7 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠬᠦ ᠪᠥᠮᠪᠥᠷᠴᠡᠭ ᠤᠨ | ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠬᠥᠮᠦᠨ ᠲᠥᠷᠥᠯᠬᠢᠲᠡᠨ ᠲᠡᠦᠬᠡ ᠶᠢᠨ ᠤᠷᠳᠤ ᠠᠶᠠᠨ ᠳᠤ ᠬᠡᠷᠡᠯ ᠰᠠᠴᠤᠷᠠᠩᠭᠤᠢ | ᠲᠠᠷᠢᠶᠠᠯᠠᠭ᠎ᠠ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠬᠥᠳᠡᠭᠡ ᠠᠵᠤ ᠠᠬᠤᠢ ᠶᠢᠨ ᠰᠣᠶᠣᠯ ᠤᠨ ᠥᠪ ᠢ | ᠬᠠᠮᠠᠭᠠᠯᠠᠬᠤ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠬᠠᠷᠢᠭᠤᠴᠠᠯᠭ᠎ᠠ ᠮᠥᠨ᠃ ᠳᠤᠮᠳᠠᠳᠤ ᠤᠯᠤᠰ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠬᠥᠳᠡᠭᠡ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ | ᠰᠠᠨᠠᠭᠠᠴᠢᠯᠠᠭ᠎ᠠ ᠶᠢ ᠢᠳᠡᠪᠬᠢᠲᠡᠢ ᠴᠤᠤᠷᠢᠶᠠᠲᠤᠵᠤ᠂ ᠠᠭᠤᠳᠠᠯᠬᠤ ᠳᠤᠮᠳᠠ ᠬᠠᠮᠠᠭᠠᠯᠠᠬᠤ᠂ ᠠᠰᠢᠭᠯᠠᠬᠤ ᠳᠤᠮᠳᠠ | ᠤᠯᠠᠮᠵᠢᠯᠠᠬᠤ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ ᠦᠢᠯᠡᠳᠦᠯᠭᠡ ᠶᠢ | ᠲᠠᠰᠤᠷᠠᠯᠳᠠ ᠦᠭᠡᠢ ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ᠂ ᠬᠥᠳᠡᠭᠡ | ᠠᠵᠤ ᠠᠬᠤᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠬᠠᠮᠲᠤ ᠪᠠᠷ ᠴᠢᠩᠭᠠᠳᠬᠠᠵᠤ᠂ ᠲᠡᠭᠦᠨ ᠤ ᠠᠵᠤ ᠠᠬᠤᠢ᠂ | ᠨᠡᠶᠢᠭᠡᠮ᠂ ᠰᠣᠶᠣᠯ᠂ ᠠᠮᠢ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠶᠢᠨ ᠦᠷᠳᠡᠭ ᠢ | ᠴᠢᠨᠠᠭᠰᠢᠳᠠ ᠠᠭᠤᠳᠠᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠤᠨ ᠶᠡᠭᠡ ᠬᠤᠷᠠᠯ ᠲᠤᠰ | ᠡᠳᠦᠷ ᠵᠧᠵᠢᠶᠠᠩ ᠮᠤᠵᠢ ᠶᠢᠨ ᠴᠢᠩᠲ᠋ᠢᠶᠠᠨ ᠰᠢᠶᠠᠨ ᠳᠤ ᠡᠬᠢᠯᠡᠪᠡ᠂ ︽ᠬᠠᠮᠲᠤ ᠶᠢᠨ ᠬᠥᠳᠡᠭᠡ ᠠᠵᠤ ᠠᠬᠤᠢ ᠶᠢᠨ | ᠥᠪ ᠢ ᠬᠠᠮᠠᠭᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ︾ | ᠭᠡᠬᠦ ᠭᠤᠣᠯ ᠰᠡᠳᠦᠪ ᠤᠨ ᠲᠤᠭᠤᠷᠢᠨᠳᠤ ᠶᠠᠪᠤᠬᠳᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ | ᠪᠣᠯᠤᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠬᠢᠯᠡᠪᠡ᠃ |