ᠰᠢᠨᠬᠤᠸᠠ ᠬᠤᠷᠢᠶᠠᠨ ᠤ ᠪᠡᠭᠡᠵᠢᠩ ᠤᠨ ᠴᠠᠬᠢᠯᠭᠠᠨ ᠮᠡᠳᠡᠭᠡ 7 ᠰᠠᠷ᠎ᠠ ᠶᠢᠨ 25 ᠤ ᠡᠳᠦᠷ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠡᠩᠬᠡ ᠲᠠᠶᠢᠪᠤᠩ ᠠᠮᠤᠷ | ᠲᠦᠪᠰᠢᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠠᠹᠷᠢᠺᠠ ᠪᠣᠯ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠠᠶᠢᠨ ᠨᠠᠶᠢᠵᠠ᠂ ᠰᠠᠶᠢᠨ ᠬᠠᠨᠢᠲᠠᠨ᠂ ᠰᠠᠶᠢᠨ ᠠᠬ᠎ᠠ ᠳᠡᠭᠦᠦ ᠮᠥᠨ᠃ | ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ | ᠬᠤᠷᠳᠤᠴᠠ ᠲᠦᠷᠭᠡᠳᠴᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠮᠥᠨ ᠬᠦ ᠦᠷᠪᠢᠰᠦᠨ | ᠳᠡᠯᠭᠡᠷᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠥᠷᠢᠰᠦᠯᠳᠦᠭᠡᠨ ᠲᠠᠰᠤᠷᠠᠯᠲᠠ ᠦᠭᠡᠢ ᠡᠭᠦᠰᠴᠦ᠂ ᠬᠥᠮᠥᠨ | ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠥᠨᠢ | ᠤᠳᠠᠭᠠᠨ ᠤ ᠡᠩᠬᠡ ᠲᠠᠶᠢᠪᠤᠩ ᠪᠠ ᠨᠡᠶᠢᠳᠡᠮ ᠤᠨ ᠠᠮᠤᠷ ᠲᠦᠪᠰᠢᠨ ᠢ ᠪᠡᠶᠡᠯᠡᠭᠦᠯᠬᠦ ᠪᠣᠯ ᠳᠤᠮᠳᠠᠳᠤ ᠠᠹᠷᠢᠺᠠ ᠶᠢᠨ | ᠠᠷᠠᠳ ᠲᠦᠮᠡᠨ ᠤ ᠬᠠᠮᠲᠤ ᠶᠢᠨ ᠬᠦᠰᠡᠯ ᠮᠥᠨ᠃ ᠳᠤᠮᠳᠠᠳᠤ ᠤᠯᠤᠰ ᠢᠮᠠᠭᠲᠠ ᠵᠥᠪ ᠵᠢᠷᠤᠮ ᠠᠰᠢᠭ ᠤᠨ | ᠦᠵᠡᠯᠲᠡ ᠪᠣᠯᠣᠨ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠹᠷᠢᠺᠠ | ᠲᠢᠪ ᠯᠦᠭᠡ ᠶᠢᠨ ᠬᠠᠷᠢᠯᠴᠠᠭ᠎ᠠ ᠪᠠᠨ ᠬᠥᠭᠵᠢᠭᠦᠯᠵᠦ᠂ ᠳᠤᠷᠠᠲᠠᠶ᠎ᠠ ᠠᠹᠷᠢᠺᠠ ᠲᠢᠪ ᠤᠨ ᠨᠠᠶᠢᠵᠠ ᠨᠠᠷ ᠲᠠᠢ ᠬᠠᠮᠲᠤ ᠪᠠᠷ | ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ | ᠪᠠᠷᠢᠮᠲᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠣᠯᠠᠨ ᠤᠯᠤᠰ ᠤᠨ | ᠰᠢᠰᠲ᠋ᠧᠮ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠥᠬᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭᠠᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠴᠠᠭ | ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ | ᠴᠢᠬᠤᠯᠠᠴᠢᠯᠠᠪᠠ᠃ | ᠬᠤᠶᠠᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠡᠩᠬᠡ ᠲᠠᠶᠢᠪᠤᠩ ᠠᠮᠤᠷ ᠲᠦᠪᠰᠢᠨ ᠤ ᠶᠠᠷᠢᠶᠠᠨ ᠤ | ᠲᠠᠪᠴᠠᠩ ᠢ ᠲᠣᠰ ᠡᠳᠦᠷ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ︽ᠪᠦᠯᠬᠦᠮᠳᠡᠯ ᠬᠠᠮᠵᠢᠯᠴᠠᠭ᠎ᠠ ᠪᠠᠨ | ᠴᠢᠩᠭᠠᠳᠬᠠᠵᠤ᠂ ᠬᠠᠮᠲᠤ ᠶᠢᠨ ᠠᠮᠤᠷ ᠲᠦᠪᠰᠢᠨ ᠢ ᠪᠡᠶᠡᠯᠡᠭᠦᠯᠦᠶ᠎ᠡ︾ ᠪᠠᠷ ᠭᠤᠣᠯ ᠰᠡᠳᠦᠪ ᠢᠶᠠᠨ ᠪᠣᠯᠭᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠠᠴᠠ ᠭᠤᠣᠯᠯᠠᠨ ᠡᠷᠬᠢᠯᠡᠪᠡ᠃ | |