︽ᠡᠯᠧᠺᠳ᠋ᠷᠣᠨ ᠲᠠᠮᠠᠬᠢ︾ ᠶᠢᠨ ᠤᠯᠤᠰ ᠤᠨ ᠪᠠᠷᠢᠮᠵᠢᠶ᠎ᠠ ᠶᠢ ᠡᠨᠡ ᠵᠢᠯ ᠤᠨ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠶᠢᠷ᠎ᠠ ᠳᠤ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠡᠯᠧᠺᠳ᠋ᠷᠣᠨ | ᠲᠠᠮᠠᠬᠢᠨ ᠤ ᠣᠶᠢᠯᠡᠳᠬᠦᠨ ᠢ ᠡᠯ᠎ᠡ ᠭᠠᠵᠠᠷ ᠲᠤ ᠵᠠᠬ᠎ᠠ ᠳᠡᠯᠭᠡᠭᠦᠷ ᠲᠤ ᠪᠤᠷᠤᠯᠠᠭᠤᠯᠵᠤ ᠡᠬᠢᠯᠡᠪᠡ᠃ ᠡᠨᠡ ᠨᠢ ᠡᠯᠧᠺᠳ᠋ᠷᠣᠨ | ᠲᠠᠮᠠᠬᠢᠨ ᠤ ᠠᠵᠤ ᠣᠶᠢᠯᠡᠰᠢ ᠬᠠᠤᠯᠢ ᠶᠣᠰᠣᠭᠠᠷ ᠵᠢᠷᠤᠮᠵᠢᠭᠤᠯᠤᠨ ᠬᠥᠭᠵᠢᠭᠦᠯᠬᠦ ᠶᠠᠪᠤᠳᠠᠯ ᠰᠢᠨ᠎ᠡ ᠱᠠᠲᠤᠨ ᠳᠤ | ᠤᠷᠤᠭᠰᠠᠨ ᠢ ᠬᠠᠷᠠᠭᠤᠯᠵᠤ ᠪᠠᠶᠢᠨ᠎ᠠ᠃ | ᠵᠢᠮᠢᠰ᠂ ᠢᠳᠡᠭᠡᠨ᠂ ᠤᠮᠳᠠᠭᠠᠨ ᠵᠡᠷᠭᠡ ᠠᠮᠲᠠ ᠤᠷᠤᠭᠤᠯᠤᠭᠰᠠᠨ ᠡᠯᠧᠺᠳ᠋ᠷᠣᠨ ᠲᠠᠮᠠᠬᠢ ᠪᠠ ᠤᠳᠤᠭ᠎ᠠ ᠦᠭᠡᠢ | ᠡᠯᠧᠺᠳ᠋ᠷᠣᠨ ᠲᠠᠮᠠᠬᠢ ᠨᠠᠰᠤᠨ ᠳᠤ ᠦᠯᠦ ᠬᠦᠷᠦᠭᠰᠡᠳ ᠲᠤ ᠨᠡᠯᠢᠶᠡᠳ ᠴᠢᠩᠭ᠎ᠠ ᠲᠠᠲᠠᠬᠤ ᠬᠦᠴᠦᠨ ᠲᠠᠢ᠂ ᠨᠠᠰᠤᠨ ᠳᠤ | ᠦᠯᠦ ᠬᠦᠷᠦᠭᠰᠡᠳ ᠢ ᠠᠮᠠᠷᠬᠠᠨ ᠥᠳᠥᠭᠡᠨ ᠲᠠᠲᠠᠭᠤᠯᠳᠠᠭ ᠪᠠᠶᠢᠨ᠎ᠠ᠃ ᠪᠠᠷᠢᠮᠵᠢᠶ᠎ᠠ ᠳᠤ ᠦᠢᠯᠡᠳᠬᠦᠨ ᠤ ᠣᠨᠴᠠᠯᠢᠭ | ᠦᠨᠦᠷ ᠢ ᠲᠠᠮᠠᠬᠢ ᠠᠴᠠ ᠭᠠᠳᠠᠨᠠᠬᠢ ᠪᠤᠰᠤᠳ ᠦᠨᠦᠷ ᠠᠮᠲᠠ ᠪᠠᠷ ᠢᠯᠡᠷᠡᠭᠦᠯᠵᠦ ᠪᠣᠯᠬᠤ ᠦᠭᠡᠢ ᠭᠡᠵᠦ ᠲᠣᠳᠣᠷᠬᠠᠢ | ᠲᠣᠭᠲᠠᠭᠠᠭᠰᠠᠨ ᠪᠥᠭᠡᠳ ︽ᠮᠠᠨᠠᠨᠵᠢᠭᠰᠠᠨ ᠪᠣᠳᠠᠰ ᠲᠤ ᠲᠠᠮᠠᠬᠢᠨ ᠱᠦᠯᠳᠤ ᠠᠭᠤᠯᠬᠤ ᠬᠡᠷᠡᠭᠲᠡᠢ︾᠂ ᠲᠤᠬᠠᠶᠢᠯᠠᠪᠠᠯ | ᠲᠠᠮᠠᠬᠢᠨ ᠱᠦᠯᠳᠤ ᠠᠭᠤᠯᠬᠤ ᠦᠭᠡᠢ ᠡᠯᠧᠺᠳ᠋ᠷᠣᠨ ᠲᠠᠮᠠᠬᠢᠨ ᠦᠢᠯᠡᠳᠬᠦᠨ ᠢ ᠵᠠᠬ᠎ᠠ ᠳᠡᠯᠭᠡᠭᠦᠷ ᠲᠤ ᠣᠷᠣᠭᠤᠯᠤᠨ | ᠪᠣᠷᠣᠯᠠᠭᠤᠯᠵᠤ ᠪᠣᠯᠬᠤ ᠦᠭᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠬᠤ ᠬᠠᠤᠯᠢ︾ ᠶᠢᠨ ᠬᠤᠷᠢᠨ | ᠲᠠᠪᠤᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠪᠠᠷᠢᠮᠵᠢᠶ᠎ᠠ ᠳᠤ ᠨᠡᠶᠢᠴᠡᠬᠦ ᠦᠭᠡᠢ | ᠦᠢᠯᠡᠳᠬᠦᠨ᠂ ᠦᠢᠯᠡᠴᠢᠯᠡᠭᠡ ᠶᠢ ᠠᠯᠪᠠᠳᠠᠯᠭ᠎ᠠ ᠶᠢᠨ ᠴᠢᠨᠠᠷᠲᠠᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ | ᠣᠷᠣᠭᠤᠯᠬᠤ ᠪᠤᠶᠤ ᠬᠠᠩᠭᠠᠵᠤ ᠪᠣᠯᠬᠤ ᠦᠭᠡᠢ᠃ ᠪᠠᠷᠢᠮᠵᠢᠶ᠎ᠠ ᠶᠢ ᠵᠢᠩᠬᠢᠨᠢ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠵᠠᠬ᠎ᠠ | ᠳᠡᠯᠭᠡᠭᠦᠷ ᠳᠡᠭᠡᠷ᠎ᠡ ᠪᠣᠷᠣᠯᠠᠭᠤᠯᠬᠤ ᠡᠯᠧᠺᠳ᠋ᠷᠣᠨ ᠲᠠᠮᠠᠬᠢᠨ ᠤ ᠦᠢᠯᠡᠳᠬᠦᠨ ᠨᠢ ᠡᠷᠬᠡᠪᠰᠢ ᠤᠯᠤᠰ ᠤᠨ ᠪᠠᠷᠢᠮᠵᠢᠶ᠎ᠠ ᠳᠤ | ᠨᠡᠶᠢᠴᠡᠭᠰᠡᠨ ᠪᠠᠶᠢᠬᠤ ᠬᠡᠷᠡᠭᠲᠡᠢ᠃ | ︽ᠡᠯᠧᠺᠳ᠋ᠷᠣᠨ ᠲᠠᠮᠠᠬᠢ︾ ᠶᠢᠨ ᠤᠯᠤᠰ ᠤᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠡᠯᠧᠺᠳ᠋ᠷᠣᠨ ᠲᠠᠮᠠᠬᠢ | ᠦᠢᠯᠡᠳᠪᠦᠷᠢᠯᠡᠬᠦ ᠠᠵᠤ ᠠᠬᠤᠶᠢᠯᠠᠯ ᠨᠢ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠦᠢᠯᠡᠳᠭᠦᠨ ᠳᠡᠭᠡᠨ | ᠲᠣᠭᠲᠠᠭᠠᠯ ᠳᠤ ᠨᠡᠶᠢᠴᠡᠬᠦ ᠵᠢᠷᠤᠭ ᠲᠥᠯᠥᠪᠯᠡᠭᠡ ᠬᠢᠵᠦ᠂ ᠦᠢᠯᠡᠳᠭᠦᠨ ᠤ ᠥᠭᠡᠷᠡᠴᠢᠯᠡᠯᠲᠡ ᠶᠢ ᠪᠡᠶᠡᠯᠡᠭᠦᠯᠬᠦ ᠶᠢᠨ | ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠣᠶᠢᠯᠡᠳᠬᠦᠨ ᠢ ᠪᠠᠶᠢᠴᠠᠭᠠᠨ ᠰᠢᠯᠭᠠᠬᠤ ᠪᠠ ᠮᠡᠷᠭᠡᠵᠢᠯ ᠤᠨ | ᠬᠢᠨᠠᠨ ᠲᠣᠭᠲᠠᠭᠠᠯᠲᠠ ᠬᠢᠬᠦ ᠵᠡᠷᠭᠡ ᠠᠵᠢᠯ ᠢ ᠭᠤᠶᠤᠴᠢᠯᠠᠬᠤ ᠬᠡᠷᠡᠭᠲᠡᠶ᠃ ᠡᠲᠡᠭᠡᠷ ᠨᠢ ᠴᠥᠮ ᠵᠣᠬᠢᠬᠤ ᠴᠠᠭ | ᠬᠤᠭᠤᠴᠠᠭ᠎ᠠ ᠬᠡᠷᠡᠭᠰᠡᠬᠦ ᠶᠢ ᠪᠣᠳᠣᠯᠬᠢᠯᠠᠭᠠᠳ 5 ᠰᠠᠷ᠎ᠠ ᠶᠢᠨ ᠬᠡᠷᠡᠭᠵᠢᠭᠦᠯᠬᠦ ᠰᠢᠯᠵᠢᠯᠲᠡ ᠶᠢᠨ ᠬᠤᠭᠤᠴᠠᠭ᠎ᠠ | ᠲᠣᠭᠲᠠᠭᠠᠵᠠᠶ᠃ ᠰᠢᠯᠵᠢᠯᠲᠡ ᠶᠢᠨ ᠬᠤᠭᠤᠴᠠᠭᠠᠨ ᠳᠤ ᠡᠯᠧᠺᠳ᠋ᠷᠣᠨ ᠲᠠᠮᠠᠬᠢ ᠦᠢᠯᠡᠳᠪᠤᠷᠢᠯᠡᠬᠦ ᠠᠵᠤ ᠠᠬᠤᠶᠢᠯᠠᠯ ᠤᠳ | ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠪᠣᠯᠪᠠᠰᠤᠷᠠᠭᠤᠯᠤᠯ ᠥᠷᠨᠢᠭᠦᠯᠵᠦ᠂ ᠪᠠᠷᠢᠮᠵᠢᠶ᠎ᠠ ᠶᠢᠨ ᠮᠡᠷᠭᠡᠵᠢᠯ ᠤᠨ | ᠠᠭᠤᠯᠭ᠎ᠠ ᠶᠢ ᠭᠦᠨᠵᠡᠭᠡᠶ ᠤᠶᠢᠯᠠᠭᠠᠨ᠂ ᠦᠢᠯᠡᠳᠭᠦᠨ ᠢᠶᠠᠨ ᠪᠠᠷᠢᠮᠵᠢᠶ᠎ᠠ ᠳᠤ ᠬᠦᠷᠦᠭᠦᠯᠬᠦ ᠶᠢ ᠡᠷᠲᠡᠬᠡᠨ ᠪᠡᠶᠡᠯᠡᠬᠦᠯᠬᠦ | ᠬᠡᠷᠡᠭᠲᠡᠢ᠃ | ᠠᠵᠢᠯ ᠲᠥᠷᠥᠯ ᠤᠨ ᠳᠣᠲᠣᠭᠠᠳᠤ ᠶᠢᠨ ᠬᠥᠮᠦᠰ ᠢᠯᠡᠷᠬᠡᠶᠢᠯᠡᠬᠦ ᠳᠡᠭᠡᠨ᠂ ᠡᠯᠧᠺᠳ᠋ᠷᠣᠨ ᠲᠠᠮᠠᠬᠢ ᠶᠢᠨ | ᠤᠯᠤᠰ ᠤᠨ ᠪᠠᠷᠢᠮᠵᠢᠶᠠᠲᠤ ᠬᠢᠨᠠᠯᠲᠠ ᠬᠠᠮᠢᠶᠠᠷᠤᠯᠲᠠ ᠶᠢᠨ ᠭᠤᠤᠯ ᠵᠣᠷᠢᠯᠭ᠎ᠠ ᠪᠣᠯ ᠦᠢᠯᠡᠳᠭᠦᠨ ᠤ ︽ᠥᠳᠥᠭᠡᠬᠦ ᠴᠢᠨᠠᠷ︾ | ᠢ ᠪᠠᠭᠤᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠬᠤᠯᠠᠴᠢᠯᠠᠨ ᠴᠢᠩᠭᠠᠳᠬᠠᠬᠤ ᠶᠢᠨ | ᠲᠥᠯᠥᠭᠡ ᠶᠤᠮ ᠭᠡᠵᠡᠶ᠃ ᠡᠨᠡ ᠨᠢ ᠡᠯᠧᠺᠳ᠋ᠷᠣᠨ ᠲᠠᠮᠠᠬᠢᠨ ᠤ ᠠᠵᠤ ᠦᠢᠯᠡᠰ ᠢ ᠵᠢᠷᠤᠮᠵᠢᠭᠤᠯᠤᠨ ᠬᠥᠭᠵᠢᠭᠦᠯᠬᠦ ᠰᠢᠨ᠎ᠡ | ᠡᠬᠢᠯᠡᠯᠲᠡ ᠪᠣᠯᠤᠨ᠎ᠠ᠃ ᠣᠳᠣᠬᠠᠨ ᠳᠤ᠂ ᠪᠥᠬᠦ ᠤᠯᠤᠰ ᠲᠤ ᠨᠢᠭᠡᠨᠲᠡ 37 ᠡᠯᠧᠺᠳ᠋ᠷᠣᠨ ᠲᠠᠮᠠᠬᠢᠨ ᠤ ᠨᠠᠷᠠᠲᠤ ᠲᠡᠮᠳᠡᠭ | ᠪᠤᠢ ᠪᠣᠯᠵᠣ᠂ ᠨᠠᠭᠠᠳᠤ ᠵᠠᠬ᠎ᠠ ᠳᠠᠭᠠᠨ 80 ᠵᠥᠢᠯ ᠤᠨ ᠦᠢᠯᠡᠳᠭᠦᠨ ᠢ ᠬᠢᠨᠠᠨ ᠵᠥᠪᠰᠢᠶᠡᠷᠡᠭᠦᠯᠬᠦ ᠪᠠᠷ ᠳᠡᠮᠵᠢᠨ ᠵᠠᠬ᠎ᠠ | ᠳᠡᠯᠭᠡᠭᠦᠷ ᠲᠤ ᠭᠠᠷᠭᠠᠬᠤ ᠵᠥᠪᠰᠢᠶᠡᠷᠡᠯ ᠣᠯᠵᠠᠶ᠃ | |