ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ | 7 ᠳ᠋ᠤᠭᠠᠷ ᠰᠠᠷ᠎ᠠ ᠶᠢᠨ 21 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠭᠰᠡᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ ᠣᠶᠢᠯᠠᠭᠠᠶ᠎ᠠ — | ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ | ᠪᠥᠭᠡᠳ ᠪᠤᠳᠤᠯᠢᠶᠠᠨᠲᠠᠢ ᠪᠠᠶᠢᠭᠰᠠᠭᠠᠷ ᠶᠤᠮ | 7 ᠳ᠋ᠤᠭᠠᠷ ᠰᠠᠷ᠎ᠠ ᠠᠴᠠ ᠨᠠᠭᠠᠰᠢ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ | ᠲᠦᠪᠰᠢᠨ ᠳᠤ ᠬᠡᠯᠪᠡᠯᠵᠡᠵᠦ᠂ ᠣᠶᠢᠷ᠎ᠠ ᠶᠢᠨ ᠬᠤᠭᠤᠴᠠᠭᠠᠨ ᠳᠤ ᠴᠥᠭᠡᠨ ᠭᠠᠵᠠᠷ ᠣᠷᠣᠨ ᠳᠤ ᠬᠢᠵᠢᠭ ᠤᠨ ᠪᠠᠶᠢᠳᠠᠯ | ᠳᠠᠬᠢᠨ ᠢᠯᠡᠷᠡᠵᠦ᠂ ᠣᠯᠠᠨ ᠭᠠᠵᠠᠷ ᠲᠤ ᠪᠠᠶᠢᠨ ᠳᠠᠬᠢᠨ ᠳᠡᠯᠭᠡᠷᠡᠬᠦ ᠪᠠᠶᠢᠳᠠᠯ ᠭᠠᠷᠴᠤ᠂ ᠭᠠᠭᠴᠠ ᠡᠳᠦᠷ ᠤᠨ | ᠮᠡᠳᠡᠭᠦᠯᠦᠯᠲᠡ ᠳᠤ ᠲᠤᠬᠠᠢ ᠶᠢᠨ ᠭᠠᠵᠠᠷ ᠣᠷᠣᠨ ᠤ ᠬᠠᠯᠳᠠᠪᠤᠷᠢᠯᠠᠭᠰᠠᠳ ᠤᠨ ᠲᠤᠭ᠎ᠠ ᠡᠳᠦᠢ ᠲᠡᠳᠦᠢ ᠨᠡᠮᠡᠭᠳᠡᠵᠡᠢ᠃ | ᠣᠶᠢᠷ᠎ᠠ ᠶᠢᠨ ᠨᠢᠭᠡ ᠭᠠᠷᠠᠭ ᠲᠤ᠂ ᠬᠢᠵᠢᠭ ᠤᠨ ᠪᠠᠶᠢᠳᠠᠯ 21 ᠮᠤᠵᠢ ᠣᠷᠣᠨ ᠤ 78 ᠣᠷᠣᠨ ᠬᠤᠲᠠ ᠶᠢ | ᠬᠠᠮᠤᠷᠴᠤ᠂ ᠡᠭᠦᠨ ᠤ ᠳᠣᠲᠣᠷ᠎ᠠ 7 ᠮᠤᠵᠢ ᠣᠷᠣᠨ ᠤ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠵᠠᠭᠤ ᠶᠢ | ᠳᠠᠪᠠᠵᠠᠢ᠃ ᠭᠠᠨᠰᠤ ᠶᠢᠨ ᠯᠠᠨᠵᠧᠦ᠂ ᠭᠤᠸᠠᠩᠰᠢ ᠶᠢᠨ ᠪᠧᠢ ᠬᠠᠢ᠂ ᠾᠧᠨᠠᠨ ᠤ ᠵᠤ᠋ ᠮᠠ ᠳ᠋ᠢᠶᠠᠨ ᠤ ᠬᠢᠵᠢᠭ ᠤᠨ | ᠪᠠᠶᠢᠳᠠᠯ ᠮᠥᠨ ᠬᠦ ᠬᠥᠭᠵᠢᠯᠲᠡ ᠶᠢᠨ ᠱᠠᠲᠤᠨ ᠳᠤ ᠪᠠᠨ ᠪᠠᠶᠢᠵᠤ᠂ ᠨᠡᠶᠢᠭᠡᠮ ᠤᠨ ᠬᠡᠪᠴᠢᠶᠡᠨ ᠳᠤ ᠬᠠᠯᠳᠠᠪᠤᠷᠢᠯᠠᠬᠤ | ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠡᠯ᠎ᠡ ᠭᠠᠵᠠᠷ ᠤᠨ ᠬᠢᠨ ᠲᠤᠬᠠᠢ ᠶᠢᠨ | ᠭᠠᠵᠠᠷ ᠲᠤ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ ᠴᠥᠮ ᠣᠬᠤᠷᠬᠠᠨ ᠬᠤᠭᠤᠴᠠᠭᠠᠨ ᠤ ᠳᠣᠲᠣᠷ᠎ᠠ | ᠪᠦᠲᠦᠮᠵᠢᠲᠡᠶ ᠪᠠᠷ ᠡᠵᠡᠮᠳᠡᠵᠦ᠂ ᠬᠢᠵᠢᠭ ᠤᠨ ᠪᠠᠶᠢᠳᠠᠯ ᠤᠨ ᠨᠥᠯᠥᠭᠡ ᠨᠡᠯᠢᠶᠡᠳ ᠬᠢᠵᠠᠭᠠᠷᠲᠠᠢ ᠪᠣᠯᠵᠤ᠂ ᠡᠯ᠎ᠡ | ᠭᠠᠵᠠᠷ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠨᠢ ᠨᠢᠭᠡᠨᠲᠡ | ᠤᠯᠠᠮ ᠨᠢᠭᠡ ᠠᠯᠬᠤᠮ ᠳᠡᠭᠡᠭᠰᠢᠯᠡᠭᠰᠡᠨ ᠪᠠᠶᠢᠨ᠎ᠠ᠃ | ᠭᠡᠪᠡᠴᠦ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠳᠠᠬᠢᠨ ᠡᠭᠦᠰᠴᠦ᠂ ᠵᠣᠨ ᠤ ᠠᠮᠠᠷᠠᠯᠲᠠ ᠶᠢᠨ | ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠥᠮᠥᠰ ᠤᠨ ᠰᠢᠯᠵᠢᠯᠲᠡ ᠶᠢᠨ ᠬᠡᠮᠵᠢᠶ᠎ᠡ ᠨᠡᠮᠡᠭᠳᠡᠵᠦ᠂ ᠡᠯ᠎ᠡ | ᠭᠠᠵᠠᠷ ᠲᠤ ᠲᠤᠬᠠᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠬᠦ ᠲᠦᠭᠰᠢᠭᠦᠷᠢ ᠡᠳᠦᠢ ᠲᠡᠳᠦᠢ ᠨᠡᠮᠡᠭᠳᠡᠵᠦ᠂ | ᠪᠥᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ | ᠨᠠᠷᠢᠨ ᠪᠤᠳᠤᠯᠢᠶᠠᠨᠲᠠᠢ ᠪᠠᠶᠢᠨ᠎ᠠ᠃ ᠡᠯ᠎ᠡ ᠭᠠᠵᠠᠷ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠲᠥᠰᠥᠯ ︵ᠶᠢᠰᠦᠳᠦᠭᠡᠷ ᠬᠡᠪ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ | ᠵᠢᠷᠤᠮᠯᠠᠨ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠰᠡᠷᠭᠡᠶᠢᠯᠡᠨ ᠡᠵᠡᠮᠳᠡᠬᠦ | ᠵᠠᠷᠴᠢᠮ ᠢ ᠪᠠᠷᠢᠮᠲᠠᠯᠠᠵᠤ᠂ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠪᠥᠬᠦ ᠬᠡᠯᠬᠢᠶ᠎ᠡ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ | ᠡᠵᠡᠮᠳᠡᠬᠦ ᠪᠠᠶᠢᠳᠠᠯ ᠳᠣᠣᠷᠠᠬᠢ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ ᠰᠡᠷᠭᠡᠭ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠠᠷᠭ᠎ᠠ ᠬᠡᠮᠵᠢᠶ᠎ᠡ ᠠᠪᠬᠤ ᠳᠤ ᠪᠠᠨ | ᠡᠷᠡᠰ ᠰᠢᠭᠤᠷᠬᠠᠢ ᠪᠠᠶᠢᠵᠤ᠂ ᠲᠦᠷᠭᠡᠨ ᠢᠶᠠᠷ ᠲᠦᠷᠭᠡᠨ ᠢ ᠡᠵᠡᠮᠳᠡᠬᠦ ᠶᠢ ᠪᠠᠷᠢᠮᠲᠠᠯᠠᠵᠤ᠂ ᠬᠠᠮᠤᠭ ᠤᠨ ᠣᠬᠤᠷ | ᠬᠤᠭᠤᠴᠠᠭᠠᠨ ᠳᠤ ᠬᠢᠵᠢᠭ ᠤᠨ ᠪᠠᠶᠢᠳᠠᠯ ᠢ ᠬᠠᠮᠤᠭ ᠤᠨ ᠪᠠᠭ᠎ᠠ ᠬᠡᠪᠴᠢᠶᠡᠨ ᠳᠤ ᠵᠣᠭᠰᠣᠭᠠᠬᠤ ᠪᠠᠷ ᠴᠢᠷᠮᠠᠶᠢᠵᠤ᠂ | ᠬᠡᠪᠴᠢᠶᠡᠲᠦ ᠬᠢᠵᠢᠭ ᠤᠨ ᠪᠠᠶᠢᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠥᠨᠳᠥᠷ ᠳᠡᠰ ᠤᠨ ᠲᠦᠭᠰᠢᠭᠦᠷᠢᠲᠦ | ᠣᠷᠣᠨ ᠢ ᠵᠠᠭᠠᠭᠯᠠᠨ ᠲᠣᠭᠲᠠᠭᠠᠬᠤ ᠪᠠ ᠠᠳᠠᠯᠢ ᠪᠤᠰᠤ ᠲᠦᠭᠰᠢᠭᠦᠷᠢᠲᠦ ᠣᠷᠣᠨ ᠪᠦᠰᠡ ᠶᠢ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠳᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ︖ | ᠥᠩᠭᠡᠷᠡᠭᠰᠡᠨ ᠤ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠲᠤᠬᠠᠢ ᠶᠢᠨ ᠭᠠᠵᠠᠷ ᠣᠷᠣᠨ ᠤ ᠬᠢᠵᠢᠭ ᠤᠨ | ᠪᠠᠶᠢᠳᠠᠯ ᠡᠭᠦᠰᠦᠭᠰᠡᠨ ᠭᠠᠵᠠᠷ ᠲᠤ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ | ᠲᠣᠭᠲᠠᠭᠠᠬᠤ ᠴᠢᠬᠤᠯᠠᠲᠠᠢ ᠪᠠᠶᠢᠵᠤ᠂ ᠪᠤᠰᠤᠳ ᠭᠠᠵᠠᠷ ᠣᠷᠣᠨ ᠤ ᠣᠷᠣᠵᠤ ᠢᠷᠡᠵᠦ ᠮᠡᠳᠡᠬᠦ ᠲᠦᠭᠰᠢᠭᠦᠷᠢᠲᠦ | ᠬᠥᠮᠥᠰ ᠢ ᠴᠠᠭ ᠲᠤᠬᠠᠢ ᠲᠤ ᠨᠢ ᠵᠢᠭᠰᠠᠭᠠᠨ ᠪᠠᠶᠢᠴᠠᠭᠠᠬᠤ ᠳᠤ ᠲᠥᠬᠦᠮ ᠦᠵᠡᠭᠦᠯᠵᠦ ᠪᠠᠶᠢᠪᠠ︔ ᠡᠭᠦᠨ ᠤ ᠬᠠᠮᠲᠤ | ᠪᠠᠰᠠ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠪᠠ ᠰᠡᠷᠭᠡᠶᠢᠯᠡᠯᠲᠡ ᠶᠢᠨ ᠣᠷᠣᠨ ᠢ | ᠵᠠᠭᠠᠭᠯᠠᠨ ᠲᠣᠭᠲᠠᠭᠠᠵᠤ᠂ ᠲᠤᠬᠠᠢ ᠶᠢᠨ ᠭᠠᠵᠠᠷ ᠤᠨ ᠬᠢᠵᠢᠭ ᠤᠨ ᠬᠠᠯᠳᠠᠪᠤᠷᠢᠯᠠᠯ ᠢ ᠲᠦᠷᠭᠡᠨ ᠰᠢᠢᠳᠪᠦᠷᠢᠯᠡᠬᠦ ᠳᠤ | ᠲᠥᠬᠦᠮ ᠦᠵᠡᠭᠦᠯᠵᠦ ᠪᠠᠶᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠢ ᠠᠵᠢᠯᠯᠠᠭ᠎ᠠ ᠶᠢ ᠤᠯᠠᠮ | ᠨᠢᠭᠡ ᠠᠯᠬᠤᠮ ᠳᠥᠭᠦᠮᠴᠢᠯᠡᠵᠦ᠂ ᠬᠤᠶᠠᠷ ᠢᠵᠢ ᠲᠦᠭᠰᠢᠭᠦᠷᠢ ᠶᠢᠨ ᠣᠷᠣᠨ ᠪᠦᠰᠡ ᠶᠢ ᠵᠠᠭᠠᠭᠯᠠᠨ ᠲᠣᠭᠲᠠᠭᠠᠬᠤ | ᠠᠵᠢᠯ ᠤᠨ ᠳᠤᠮᠳᠠ ᠢᠯᠡᠷᠡᠭᠰᠡᠨ ᠵᠠᠷᠢᠮ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠶᠢᠰᠦᠳᠦᠭᠡᠷ ᠬᠡᠪ ᠤᠨ | ᠰᠡᠷᠭᠡᠶᠢᠯᠡᠨ ᠡᠵᠡᠮᠳᠡᠬᠦ ᠲᠥᠰᠥᠯ ᠳᠤ ᠬᠤᠶᠠᠷ ᠢᠵᠢ ᠲᠦᠭᠰᠢᠭᠦᠷᠢ ᠶᠢᠨ ᠣᠷᠣᠨ ᠪᠦᠰᠡ ᠶᠢ ᠵᠠᠭᠠᠭᠯᠠᠨ ᠲᠣᠭᠲᠠᠭᠠᠬᠤ | ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠭᠤᠯᠤᠨ ᠵᠣᠬᠢᠴᠠᠭᠤᠯᠵᠤ᠂ | ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨᠤ ᠤᠬᠠᠭᠳᠠᠬᠤᠨ ᠢ ᠨᠢᠭᠡᠳᠦᠯᠲᠡᠢ ᠬᠡᠷᠡᠭᠯᠡᠨ᠂ | ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ | ᠪᠣᠯᠭᠠᠪᠠ᠃ | ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠯ ᠢ ᠬᠢᠵᠢᠭ ᠤᠨ ᠪᠠᠶᠢᠳᠠᠯ | ᠭᠠᠷᠤᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠳᠣᠲᠣᠷ᠎ᠠ ᠬᠤᠪᠢᠶᠠᠷᠢᠯᠠᠨ᠎ᠠ᠃ ᠬᠢᠵᠢᠭ ᠤᠨ ᠪᠠᠶᠢᠳᠠᠯ | ᠭᠠᠷᠤᠭᠰᠠᠨ ᠦᠭᠡᠢ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠣᠷᠣᠨ ᠪᠦᠰᠡ ᠳᠤ ᠪᠠᠶᠢᠩᠭᠤ ᠶᠢᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ | ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ᠂ ᠰᠢᠯᠵᠢᠨ ᠣᠴᠢᠭᠰᠠᠨ ᠭᠠᠵᠠᠷ ᠲᠤ 7 ᠡᠳᠦᠷ ᠤᠨ | ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ︔ ᠣᠷᠣᠨ ᠪᠦᠰᠡ ᠠᠯᠤᠰᠯᠠᠵᠤ | ᠭᠠᠳᠠᠭᠰᠢ ᠭᠠᠷᠤᠭᠰᠠᠨ ᠳᠤᠮᠳᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ 7 ᠡᠳᠦᠷ ᠤᠨ ᠭᠡᠷ ᠲᠤ ᠪᠠᠨ | ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠡ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ | ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ ᠲᠤᠰᠠᠭᠠᠷᠯᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠠᠪᠬᠤ ᠴᠢᠬᠤᠯᠠ ᠦᠭᠡᠢ᠂ ᠭᠡᠪᠡᠴᠦ 3 ᠡᠳᠦᠷ ᠤᠨ ᠳᠣᠲᠣᠷ᠎ᠠ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠶᠢ ᠪᠡᠶᠡᠯᠡᠭᠦᠯᠬᠦ ᠶᠢᠨ ᠬᠠᠮᠲᠤ ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ | ᠬᠡᠷᠡᠭᠲᠡᠢ᠃ | ᠬᠢᠵᠢᠭ ᠤᠨ ᠪᠠᠶᠢᠳᠠᠯ ᠭᠠᠷᠤᠭᠰᠠᠨ ᠦᠭᠡᠢ ᠭᠠᠵᠠᠷ ᠣᠷᠣᠨ ᠨᠢ ᠳᠣᠣᠷ᠎ᠠ ᠳᠡᠰ ᠤᠨ ᠲᠦᠭᠰᠢᠭᠦᠷᠢᠲᠦ | ᠣᠷᠣᠨ ᠳᠤ ᠬᠠᠷᠢᠶᠠᠯᠠᠭᠳᠠᠨ᠎ᠠ ᠦᠦ︖ | ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠭᠠᠳᠠᠭᠰᠢ ᠭᠠᠷᠬᠤ ᠳᠤ ᠪᠥᠭᠡᠮ ᠬᠦᠴᠢᠯ ᠤᠨ | ᠪᠢᠯᠢᠭ ᠴᠢᠨᠠᠷ ᠤᠨ ᠭᠡᠷᠡᠴᠢ ᠶᠢ ᠠᠪᠴᠤ ᠶᠠᠪᠤᠬᠤ ᠬᠡᠷᠡᠭᠲᠡᠢ ᠦᠦ︖ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ | ᠲᠥᠰᠥᠯ ᠳᠤ᠂ ᠳᠣᠣᠷ᠎ᠠ ᠳᠡᠰ ᠤᠨ ᠲᠦᠭᠰᠢᠭᠦᠷᠢᠲᠦ ᠣᠷᠣᠨ ᠭᠡᠳᠡᠭ ᠨᠢ ᠥᠨᠳᠥᠷ ᠳᠤᠮᠳᠠ ᠳᠡᠰ ᠤᠨ ᠲᠦᠭᠰᠢᠭᠦᠷᠢᠲᠦ | ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠢ ᠵᠢᠭᠠᠵᠤ ᠪᠣᠶ᠃ | ᠥᠨᠳᠥᠷ ᠳᠤᠮᠳᠠ ᠳᠡᠰ ᠤᠨ ᠲᠦᠭᠰᠢᠭᠦᠷᠢᠲᠦ ᠣᠷᠣᠨ ᠠᠴᠠ ᠲᠦᠭᠰᠢᠭᠦᠷᠢ ᠶᠢᠨ ᠬᠡᠮᠵᠢᠶ᠎ᠡ ᠳᠣᠣᠷ᠎ᠠ ᠪᠣᠯᠪᠠᠴᠤ | ᠬᠢᠵᠢᠭ ᠤᠨ ᠪᠠᠶᠢᠳᠠᠯ ᠦᠭᠡᠢ ᠰᠢᠶᠠᠨ ︵ᠬᠤᠲᠠ᠂ ᠲᠣᠭᠤᠷᠢᠭ᠂ ᠬᠤᠰᠢᠭᠤ︶ ᠲᠠᠢ ᠬᠠᠷᠢᠴᠠᠭᠤᠯᠪᠠᠯ ᠵᠣᠬᠢᠬᠤ | ᠬᠡᠮᠵᠢᠶᠡᠨ ᠤ ᠲᠦᠭᠰᠢᠭᠦᠷᠢ ᠲᠠᠢ ᠪᠠᠶᠢᠳᠠᠭ᠃ ᠬᠢᠵᠢᠭ ᠤᠨ ᠪᠠᠶᠢᠳᠠᠯ ᠭᠠᠷᠤᠭᠰᠠᠨ ᠦᠭᠡᠢ ᠰᠢᠶᠠᠨ ︵ᠬᠤᠲᠠ᠂ | ᠲᠣᠭᠤᠷᠢᠭ᠂ ᠬᠤᠰᠢᠭᠤ︶ ᠤ ᠪᠥᠬᠦ ᠣᠷᠣᠨ ᠪᠦᠰᠡ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠪᠠᠶᠢᠭ᠎ᠠ ᠭᠠᠵᠠᠷ ᠣᠷᠣᠨ ᠪᠤᠶᠤ | ᠬᠤᠲᠠ ᠠᠴᠠ ᠪᠠᠨ ᠰᠠᠯᠪᠠᠯ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠶᠢ ᠠᠪᠴᠤ ᠶᠠᠪᠤᠬᠤ ᠬᠡᠷᠡᠭᠲᠡᠢ᠃ ᠳᠣᠣᠷ᠎ᠠ ᠳᠡᠰ ᠤᠨ ᠲᠦᠭᠰᠢᠭᠦᠷᠢᠲᠦ ᠣᠷᠣᠨ ᠤ ᠬᠥᠮᠥᠰ ᠲᠤ | ᠰᠠᠨᠠᠭᠤᠯᠬᠤ ᠨᠢ᠂ ᠣᠷᠣᠨ ᠪᠦᠰᠡ ᠠᠯᠤᠰᠯᠠᠨ ᠰᠢᠯᠵᠢᠬᠦ ᠦᠶ᠎ᠡ ᠳᠤ᠂ ᠵᠣᠷᠢᠭᠰᠠᠨ ᠭᠠᠵᠠᠷ ᠲᠤ ᠪᠠᠨ ᠬᠦᠷᠦᠭᠰᠡᠨ ᠤ | ᠳᠠᠷᠠᠭ᠎ᠠ ᠴᠠᠭ ᠲᠤᠬᠠᠢ ᠳᠤ ᠨᠢ ᠰᠠᠭᠤᠭ᠎ᠠ ᠨᠡᠶᠢᠭᠡᠮ ᠲᠣᠭᠤᠷᠢᠭ ᠪᠤᠶᠤ ᠵᠣᠴᠢᠳ ᠤᠨ ᠪᠠᠭᠤᠳᠠᠯ ᠳᠤ ᠮᠡᠳᠡᠭᠦᠯᠦᠨ | ᠳᠠᠩᠰᠠᠯᠠᠭᠤᠯᠵᠤ᠂ ᠱᠠᠭᠠᠷᠳᠠᠯᠭ᠎ᠠ ᠶᠣᠰᠣᠭᠠᠷ ᠭᠤᠷᠪᠠᠨ ᠡᠳᠦᠷ ᠤᠨ ᠳᠣᠲᠣᠷ᠎ᠠ ᠬᠤᠶᠠᠷ ᠤᠳᠠᠭᠠᠨ ᠤ ᠪᠠᠶᠢᠴᠠᠭᠠᠯᠲᠠ ᠶᠢ | ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠣᠷᠣᠯᠴᠠᠵᠤ᠂ ᠥᠪᠡᠷ | ᠪᠤᠰᠤᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃ | ᠲᠦᠭᠰᠢᠭᠦᠷᠢ ᠲᠠᠢ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ ᠮᠠᠶ᠋ᠢᠭ ᠲᠤ | ᠲᠣᠬᠢᠷᠠᠭᠤᠯᠤᠯᠲᠠ ᠬᠢᠬᠦ ᠪᠣᠯ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠪᠠᠶᠢᠭ᠎ᠠ ᠶᠠᠪᠤᠳᠠᠯ ᠮᠥᠨ ᠪᠣᠯᠬᠤᠷ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ | ᠶᠤᠮ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠥᠯᠥᠭᠡ᠂ 2022 ᠣᠨ ᠤ 4 — 5 ᠳ᠋ᠤᠭᠠᠷ ᠰᠠᠷ᠎ᠠ ᠶᠢᠨ ᠬᠤᠭᠤᠴᠠᠭᠠᠨ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ | ᠪᠥᠬᠦ ᠤᠯᠤᠰ ᠲᠤ ᠬᠢᠯᠢ ᠪᠠᠷ ᠣᠷᠣᠵᠤ ᠢᠷᠡᠬᠦ 7 ᠬᠤᠲᠠ ᠶᠢ ᠰᠣᠩᠭᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ | ᠲᠤᠷᠰᠢᠯᠲᠠ ᠶᠢᠨ ᠰᠤᠳᠤᠯᠭᠠᠨ ᠤ ᠠᠵᠢᠯ ᠢ ᠥᠷᠨᠢᠭᠦᠯᠪᠡ᠃ ᠡᠭᠦᠨ ᠤ ᠭᠤᠣᠯ ᠠᠭᠤᠯᠭ᠎ᠠ ᠨᠢ ᠬᠢᠯᠢ ᠪᠠᠷ ᠣᠷᠣᠵᠤ | ᠢᠷᠡᠭᠰᠡᠳ᠂ ᠨᠢᠭᠲᠠ ᠣᠶᠢᠷᠠᠲᠤᠭᠰᠠᠳ᠂ ᠪᠢᠲᠡᠭᠦᠮᠵᠢᠯᠡᠨ ᠡᠵᠡᠮᠳᠡᠬᠦ ᠣᠷᠣᠨ ᠪᠠ ᠬᠠᠮᠢᠶᠠᠷᠤᠨ ᠡᠵᠡᠮᠳᠡᠬᠦ ᠣᠷᠣᠨ ᠤ | ᠳᠣᠲᠣᠷᠠᠬᠢ ᠬᠥᠮᠥᠰ᠂ ᠲᠦᠭᠰᠢᠭᠦᠷᠢ ᠶᠡᠬᠡᠲᠡᠢ ᠠᠵᠢᠯ ᠤᠨ ᠪᠠᠶᠢᠷᠢ ᠶᠢᠨ ᠠᠵᠢᠯᠯᠠᠭᠰᠠᠳ ᠢ ᠠᠵᠢᠭᠯᠠᠬᠤ ᠪᠠ ᠭᠡᠷᠡᠴᠢᠯᠡᠬᠦ | ᠵᠡᠷᠭᠡ ᠳᠥᠷᠪᠡᠨ ᠲᠥᠷᠥᠯ ᠤᠨ ᠲᠦᠭᠰᠢᠭᠦᠷᠢ ᠲᠠᠢ ᠬᠥᠮᠥᠰ ᠤᠨ ᠠᠷᠭ᠎ᠠ ᠴᠢᠨᠠᠷ ᠤᠨ ᠪᠠᠶᠢᠴᠠᠭᠠᠯᠲᠠ ᠶᠢᠨ ᠪᠠᠶᠢᠳᠠᠯ ᠪᠠ | ᠠᠷᠭ᠎ᠠ ᠵᠠᠮ ᠤᠨ ᠬᠤᠪᠢᠷᠠᠯᠲᠠ ᠶᠢᠨ ᠴᠠᠭ ᠤᠨ ᠣᠨᠴᠠᠯᠢᠭ ᠪᠣᠯᠣᠨ᠎ᠠ᠃ | ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ | ᠨᠢᠭᠤᠭᠳᠠᠮᠠᠯ ᠬᠤᠭᠤᠴᠠᠭ᠎ᠠ ᠨᠢ ᠣᠬᠤᠷ ᠪᠠᠶᠢᠵᠤ᠂ ᠣᠯᠠᠩᠬᠢ ᠳᠤ ᠪᠠᠨ 2 — 4 ᠡᠳᠦᠷ ᠪᠠᠶᠢᠳᠠᠭ︔ ᠣᠯᠠᠩᠬᠢ | ᠬᠠᠯᠳᠠᠪᠤᠷᠢᠯᠠᠭᠰᠠᠳ ᠢ 7 ᠡᠳᠦᠷ ᠤᠨ ᠳᠣᠲᠣᠷ᠎ᠠ ᠪᠠᠶᠢᠴᠠᠭᠠᠨ ᠭᠠᠷᠭᠠᠵᠤ ᠳᠡᠶᠢᠯᠳᠡᠭ᠃ ᠲᠡᠭᠡᠪᠡᠯ᠂ ᠨᠢᠭᠲᠠ | ᠣᠶᠢᠷᠠᠲᠤᠭᠰᠠᠳ᠂ ᠬᠢᠯᠢ ᠪᠠᠷ ᠣᠷᠣᠵᠤ ᠢᠷᠡᠭᠰᠡᠳᠢ ᠲᠤᠰᠠᠭᠠᠷᠯᠠᠵᠤ᠂ ᠬᠠᠮᠢᠶᠠᠷᠤᠨ ᠡᠵᠡᠮᠳᠡᠬᠦ ᠴᠠᠭ ᠢ ︽14 ᠡᠳᠦᠷ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠪᠠᠶᠢᠭᠰᠠᠨ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠬᠢᠬᠦ︾ ᠪᠣᠯᠭᠠᠨ ᠲᠣᠬᠢᠷᠠᠭᠤᠯᠪᠠ︔ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ | ᠭᠥᠯᠢᠶᠡᠨ ᠠᠪᠴᠤ ᠡᠵᠡᠮᠳᠡᠬᠦ ᠠᠷᠭ᠎ᠠ ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ︾ ᠪᠠᠶᠢᠭᠰᠠᠨ ᠠᠴᠠ ︽7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ | ᠠᠵᠢᠭᠯᠠᠯᠲᠠ ᠬᠢᠬᠦ︾ ᠪᠣᠯᠭᠠᠨ ᠲᠣᠬᠢᠷᠠᠭᠤᠯᠪᠠ᠃ ᠡᠶᠢᠮᠦᠷᠬᠦ ᠲᠣᠬᠢᠷᠠᠭᠤᠯᠤᠯᠲᠠ ᠨᠢ ᠣᠮᠢᠺᠷᠦᠨ ᠣᠨᠳᠣᠣᠰᠢᠭᠰᠠᠨ | ᠸᠢᠷᠦ᠋ᠰ ᠤᠨ ᠳᠡᠯᠭᠡᠷᠡᠯᠲᠡ ᠶᠢᠨ ᠣᠨᠴᠠᠯᠢᠭ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ ᠪᠠᠶᠢᠵᠤ᠂ | ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠭᠰᠡᠨ ᠤ ᠢᠯᠡᠷᠡᠯ ᠮᠥᠨ᠃ ᠬᠢᠵᠢᠭ ᠤᠨ ᠪᠠᠶᠢᠳᠠᠯ ᠡᠭᠦᠰᠦᠭᠰᠡᠨ ᠤ | ᠳᠠᠷᠠᠭ᠎ᠠ᠂ ᠡᠳᠡᠭᠡᠷ ᠨᠥᠬᠦᠴᠡᠯ ᠢ ᠬᠠᠩᠭᠠᠪᠠᠯ ᠪᠦᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠬᠤᠯᠠ | ᠦᠭᠡᠢ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠥᠯ ᠳᠠᠬᠢ ᠪᠥᠭᠡᠮ ᠬᠦᠴᠢᠯ ᠢ ᠪᠠᠶᠢᠴᠠᠭᠠᠨ ᠰᠢᠯᠭᠠᠬᠤ | ᠠᠷᠭ᠎ᠠ ᠪᠣᠳᠣᠯᠭ᠎ᠠ ᠳᠤ᠂ ᠠᠳᠠᠯᠢ ᠪᠤᠰᠤ ᠪᠠᠶᠢᠳᠠᠯ ᠳᠣᠣᠷᠠᠬᠢ ᠣᠷᠣᠨ ᠪᠦᠰᠡ ᠶᠢᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭᠠᠬᠢ ᠪᠠ | ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠯ ᠳᠣᠣᠷᠠᠬᠢ ᠣᠷᠣᠨ ᠪᠦᠰᠡ ᠶᠢᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠠᠷᠭ᠎ᠠ ᠪᠣᠳᠣᠯᠭ᠎ᠠ ᠶᠢ ᠲᠣᠳᠣᠷᠬᠠᠢ ᠲᠣᠭᠲᠠᠭᠠᠵᠠᠢ᠃ | ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠡᠷᠪᠡ ᠳᠠᠬᠤᠯ ᠡᠪᠡᠳᠴᠢᠨ ᠤ ᠰᠤᠳᠤᠯᠤᠯᠲᠠ ᠪᠠᠷ ᠳᠡᠮᠵᠢᠨ | ᠳᠣᠣᠷᠠᠬᠢ ᠨᠥᠬᠦᠴᠡᠯ ᠤᠳ ᠢ ᠬᠠᠩᠭᠠᠪᠠᠯ᠄ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ︔ ᠬᠠᠯᠳᠠᠪᠤᠷᠢᠯᠠᠯ ᠤᠨ | ᠬᠡᠯᠬᠢᠶ᠎ᠡ ᠲᠣᠳᠣᠷᠬᠠᠢ︔ ᠨᠡᠶᠢᠭᠡᠮ ᠲᠣᠭᠤᠷᠢᠭ ᠢᠶᠠᠷ ᠤᠯᠠᠮᠵᠢᠯᠠᠨ ᠲᠠᠷᠬᠠᠭᠠᠭᠰᠠᠨ ᠦᠭᠡᠢ ᠪᠠᠶᠢᠪᠠᠯ᠂ ᠬᠢᠵᠢᠭ ᠤᠨ | ᠪᠠᠶᠢᠳᠠᠯ ᠡᠭᠦᠰᠦᠭᠰᠡᠨ ᠣᠷᠣᠨ ᠳᠤ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ | ᠴᠢᠬᠤᠯᠠ ᠦᠭᠡᠢ᠂ ᠲᠦᠭᠰᠢᠭᠦᠷᠢᠲᠦ ᠣᠷᠣᠨ ᠪᠦᠰᠡ ᠪᠣᠯᠣᠨ ᠴᠠᠭ ᠬᠤᠭᠤᠴᠠᠭ᠎ᠠ ᠪᠠ ᠣᠷᠣᠨ ᠵᠠᠢ ᠳᠠᠪᠬᠤᠴᠠᠭᠰᠠᠨ | ᠬᠥᠮᠥᠰ ᠲᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠢ᠃ ᠬᠡᠷᠪᠡ | ᠬᠠᠯᠳᠠᠪᠤᠷᠢᠲᠤ ᠡᠪᠡᠳᠴᠢᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠠᠯᠳᠠᠪᠤᠷᠢᠯᠠᠯ ᠤᠨ ᠬᠡᠯᠬᠢᠶ᠎ᠡ ᠲᠣᠳᠣᠷᠬᠠᠢ | ᠦᠭᠡᠢ᠂ ᠲᠦᠭᠰᠢᠭᠦᠷᠢᠲᠦ ᠲᠠᠯᠠᠪᠤᠷ ᠭᠠᠵᠠᠷ ᠪᠠ ᠲᠦᠭᠰᠢᠭᠦᠷᠢᠲᠦ ᠬᠦᠮᠦᠰ ᠣᠯᠠᠨ᠂ ᠲᠦᠭᠰᠢᠭᠦᠷᠢᠲᠦ ᠬᠦᠮᠦᠰ ᠤᠨ | ᠰᠢᠯᠵᠢᠮᠡᠯ ᠴᠢᠨᠠᠷ ᠶᠡᠭᠡ᠂ ᠬᠢᠵᠢᠭ ᠤᠨ ᠪᠠᠶᠢᠳᠠᠯ ᠳᠤ ᠲᠠᠷᠬᠠᠬᠤ ᠲᠦᠭᠰᠢᠭᠦᠷᠢ ᠣᠷᠣᠰᠢᠵᠤ ᠪᠠᠶᠢᠪᠠᠯ᠂ ᠣᠷᠣᠨ | ᠪᠦᠰᠡ ᠶᠢᠨ ᠪᠥᠬᠦ ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ | ᠣᠮᠢᠺᠷᠦᠨ ᠣᠨᠳᠣᠣᠰᠢᠭᠰᠠᠨ ᠸᠢᠷᠦ᠋ᠰ BA.4 ᠪᠠ BA.5 ᠳᠡᠳ᠋ ᠰᠠᠯᠪᠤᠷᠢ ᠶᠢᠨ ᠲᠠᠷᠬᠠᠬᠤ ᠴᠢᠳᠠᠪᠤᠷᠢ | ᠪᠠ ᠡᠪᠡᠳᠴᠢᠯᠡᠭᠦᠯᠬᠦ ᠴᠢᠳᠠᠪᠤᠷᠢ ᠨᠢ ᠶᠠᠮᠠᠷ ᠵᠡᠷᠭᠡ ᠪᠤᠢ BA.4᠂ BA.5 ᠳᠡᠳ᠋ ᠰᠠᠯᠪᠤᠷᠢ ᠶᠢᠨ ᠲᠠᠷᠬᠠᠬᠤ | ᠴᠢᠳᠠᠪᠤᠷᠢ ᠨᠢ ᠪᠤᠰᠤᠳ ᠤᠮᠢᠺᠷᠤᠨ ᠤ ᠣᠨᠳᠣᠣᠰᠢᠭᠰᠠᠨ ᠸᠢᠷᠦ᠋ᠰ ᠠᠴᠠ ᠵᠢᠭᠠᠬᠠᠨ ᠨᠡᠮᠡᠭᠳᠡᠵᠦ᠂ BA.4᠂ BA.5 | ᠳᠡᠳ᠋ ᠰᠠᠯᠪᠤᠷᠢ ᠶᠢᠨ ᠡᠪᠡᠳᠴᠢᠯᠡᠭᠦᠯᠬᠦ ᠴᠢᠳᠠᠪᠤᠷᠢ ᠨᠢ ᠶᠡᠷᠦᠩᠬᠡᠢ ᠳᠤ ᠪᠠᠨ ᠪᠤᠰᠤᠳ ᠤᠮᠢᠺᠷᠤᠨ ᠤ ᠣᠨᠳᠣᠣᠰᠢᠭᠰᠠᠨ | ᠸᠢᠷᠦ᠋ᠰ ᠲᠠᠢ ᠠᠳᠠᠯᠢᠪᠲᠤᠷ ᠪᠠᠶᠢᠳᠠᠭ᠃ ᠭᠡᠪᠡᠴᠦ ᠨᠠᠰᠤᠲᠠᠶᠢᠴᠤᠳ ᠤᠨ ᠳᠤᠮᠳᠠ ᠲᠦᠷᠭᠡᠨ ᠢᠶᠠᠷ ᠲᠠᠷᠬᠠᠬᠤ ᠪᠣᠯᠵᠤ᠂ | ᠨᠢᠭᠡᠨᠲᠡ ᠬᠦᠨᠳᠦ ᠡᠪᠡᠳᠴᠢᠨ ᠤ ᠵᠢᠱᠢᠶ᠎ᠡ ᠶᠢ ᠡᠭᠦᠰᠬᠡᠵᠡᠢ᠂ ᠳᠠᠬᠤᠯ ᠡᠪᠡᠳᠴᠢᠨ ᠤ ᠰᠤᠳᠤᠯᠤᠯᠲᠠ ᠶᠢᠨ ᠲᠣᠭᠠᠨ ᠤ | ᠤᠬᠠᠭᠠᠨ ᠤ ᠵᠠᠭᠪᠤᠷ ᠤᠨ ᠰᠤᠳᠤᠯᠭᠠᠨ ᠳᠤ ᠢᠯᠡᠷᠡᠭᠦᠯᠦᠭᠰᠡᠨ ᠢᠶᠠᠷ BA.4᠂ BA.5 ᠳᠡᠳ᠋ ᠰᠠᠯᠪᠤᠷᠢ ᠠᠴᠠ | ᠪᠣᠯᠤᠭᠰᠠᠨ ᠬᠠᠯᠳᠠᠪᠤᠷᠢᠯᠠᠬᠤ ᠨᠣᠷᠮ᠎ᠠ ᠪᠠ ᠦᠬᠦᠬᠦ ᠨᠣᠷᠮ᠎ᠠ ᠨᠢ ᠴᠥᠮ ᠡᠳᠦᠢ ᠲᠡᠳᠦᠢ ᠨᠡᠮᠡᠭᠳᠡᠪᠡ᠃ ᠬᠡᠳᠦ᠋ᠢᠪᠡᠷ | BA.4᠂ BA.5 ᠳᠡᠳ᠋ ᠰᠠᠯᠪᠤᠷᠢ ᠶᠢᠨ ᠲᠠᠷᠬᠠᠬᠤ ᠴᠢᠳᠠᠪᠤᠷᠢ ᠨᠢ ᠡᠳᠦᠢ ᠲᠡᠳᠦᠢ ᠨᠡᠮᠡᠭᠳᠡᠭᠰᠡᠨ ᠪᠣᠯᠪᠠᠴᠤ ᠮᠥᠨ ᠬᠦ | ᠣᠮᠢᠺᠷᠦᠨ ᠤ ᠣᠨᠳᠣᠣᠰᠢᠭᠰᠠᠨ ᠸᠢᠷᠦ᠋ᠰ ᠲᠤ ᠲᠣᠭᠠᠴᠠᠭᠳᠠᠵᠤ᠂ ᠣᠳᠣᠬᠠᠨ ᠤ NPI ︵ᠡᠮ ᠤᠨ ᠪᠤᠰᠤ ᠵᠦᠢᠯ ᠢᠶᠠᠷ | ᠭᠠᠷ ᠲᠦᠷᠦᠭᠦ︶ ᠠᠷᠭ᠎ᠠ ᠬᠡᠮᠵᠢᠶ᠎ᠡ ᠨᠢ ᠬᠦᠴᠦᠨ ᠦᠭᠡᠢ ᠪᠣᠯᠣᠨ᠎ᠠ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ ᠦᠭᠡᠢ | ᠪᠠᠶᠢᠨ᠎ᠠ᠃ ᠥᠭᠡᠷ᠎ᠡ ᠪᠠᠷ ᠬᠡᠯᠡᠪᠡᠯ᠂ ᠮᠠᠨ ᠤ ᠤᠯᠤᠰ ᠤᠨ ᠣᠲᠣ ᠶᠢᠨ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠨᠢ ᠮᠥᠨ ᠬᠦ ᠪᠦᠲᠦᠮᠵᠢᠲᠡᠶ ᠠᠷᠭᠠᠴᠠᠭᠠᠵᠤ ᠴᠢᠳᠠᠨ᠎ᠠ᠃ | |