ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 28 ᠤ ᠡᠳᠦᠷ ᠬᠤᠷᠠᠯ | ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ | ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ | ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠶ ᠬᠠᠳᠠᠭᠤ ᠴᠢᠩᠭ᠎ᠠ ᠳᠡᠯᠡᠬᠡᠶ ᠶᠢᠨ ᠣᠷᠴᠢᠨ | ᠲᠣᠭᠤᠷᠢᠨ ᠪᠣᠯᠤᠨ ᠪᠡᠷᠬᠡ ᠬᠠᠲᠠᠭᠤᠵᠢᠯᠲᠠᠶ ᠬᠦᠨᠳᠦ ᠨᠦᠰᠡᠷ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠤᠯᠪᠠ᠃ ᠤᠯᠤᠰ ᠳᠠᠶᠠᠭᠠᠷ ᠢᠶᠠᠨ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠥ᠂ ᠠᠮᠵᠢᠯᠳᠠ ᠪᠦᠳᠦᠮᠵᠢ ᠶᠢ ᠭᠦᠢᠴᠡᠳ ᠨᠤᠲᠠᠯᠠᠭᠤᠰᠢᠲᠠᠢ ᠪᠠᠶᠢᠨ᠎ᠠ᠃ | ᠡᠭᠦᠨ ᠤ ᠬᠠᠮᠲᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠵᠠᠷᠢᠮ ᠲᠤᠪᠤᠶᠢᠮ᠎ᠠ ᠵᠥᠷᠢᠴᠡᠯ ᠪᠠ | ᠠᠰᠠᠭᠤᠳᠠᠯ ᠲᠤᠯᠭᠠᠷᠠᠵᠤ ᠪᠠᠶᠢᠨ᠎ᠠ᠂ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠪᠠᠲᠤᠯᠠᠵᠤ᠂ | ᠥᠪᠡᠷ ᠤᠨ ᠶᠠᠪᠤᠳᠠᠯ ᠢᠶᠠᠨ ᠡᠷᠡᠰ ᠪᠠᠳᠤ ᠰᠠᠶᠢᠲᠤᠷ ᠬᠢᠬᠦ ᠬᠡᠷᠡᠭᠲᠡᠢ ᠬᠡᠵᠥ ᠦᠵᠡᠪᠡ᠃ | ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠵᠤ ᠲᠡᠶᠢᠯᠬᠦ᠂ ᠠᠵᠤ ᠠᠬᠤᠢ ᠶᠢ | ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠢ ᠰᠡᠷᠬᠦᠵᠥ ᠰᠠᠶᠢᠵᠢᠷᠠᠯᠲᠠ ᠲᠠᠢ ᠪᠣᠯᠬᠤ ᠬᠠᠨᠳᠤᠰᠢ ᠶᠢ ᠪᠠᠬᠢᠵᠢᠭᠦᠯᠵᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠠᠵᠤ | ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠢ | ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠠᠷᠢᠮᠲᠠᠯᠠᠯ ᠪᠣᠯ ᠳᠠᠷᠤᠢ ᠢᠯᠠᠯᠲᠠ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ | ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠢᠴᠠᠭ᠎ᠠ ᠶᠢ ᠶᠡᠷᠦᠩᠬᠡᠶᠢᠯᠡᠨ ᠦᠵᠡᠵᠦ᠂ ᠰᠢᠰᠲ᠋ᠧᠮ ᠲᠠᠢ ᠦᠵᠡᠵᠦ᠂ ᠠᠯᠤᠰ ᠬᠤᠯᠠ ᠶᠢ ᠪᠣᠳᠣᠯᠬᠢᠯᠠᠵᠤ᠂ | ᠢᠯᠠᠩᠭᠤᠶ᠎ᠠ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠩᠰᠠ ᠶᠢ ᠪᠤᠳᠤᠬᠤ ᠬᠡᠷᠡᠭᠲᠡᠢ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠭᠦ ᠶᠢ ᠰᠡᠷᠭᠡᠶᠢᠯᠡᠬᠦ ᠶᠢ ᠪᠠᠷᠢᠮᠲᠠᠯᠠᠵᠤ᠂ | ᠡᠪᠡᠳᠴᠢᠨ ᠤ ᠵᠢᠱᠢᠶ᠎ᠡ ᠶᠢ ᠦᠬᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢᠯᠡᠷᠡᠪᠡᠯ ᠡᠷᠬᠡᠪᠰᠢ | ᠳᠠᠷᠦ᠋ᠢᠬᠠᠨ ᠴᠢᠩᠭ᠎ᠠ ᠰᠡᠷᠭᠡᠶᠢᠯᠡᠨ ᠡᠵᠡᠮᠳᠡᠵᠦ᠂ ᠬᠠᠮᠢᠶᠠᠷᠬᠤ ᠶᠣᠰᠣᠲᠠᠶ ᠶᠢ ᠨᠢ ᠡᠷᠡᠰ ᠬᠠᠮᠢᠶᠠᠷᠴᠤ᠂ ᠶᠠᠭᠠᠬᠢᠭᠰᠠᠨ | ᠴᠤ ᠠᠯᠮᠠᠶᠢᠷᠠᠵᠤ ᠬᠠᠯᠠᠰᠢᠷᠠᠵᠥ ᠪᠣᠯᠬᠤ ᠥᠬᠡᠶ᠃ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠷᠡᠰ ᠨᠠᠷᠢᠨ | ᠬᠢᠨᠠᠮᠠᠭᠠᠶ ᠲᠤᠭᠤᠰᠢᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠥᠯᠥᠭᠡᠯᠡᠬᠦ ᠭᠤᠤᠯᠳᠠᠯᠭ᠎ᠠ ᠲᠠᠢ | ᠴᠢᠳᠠᠮᠵᠢ ᠶᠢ ᠡᠮᠬᠢ ᠵᠢᠷᠤᠮ ᠲᠠᠢ ᠠᠵᠢᠯᠯᠠᠭᠤᠯᠬᠤ ᠶᠢ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠡᠷᠡᠰ ᠪᠠᠲᠤᠯᠠᠬᠤ | ᠬᠡᠷᠡᠭᠲᠡᠶ᠃ ᠸᠢᠷᠦ᠋ᠰ ᠤᠨ ᠤᠨᠳᠤᠤᠰᠢᠯ ᠤᠨ ᠮᠥᠷᠳᠡᠯᠲᠡ ᠪᠠ ᠰᠢᠨ᠎ᠡ ᠸᠠᠺᠼᠢᠨ ᠰᠢᠨ᠎ᠡ ᠡᠮ ᠢ ᠰᠤᠳᠤᠯᠤᠨ ᠨᠡᠭᠡᠭᠡᠬᠦ | ᠠᠵᠢᠯ ᠢ ᠰᠠᠶᠢᠲᠤᠷ ᠬᠢᠬᠦ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠬᠤᠷᠸ᠎ᠠ ᠲᠦᠷᠦ ᠶᠢᠨ ᠪᠤᠳᠤᠯᠭ᠎ᠠ ᠨᠢ ᠬᠡᠷᠡᠭᠴᠡᠭᠡ ᠶᠢ ᠥᠷᠭᠡᠳᠭᠡᠬᠦ ᠲᠠᠯ᠎ᠠ ᠪᠠᠷ ᠢᠳᠡᠪᠬᠢᠲᠡᠢ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠳ᠋ ᠤᠨ ᠵᠠᠰᠠᠭ ᠵᠣᠭᠤᠰᠣᠨ ᠤ ᠲᠦᠷᠦ ᠶᠢᠨ ᠪᠤᠳᠤᠯᠭ᠎ᠠ ᠨᠢ | ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢᠨ ᠬᠦᠷᠦᠯᠴᠡᠬᠦ ᠦᠭᠡᠢ ᠲᠠᠯ᠎ᠠ ᠶᠢ ᠪᠦᠲᠦᠮᠵᠢᠲᠡᠢ ᠪᠠᠷ ᠨᠥᠬᠦᠪᠥᠷᠢᠯᠡᠬᠦ | ᠬᠡᠷᠡᠭᠲᠡᠢ᠃ ᠣᠷᠣᠨ ᠨᠤᠲᠤᠭ ᠤᠨ ᠵᠠᠰᠠᠭᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ | ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠦᠷᠢ | ᠥᠭᠴᠡᠭᠡᠨ ᠤ ᠬᠢᠵᠠᠭᠠᠷ ᠲᠤᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢ ᠳᠡᠮᠵᠢᠬᠦ ᠬᠡᠷᠡᠭᠳᠡᠢ᠃ ᠵᠣᠭᠤᠰᠣᠨ ᠤ | ᠲᠦᠷᠦ ᠶᠢᠨ ᠪᠤᠳᠤᠯᠭ᠎ᠠ ᠨᠢ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ | ᠠᠵᠤ ᠠᠬᠤᠶᠢᠯᠠᠯ ᠳᠤ ᠦᠵᠡᠭᠦᠯᠬᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠲᠦᠷᠦ ᠶᠢᠨ ᠪᠤᠳᠤᠯᠭ᠎ᠠ ᠶᠢᠨ | ᠴᠢᠨᠠᠷᠲᠠᠢ ᠪᠠᠩᠬᠢ ᠶᠢᠨ ᠰᠢᠨ᠎ᠡ ᠪᠠᠷ ᠨᠡᠮᠡᠭᠳᠡᠭᠰᠡᠨ ᠢᠲᠡᠭᠡᠮᠵᠢᠲᠦ ᠵᠢᠭᠡᠯᠡᠯᠭᠡ ᠪᠠ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠴᠢᠨᠠᠷ ᠪᠣᠯᠤᠨ ᠳᠡᠯᠡᠬᠡᠢ ᠳᠡᠭᠡᠷᠡᠬᠢ | ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢ ᠰᠢᠯᠤᠭᠤᠳᠬᠠᠵᠤ᠂ | ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠳᠤᠮᠳᠠ ᠪᠠᠷᠠᠭᠤᠨ ᠣᠷᠣᠨ ᠤ ᠰᠠᠭᠤᠷᠢ ᠲᠥᠬᠦᠭᠡᠷᠦᠮᠵᠢ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠨ | ᠰᠠᠶᠢᠵᠢᠷᠠᠭᠤᠯᠬᠤᠶᠢ ᠳᠡᠮᠵᠢᠬᠦ ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠰᠠᠬᠢᠬᠤ ᠬᠡᠷᠡᠭᠲᠡᠢ᠃ ᠠᠮᠤ | ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠬᠠᠩᠭᠠᠯᠭ᠎ᠠ ᠶᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠰᠢᠨ᠎ᠡ ᠡᠨᠧᠷᠭᠢ ᠶᠢᠨ | ᠬᠠᠩᠭᠠᠯᠭ᠎ᠠ ᠶᠢᠨ ᠰᠢᠩᠭᠡᠭᠡᠯᠳᠠ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠬᠡᠷᠡᠭᠲᠡᠢ᠃ ᠭᠡᠷ ᠭᠠᠵᠠᠷ ᠤᠨ | ᠬᠦᠷᠦᠩᠬᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠡᠨ | ᠶᠤᠮ᠂ ᠰᠠᠷᠢᠭᠠᠯᠠᠬᠤ ᠳᠤ ᠵᠤᠷᠢᠭᠤᠯᠤᠬᠰᠡᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠤᠳᠠ ᠶᠢᠨ | ᠪᠠᠶᠢᠳᠠᠯ ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ | ᠬᠠᠶᠢᠷᠴᠠᠭ ᠢ ᠭᠦᠢᠴᠡᠳ ᠰᠠᠶᠢᠲᠤᠷ ᠬᠡᠷᠡᠭᠯᠡᠵᠦ᠂ ᠵᠠᠪᠠᠯ ᠬᠡᠷᠡᠭᠯᠡᠬᠦ ᠪᠠ ᠰᠠᠶᠢᠵᠢᠷᠠᠭᠤᠯᠬᠤ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠶᠢ ᠲᠡᠮᠵᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠰᠠᠷ ᠲᠤᠰᠢᠶᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ | ᠬᠡᠷᠡᠭᠲᠡᠢ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ | ᠵᠠᠷᠢᠮ ᠭᠠᠵᠠᠷ ᠣᠷᠣᠨ ᠤ ᠲᠣᠰᠬᠤᠨ ᠪᠠᠯᠭᠠᠰᠤᠨ ᠤ ᠪᠠᠩᠬᠢ ᠶᠢᠨ ᠠᠶᠤᠯ ᠲᠦᠭᠰᠢᠭᠦᠷᠢ ᠶᠢ ᠵᠤᠬᠢᠰᠳᠠᠢ ᠠᠷᠢᠯᠭᠠᠵᠤ᠂ | ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠥᠭᠡᠷᠡᠴᠢᠯᠡᠯᠲᠡ ᠨᠡᠬᠡᠬᠡᠯᠳᠡ ᠪᠠᠷ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠦᠯ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ | ᠵᠢᠷᠤᠮᠵᠢᠭᠤᠨ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠲᠠᠪᠴᠠᠩ ᠤᠨ ᠠᠵᠤ ᠠᠬᠤᠢ ᠶᠢᠨ | ᠲᠤᠰᠬᠠᠢ ᠴᠡᠭᠴᠡᠯᠡᠨ ᠵᠠᠰᠠᠯᠲᠠ ᠶᠢ ᠪᠡᠶᠡᠯᠡᠭᠦᠯᠵᠦ᠂ ᠲᠠᠪᠴᠠᠩ ᠤᠨ ᠠᠵᠤ ᠠᠬᠤᠢ ᠶᠢ ᠪᠠᠶᠢᠩᠭᠤᠵᠢᠭᠤᠯᠤᠨ ᠬᠢᠨᠠᠨ | ᠬᠠᠮᠢᠶᠠᠷᠴᠤ᠂ ᠨᠢᠭᠡ ᠪᠦᠯᠦᠭ ︽ᠰᠠᠭᠠᠳ ᠦᠭᠡᠢ ᠨᠡᠪᠳᠡᠷᠡᠬᠦ︾ ᠪᠡᠯᠡ ᠣᠷᠣᠭᠤᠯᠤᠯᠲᠠᠶᠢᠨ ᠬᠡᠷᠡᠭ ᠤᠨ ᠵᠢᠱᠢᠶ᠎ᠡ ᠶᠢ | ᠲᠥᠪᠯᠡᠷᠡᠭᠦᠯᠦᠨ ᠭᠠᠷᠭᠠᠬᠤ ᠬᠡᠷᠡᠭᠲᠡᠢ᠃ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ᠂ ᠭᠠᠳᠠᠭᠠᠳᠤ | ᠣᠷᠣᠭᠤᠯᠤᠯᠲᠠ ᠶᠢ ᠥᠷᠭᠡᠳᠭᠡᠨ᠂ ᠮᠡᠷᠭᠡᠵᠢᠯ᠂ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ | ᠬᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨᠤ ᠦᠨᠳᠦᠰᠦᠨ ᠠᠮᠢᠳᠤᠷᠠᠯ ᠢ | ᠬᠦᠴᠦᠯᠡᠨ ᠪᠠᠲᠤᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠪᠠ᠃ ᠬᠤᠷᠠᠯ ᠠᠴᠠ᠂ ᠡᠯ᠎ᠡ ᠲᠠᠯ᠎ᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠪᠠᠭ ᠴᠤᠭ ᠪᠠᠳᠠᠷᠠᠩᠭᠤᠢ ᠤᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠢᠶᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠵᠣᠷᠢᠭᠲᠠᠢ ᠪᠠᠷ | ᠵᠢᠳᠬᠦᠯ ᠴᠢᠷᠮᠠᠶᠢᠯᠭ᠎ᠠ ᠭᠠᠷᠭᠠᠵᠤ᠂ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ ᠠᠵᠤ | ᠠᠬᠤᠢ ᠶᠢᠨ ᠲᠤᠮᠤ ᠮᠤᠵᠢ ᠨᠢ ᠭᠤᠤᠯ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠨᠥᠬᠦᠴᠡᠯ ᠲᠠᠢ ᠮᠤᠵᠢ ᠨᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠤ | ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠴᠢᠳᠠᠮᠠᠭᠠᠢ ᠴᠢᠨᠠᠷ ᠢ ᠪᠠᠳᠠᠷᠠᠭᠤᠯᠵᠤ᠂ ᠰᠠᠶᠢᠨ ᠲᠦᠷᠦ ᠶᠢᠨ ᠪᠤᠳᠤᠯᠭ᠎ᠠ | ᠪᠣᠯᠤᠨ ᠲᠦᠷᠢᠮ ᠤᠨ ᠣᠷᠴᠢᠨ ᠨᠦᠬᠦᠴᠡᠯ ᠢ ᠪᠤᠢ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠵᠣᠷᠢᠭᠲᠠᠢ ᠠᠵᠢᠯᠯᠠᠬᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠬᠢᠬᠦ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠵᠣᠷᠢᠭᠲᠠᠢ ᠪᠡᠯᠡ ᠣᠷᠣᠭᠤᠯᠬᠤ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠤ | ᠱᠠᠭᠠᠷᠳᠠᠪᠠ᠃ | ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶᠢᠴᠠᠭᠠᠬᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠨ | ᠬᠥᠭᠵᠢᠵᠦ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠳᠤ ᠲᠥᠪ ᠤᠨ ᠪᠠ ᠲᠦᠷᠦ ᠶᠢᠨ ᠪᠠᠶᠢᠭᠤᠯᠭ᠎ᠠ ᠶᠢ ᠲᠥᠪᠯᠡᠷᠡᠭᠦᠯᠦᠨ ᠲᠣᠭᠤᠷᠢᠨ ᠪᠠᠶᠢᠴᠠᠭᠠᠵᠤ᠂ | ᠨᠠᠮ ᠤᠨ ᠳᠦᠷᠢᠮ ᠳᠤ ᠲᠣᠭᠲᠠᠭᠠᠭᠰᠠᠨ ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠬᠦᠯᠬᠦ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠢᠯᠡ ᠲᠣᠳᠣ ᠵᠠᠩ ᠴᠢᠨᠠᠷ ᠢ ᠳᠤᠪᠤᠶᠢᠯᠭᠠᠵᠤ᠂ ᠨᠠᠮ ᠤᠨ ᠳᠣᠲᠣᠭᠠᠳᠤ ᠶᠢᠨ ᠬᠢᠨᠠᠯᠲᠠ | ᠲᠠᠯᠪᠢᠯᠲᠠ ᠶᠢᠨ ᠨᠢᠭᠡ ᠯᠡ ᠠᠳᠠᠯᠢ ᠪᠠᠶᠢᠬᠤ ᠡᠷᠡᠰ ᠪᠠᠲᠤ ᠵᠣᠭᠰᠣᠯᠲᠠ ᠶᠢ ᠢᠯᠡᠷᠡᠭᠦᠯᠵᠡᠢ᠃ ᠲᠣᠭᠤᠷᠢᠨ | ᠪᠠᠶᠢᠴᠠᠭᠠᠯᠲᠠ ᠠᠴᠠ ᠦᠵᠡᠪᠡᠯ᠂ ᠲᠥᠪ ᠤᠨ ᠪᠠ ᠲᠥᠷᠥ ᠶᠢᠨ ᠪᠠᠶᠢᠭᠤᠯᠭ᠎ᠠ ᠲᠠᠰᠤᠷᠠᠯᠳᠠ ᠦᠭᠡᠢ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠨᠠᠷᠢᠨ ᠬᠢᠨᠠᠮᠠᠭᠠᠶ ᠬᠠᠷᠢᠭᠤᠴᠠᠬᠤ᠂ ᠢᠳᠡᠪᠬᠢᠲᠡᠶ ᠥᠭᠡᠳᠡᠯᠡᠨ ᠳᠠᠪᠰᠢᠬᠤ ᠰᠠᠶᠢᠨ ᠰᠠᠶᠢᠬᠠᠨ | ᠪᠠᠶᠢᠳᠠᠯ ᠢᠯᠡᠷᠡᠵᠦ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠡᠭᠦᠨ ᠤ ᠵᠡᠷᠭᠡ ᠪᠠᠷ᠂ | ᠲᠣᠭᠤᠷᠢᠨ ᠪᠠᠶᠢᠴᠠᠭᠠᠯᠲᠠ ᠳᠤ ᠪᠠᠰᠠ ᠵᠠᠷᠢᠮ ᠠᠰᠠᠭᠤᠳᠠᠯ ᠢ ᠢᠯᠡᠷᠡᠬᠦᠯᠪᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠲᠥᠪ ᠤᠨ ᠪᠠ ᠲᠦᠷᠦ ᠶᠢᠨ ᠪᠠᠶᠢᠭᠤᠯᠭ᠎ᠠ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠤᠯᠤᠰ | ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠤᠨ ᠦᠵᠡᠯ ᠰᠠᠨᠠᠭ᠎ᠠ ᠶᠢ ᠴᠥᠬᠦᠷᠡᠰᠢ ᠥᠬᠡᠶ ᠰᠠᠶᠢᠳᠤᠷ ᠡᠵᠡᠮᠰᠢᠵᠥ | ᠨᠡᠪᠳᠡᠷᠡᠳᠡᠯ᠎ᠡ ᠦᠢᠯᠠᠭᠠᠵᠥ ᠪᠤᠳᠠᠳᠠᠶᠢᠵᠢᠭᠤᠯᠵᠥ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠠᠷᠠᠳ ᠲᠦᠮᠡᠨ ᠳᠤ ᠬᠠᠷᠢᠭᠤᠴᠠᠬᠤ ᠶᠢ | ᠲᠦᠷᠦᠭᠦᠯᠡᠨ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠤᠯᠤᠰ ᠲᠦᠷᠦ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠴᠠᠭ ᠦᠶ᠎ᠡ ᠶᠢᠨ ᠠᠵᠢᠯ ᠤᠨ | ᠵᠢᠮ᠎ᠡ ᠶᠣᠰᠣ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠭᠡᠬᠦ ᠬᠡᠷᠡᠭᠲᠡᠢ᠃ | ᠥᠭᠡᠷᠡᠴᠢᠯᠡᠯᠲᠡᠶᠢ ᠪᠦᠬᠦ ᠲᠠᠯᠠᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠰᠲ᠋ᠧᠮ ᠲᠠᠢ ᠬᠤᠷᠠᠭᠤᠯᠬᠤ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠶᠢ | ᠪᠡᠶᠡᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ | ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ | ᠤᠷᠢᠳᠴᠢᠯᠠᠨ ᠮᠡᠳᠡᠬᠦ᠂ ᠠᠷᠭᠠᠴᠠᠭᠠᠬᠤ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠴᠢᠩᠭ᠎ᠠ ᠪᠠᠶᠢᠬᠤ ᠭᠤᠣᠯ ᠬᠦᠭ ᠠᠶᠠᠰ ᠢ ᠡᠷᠡᠰ | ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ︽ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠱᠠᠳᠤ ᠱᠠᠳᠤ ᠪᠠᠷ | ᠳᠠᠷᠤᠯᠲᠠ ᠥᠭᠴᠦ᠂ ᠳᠣᠲᠣᠭᠠᠳᠤ ᠶᠢᠨ ᠬᠠᠮᠢᠶᠠᠷᠤᠯᠲᠠ ᠪᠣᠯᠤᠨ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ | ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠵᠤ᠂ ᠤᠳᠤᠷᠢᠳᠬᠤ | ᠪᠠᠭ ᠤᠨ ᠪᠠᠶᠢᠭᠤᠯᠤᠯᠲᠠ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ | ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠦᠩᠭᠡᠨ ᠲᠠᠯ᠎ᠠ ᠪᠠ | ᠦᠨᠳᠦᠰᠦ ᠶᠢ ᠨᠢ ᠵᠡᠷᠭᠡᠪᠠᠷ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ | ᠠᠬᠢᠭᠤᠯᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯ ᠤᠨ ᠴᠢᠳᠠᠪᠤᠷᠢ ᠪᠣᠯᠤᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ | ᠰᠤᠳᠤᠯᠵᠠᠢ᠃ |