ᠪᠤᠯᠴᠢᠩ ᠬᠢᠭᠡᠳ ᠴᠡᠭᠡᠵᠢᠯᠡᠬᠦ ᠴᠢᠳᠠᠪᠤᠷᠢ ᠠᠦ᠋ᠰᠳ᠋ᠷᠠᠯᠢᠶ᠎ᠠ ᠶᠢᠨ ᠰᠢᠨ᠎ᠡ ᠸᠢᠷᠱ ᠵᠸᠤ ᠶᠢᠨ ᠶᠡᠭᠡ | ᠰᠣᠷᠭᠠᠭᠤᠯᠢ ᠶᠢᠨ ᠶᠡᠭᠡ ᠲᠠᠷᠢᠬᠢᠨ ᠤ ᠡᠷᠡᠭᠦᠯᠵᠢᠯ ᠤᠨ ᠲᠦᠪ ᠤᠨ ᠰᠣᠳᠣᠯᠭᠠᠳᠠᠳ ᠤᠨ ᠣᠯᠵᠤ ᠮᠡᠳᠡᠭᠰᠡᠨ ᠢᠶᠠᠷ᠂ | ᠪᠤᠯᠴᠢᠩ ᠢᠶᠠᠨ ᠪᠤᠯᠪᠠᠰᠤᠷᠠᠪᠠᠯ ᠬᠦᠮᠦᠨ ᠤ ᠲᠠᠨᠢᠬᠤᠢ ᠶᠢᠨ ᠴᠢᠳᠠᠪᠤᠷᠢᠶᠢ ᠲᠡᠭᠡᠭᠰᠢᠯᠡᠭᠦᠯᠵᠦ᠂ ᠴᠡᠭᠡᠵᠢᠯᠡᠬᠦ ᠴᠢᠳᠠᠪᠤᠷᠢ ᠶᠢ | ᠲᠡᠭᠡᠭᠰᠢᠯᠡᠭᠦᠯᠳᠡᠭ᠃ ᠪᠤᠯᠴᠢᠩ ᠤᠨ ᠴᠢᠳᠠᠯ ᠬᠢᠭᠡᠳ ᠶᠡᠭᠡ ᠲᠠᠷᠢᠬᠢᠨ ᠤ ᠲᠠᠨᠢᠬᠤᠢ ᠶᠢᠨ ᠴᠢᠳᠠᠪᠬᠢ ᠶᠢᠨ | ᠬᠤᠭᠤᠷᠤᠨᠳᠣᠬᠢ ᠬᠠᠷᠢᠴᠠᠭ᠎ᠠ ᠶᠢ ᠭᠦᠨᠵᠡᠭᠡᠢ ᠰᠦᠪᠡᠭᠴᠢᠯᠡᠬᠦ ᠶᠢᠨ ᠲᠦᠯᠦᠭᠡ᠂ ᠰᠤᠳᠤᠯᠭᠠᠳᠠᠳ ᠬᠡᠰᠡᠭ ᠬᠦᠩᠭᠡᠨ ᠰᠢᠭ | ᠲᠠᠨᠢᠬᠤᠢ ᠶᠢᠨ ᠴᠢᠳᠠᠪᠤᠷᠢ ᠶᠢᠨ ᠬᠠᠷᠰᠢ ᠲᠠᠢ ᠰᠠᠶᠢᠨ ᠳᠣᠷᠠᠴᠤᠤᠯ ᠢ ᠡᠯᠰᠡᠨ ᠳᠣᠭᠤᠶᠢᠯᠠᠩ ᠬᠤᠪᠢᠶᠠᠵᠤ ᠬᠡᠮᠵᠢᠨ | ᠳᠤᠷᠰᠢᠭᠰᠠᠨ ᠤ ᠬᠠᠮᠳᠤ ᠲᠡᠳᠡᠨ ᠤ ᠲᠠᠷᠢᠬᠢᠨ ᠤ ᠬᠡᠰᠡᠭ ᠤᠨ ᠲᠠᠮᠢᠷ ᠤᠨ ᠬᠦᠳᠡᠯᠭᠡᠭᠡᠨ ᠤ ᠪᠠᠶᠢᠳᠠᠯ ᠢ ᠬᠡᠮᠵᠢᠪᠡ᠃ ᠨᠢᠭᠡ | ᠳᠤᠭᠤᠶᠢᠯᠠᠩ ᠤᠨ ᠰᠠᠶᠢᠨ ᠳᠤᠷᠠᠴᠤᠤᠯ ᠢᠶᠠᠷ ᠭᠠᠷᠠᠭ ᠪᠦᠷᠢ ᠬᠤᠶᠠᠷ ᠣᠳᠠᠭ᠎ᠠ ᠬᠦᠨᠳᠦ ᠶᠢ ᠡᠷᠭᠦᠭᠦᠯᠦᠨ᠂ ᠡᠭᠦᠨ ᠢ 6 | ᠰᠠᠷ᠎ᠠ ᠪᠠᠷᠢᠮᠳᠠᠯᠠᠭᠤᠯᠪᠠ︔ ᠨᠦᠭᠦᠭᠡ ᠨᠢᠭᠡ ᠳᠣᠭᠤᠶᠢᠯᠠᠩ ᠤᠨ ᠬᠢᠨ ᠢᠶᠠᠷ ᠶᠠᠮᠠᠷ ᠴᠤ ᠪᠤᠯᠪᠠᠰᠣᠷᠠᠯ ᠬᠢᠯᠭᠡᠭᠰᠡᠨ ᠦᠭᠡᠢ᠃ | ᠡᠭᠦᠨ ᠤ ᠲᠠᠷᠠᠭ᠎ᠠ ᠰᠤᠳᠤᠯᠭᠠᠳᠠᠳ ᠨᠠᠰᠣᠵᠢᠯ ᠤᠨ ᠮᠡᠨᠡᠭ ᠡᠪᠡᠳᠴᠢᠨ ᠢ ᠦᠨᠡᠯᠡᠬᠦ ᠵᠠᠭᠪᠤᠷ ᠢᠶᠠᠷ ᠰᠤᠳᠤᠯᠭᠠᠨ ᠤ | ᠨᠢᠭᠤᠷᠯᠠᠯ ᠤᠨ ᠢᠶᠠᠨ ᠲᠠᠨᠢᠬᠤᠢ ᠶᠢᠨ ᠴᠢᠳᠠᠪᠤᠷᠢ ᠳᠤ ᠦᠨᠡᠯᠡᠯᠳᠡ ᠬᠢᠪᠡ᠃ ᠡᠭᠦᠨ ᠳᠤ᠂ ᠪᠤᠯᠴᠢᠩ ᠪᠤᠯᠪᠠᠰᠤᠷᠠᠭᠰᠠᠨ | ᠰᠠᠶᠢᠨ ᠳᠣᠷᠠᠴᠣᠣᠯ ᠤᠨ ᠶᠡᠭᠡ ᠳᠠᠷᠢᠬᠢᠨ ᠤ ᠲᠠᠨᠢᠬᠤᠢ ᠶᠢᠨ ᠬᠡᠮᠵᠢᠶ᠎ᠡ ᠨᠢ ᠪᠤᠯᠪᠠᠰᠤᠷᠠᠭᠰᠠᠨ ᠦᠭᠡᠢ | ᠳᠤᠭᠤᠶᠢᠯᠠᠩ ᠤᠨ ᠬᠢᠨ ᠠᠴᠠ ᠢᠯᠡᠳᠳᠡ ᠦᠨᠳᠦᠷ ᠪᠠᠶᠢᠵᠤ᠂ ᠴᠡᠭᠡᠵᠢᠯᠡᠬᠦ ᠴᠢᠳᠠᠪᠤᠷᠢ ᠨᠢ ᠴᠤ ᠨᠡᠩ ᠰᠠᠶᠢᠨ ᠪᠠᠶᠢᠪᠠ᠃ | ᠰᠣᠳᠣᠯᠭᠠᠳᠠᠳ ᠤᠨ ᠢᠯᠡᠷᠬᠡᠶᠢᠯᠡᠭᠰᠡᠨ ᠢᠶᠠᠷ᠂ ᠪᠤᠯᠴᠢᠩ ᠤᠨ ᠴᠢᠳᠠᠯ ᠬᠡᠳᠦᠢ ᠶᠡᠭᠡ ᠪᠤᠯ ᠶᠡᠭᠡ ᠲᠠᠷᠢᠬᠢᠨ ᠳᠤ ᠲᠠᠳᠦᠢ | ᠲᠤᠰᠠᠳᠠᠢ᠃ ᠬᠡᠷᠪᠡ ᠨᠡᠩ ᠤᠯᠠᠨ ᠨᠠᠰᠤᠳᠠᠶᠢᠴᠣᠣᠯ ᠢᠶᠠᠷ ᠪᠤᠯᠴᠢᠩ ᠤᠨ ᠪᠤᠯᠪᠠᠰᠤᠷᠠᠯ ᠬᠢᠯᠭᠡᠪᠡᠯ ᠲᠡᠳᠡᠨ ᠤ ᠡᠷᠡᠭᠦᠯ | ᠮᠡᠨᠳᠦ ᠳᠤ ᠨᠡᠩ ᠲᠤᠰᠠᠳᠠᠢ ᠪᠠᠶᠢᠵᠦ᠂ ᠨᠠᠰᠤᠨ ᠬᠤᠳᠤᠭ ᠨᠢ ᠨᠡᠩ ᠣᠷᠳᠣ ᠪᠤᠯᠤᠨ᠎ᠠ᠃ ᠨᠠᠰᠣᠳᠠᠶᠢᠴᠣᠣᠯ ᠭᠠᠷᠠᠭ ᠲᠤ | ᠨᠠᠭᠠᠳᠣ ᠵᠠᠬ᠎ᠠ ᠳᠠᠭᠠᠨ ᠬᠤᠶᠠᠷ ᠤᠳᠠᠭ᠎ᠠ ᠪᠤᠯᠴᠢᠩ ᠢᠶᠠᠨ ᠪᠤᠯᠪᠠᠰᠤᠷᠠᠭᠤᠯᠵᠤ᠂ ᠵᠤᠬᠢᠬᠤ ᠬᠡᠪᠴᠢᠶᠡᠨ ᠳᠤ | ᠪᠤᠯᠪᠠᠰᠤᠷᠠᠬᠤ ᠡᠷᠴᠢᠮ ᠢᠶᠠᠨ ᠨᠡᠯᠢᠶᠡᠳ ᠦᠨᠳᠦᠷ ᠲᠦᠪᠰᠢᠨ ᠳᠤ ᠪᠠᠶᠢᠯᠭᠠᠪᠠᠯ ᠤᠢ ᠪᠢᠯᠢᠭ ᠲᠤᠨᠢ ᠮᠠᠰᠢ ᠲᠤᠰᠠᠳᠠᠢ᠃ | |