᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠃ | ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠡᠯᠧᠺᠳ᠋ᠷᠣᠨ ᠭᠡᠷᠡᠴᠢ | ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠲᠡᠢ᠃ ᠡᠯᠧᠺᠳ᠋ᠷᠣᠨ ᠡᠵᠡᠩᠨᠡᠯᠲᠡ ᠶᠢᠨ | ᠦᠨᠡᠮᠯᠡᠯ ᠢ ᠨᠢᠭᠡᠨᠲᠡ ᠤᠯᠠᠨ ᠵᠢᠯ ᠬᠡᠷᠡᠭᠯᠡᠵᠦ ᠦᠢᠯᠡᠳᠦᠯᠭᠡᠵᠢᠭᠦᠯᠦᠭᠰᠡᠨ ᠪᠣᠯᠬᠤᠷ ᠬᠡᠷᠡᠭᠯᠡᠭᠡᠨ ᠤ ᠬᠡᠪᠴᠢᠶ᠎ᠡ ᠶᠢ | ᠥᠷᠭᠡᠳᠬᠡᠬᠦ ᠨᠢ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠲᠦᠬᠦᠮ ᠦᠵᠡᠭᠦᠯᠬᠦ ᠳᠤ ᠠᠰᠢᠭᠲᠠᠢ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ᠂ ᠠᠵᠤ ᠠᠬᠤᠢ ᠶᠢᠨ ᠬᠥᠭᠵᠢᠯᠲᠡ ᠳᠤ | ᠠᠰᠢᠭᠲᠠᠢ ᠶᠤᠮ᠃ ᠡᠯᠧᠺᠳ᠋ᠷᠣᠨ ᠡᠵᠡᠩᠨᠡᠯᠲᠡ ᠶᠢᠨ ᠦᠨᠡᠮᠯᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠭᠠᠶᠢᠯᠢ ᠲᠤᠰᠢᠶᠠᠬᠤ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠥᠨᠳᠥᠷ ᠳᠠᠪᠲᠠᠮᠵᠢᠲᠤ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠥᠷᠭᠡᠳᠬᠡᠨ᠂ ᠡᠯᠧᠺᠳ᠋ᠷᠣᠨ ᠲᠠᠮᠠᠭ᠎ᠠ ᠶᠢ | ᠵᠡᠷᠭᠡ ᠪᠠᠷ ᠣᠯᠭᠤᠬᠤ ᠶᠢ ᠠᠬᠢᠭᠤᠯᠵᠤ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ | ᠪᠠᠭᠤᠷᠠᠭᠤᠯᠬᠤ ᠬᠡᠷᠡᠭᠲᠡᠢ᠃ ᠰᠠᠯᠠᠭ᠎ᠠ ᠮᠥᠴᠢᠷ ᠪᠠ ᠣᠷᠣᠨ ᠨᠤᠲᠤᠭ ᠤᠨ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ ᠶᠢ ᠴᠢᠩᠭᠠᠳᠬᠠᠵᠤ᠂ ᠡᠯᠧᠺᠳ᠋ᠷᠣᠨ ᠡᠵᠡᠩᠨᠡᠯᠲᠡ ᠶᠢᠨ ᠦᠨᠡᠮᠯᠡᠯ ᠵᠡᠷᠭᠡ ᠶᠢ ᠬᠠᠷᠢᠯᠴᠠᠨ ᠮᠡᠳᠡᠷᠡᠬᠦ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃ ᠬᠡᠰᠡᠭ ᠬᠤᠲᠠ ᠶᠢ ᠰᠣᠩᠭᠤᠨ ᠰᠠᠭᠤᠭᠠᠯᠢ ᠠᠷᠠᠳ ᠤᠨ ᠡᠯᠧᠺᠳ᠋ᠷᠣᠨ ᠪᠡᠶ᠎ᠡ ᠶᠢᠨ | ᠦᠨᠡᠮᠯᠡᠯ ᠤᠨ ᠲᠤᠷᠰᠢᠯᠲᠠ ᠬᠢᠬᠦ ᠶᠢ ᠬᠠᠤᠯᠢ ᠲᠣᠭᠲᠠᠭᠠᠯ ᠶᠣᠰᠣᠭᠠᠷ ᠬᠠᠶᠢᠨ ᠰᠦᠪᠡᠭᠴᠢᠯᠡᠵᠦ᠂ ᠲᠤᠷᠰᠢᠯᠲᠠ ᠶᠢᠨ | ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠬᠦ ᠪᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ | ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤ ᠰᠠᠬᠢᠬᠤ ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠭᠠᠯ ᠢ ᠪᠦᠷᠢᠨᠰᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠪᠢ | ᠬᠥᠮᠥᠨ ᠤ ᠮᠡᠳᠡᠭᠡ ᠵᠠᠩᠭᠢ᠂ ᠬᠤᠪᠢ ᠶᠢᠨ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ | ᠬᠠᠤᠯᠢ ᠶᠣᠰᠣᠭᠠᠷ ᠬᠠᠮᠠᠭᠠᠯᠠᠵᠤ᠂ ᠠᠮᠤᠷ ᠲᠦᠪᠰᠢᠨ ᠨᠠᠶᠢᠳᠠᠪᠤᠷᠢᠲᠠᠢ᠂ ᠳᠥᠭᠦᠮ ᠳᠥᠲᠡ ᠥᠨᠳᠥᠷ ᠪᠦᠲᠦᠮᠵᠢᠲᠡᠢ | ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠤᠴᠢᠷ ᠶᠠᠪᠤᠳᠠᠯ ᠰᠢᠢᠳᠪᠦᠷᠢᠯᠡᠬᠦ ᠳᠤ | ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ᠂ | ᠮᠡᠳᠡᠭᠡ ᠵᠠᠩᠭᠢ ᠶᠢ ᠳᠤᠷ᠎ᠠ ᠪᠠᠷ ᠬᠡᠷᠡᠭᠯᠡᠭᠰᠡᠨ ᠵᠡᠷᠭᠡ ᠬᠤᠪᠢ ᠬᠥᠮᠥᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠪᠤᠰᠤᠳ ᠵᠦᠢᠯ ᠢ ᠰᠤᠳᠤᠯᠪᠠ᠃ | |