8 ᠰᠠᠷ᠎ᠠ ᠶᠢᠨ 31 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2022 ᠣᠨ ᠤ ᠳᠤᠮᠳᠠᠳᠤ | ᠤᠯᠤᠰ ᠤᠨ ᠣᠯᠠᠨ ᠤᠯᠤᠰ ᠤᠨ ᠦᠶ᠋ᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | | ᠰᠢ ᠶᠢᠨ ᠫᠢᠩ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠪᠣᠯ ᠳᠤᠮᠳᠠᠳᠤ ᠤᠯᠤᠰ ᠤᠨ ᠨᠡᠬᠡᠬᠡᠯᠳᠡ ᠪᠠᠨ | ᠥᠷᠭᠡᠳᠭᠡᠬᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠴᠢᠬᠤᠯᠠ | ᠲᠠᠪᠴᠠᠩ ᠮᠥᠨ᠂ ᠪᠦᠬᠦ ᠪᠥᠮᠪᠥᠷᠴᠡᠭ ᠤᠨ ᠦᠢᠯᠡᠴᠢᠯᠡᠭᠡᠨᠤ ᠦᠢᠯᠡᠰ ᠪᠣᠯᠤᠨ ᠦᠢᠯᠡᠴᠢᠯᠡᠭᠡᠨ ᠤ ᠠᠷᠠᠯᠵᠢᠶᠠᠨ ᠤ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠥᠨᠳᠥᠷ | ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ | ᠦᠶ᠋ᠯᠡᠴᠢᠯᠡᠭᠡᠨ ᠤ ᠬᠦᠷᠢᠶᠡᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠲᠠᠰᠤᠷᠠᠯᠲᠠ ᠥᠬᠡᠶ ᠠᠭᠤᠵᠢᠭᠤ | ᠲᠠᠯᠪᠢᠵᠤ᠂ ᠬᠢᠯᠢ ᠠᠯᠤᠰᠯᠠᠭᠰᠠᠨ ᠦᠶ᠋ᠯᠡᠴᠢᠯᠡᠭᠡᠨ ᠤ ᠠᠷᠠᠯᠵᠢᠶᠠᠨ ᠤ ᠨᠡᠭᠡᠭᠡᠯᠲᠡ ᠶᠢᠨ ᠲᠦᠪᠰᠢᠨᠢ ᠳᠡᠭᠡᠭᠰᠢᠯᠡᠭᠦᠯᠵᠦ᠂ | ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠳᠠᠮᠵᠢ ᠶᠢ ᠥᠷᠭᠡᠳᠭᠡᠵᠦ᠂ ᠥᠨᠳᠥᠷ ᠪᠠᠷᠢᠮᠵᠢᠶᠠᠲᠤ ᠦᠶ᠋ᠯᠡᠴᠢᠯᠡᠭᠡᠨ ᠤ | ᠦᠶ᠋ᠯᠡᠰ ᠤᠨ ᠨᠡᠭᠡᠭᠡᠯᠲᠡ ᠶᠢᠨ ᠲᠦᠷᠢᠮ ᠤᠨ ᠰᠢᠰᠲ᠋ᠧᠮ ᠢ ᠴᠢᠷᠮᠠᠶᠢᠨ ᠪᠠᠶᠢᠭᠤᠯᠵᠠᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤᠪᠠᠷ᠂ ᠵᠢᠩᠬᠢᠨᠢ | ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠭᠠᠷ ᠬᠤᠯᠪᠣᠯᠴᠠᠨ ᠨᠡᠭᠡᠭᠡᠯᠳᠠ ᠲᠠᠢ ᠬᠠᠮᠲᠤ ᠪᠠᠷ ᠡᠳ᠋ᠯᠡᠬᠦ | ᠦᠢᠯᠡᠴᠢᠯᠡᠭᠡᠨ ᠤ ᠠᠵᠤ ᠠᠬᠤᠢ ᠶᠢ ᠬᠠᠮᠳᠦ ᠪᠠᠷ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ | ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠤ ᠴᠢᠬᠤᠯᠠᠴᠢᠯᠠᠵᠠᠢ᠃ | 2022 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠶ᠋ᠯᠡᠴᠢᠯᠡᠭᠡᠨ ᠤ ᠠᠷᠠᠯᠵᠢᠶᠠᠨ ᠤ | ᠴᠤᠭᠯᠠᠭᠠᠨ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 5 ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠨ᠎ᠠ᠂ | ︽ᠦᠶ᠋ᠯᠡᠴᠢᠯᠡᠭᠡᠨ ᠤ ᠬᠠᠮᠲᠤᠷᠠᠯᠴᠠᠭ᠎ᠠ ᠪᠠᠷ ᠬᠥᠭᠵᠢᠯᠲᠡ ᠶᠢ ᠠᠬᠢᠭᠤᠯᠵᠤ ᠪᠣᠬᠢᠷᠲᠤᠯ ᠥᠬᠡᠶ ᠰᠢᠨ᠎ᠡ ᠶᠢ ᠡᠭᠦᠳᠬᠦ ᠪᠠᠷ | ᠢᠷᠡᠭᠡᠳᠦᠶ ᠶᠢ ᠤᠭᠲᠤᠶ᠎ᠠ︾ ᠭᠡᠬᠦ ᠭᠤᠤᠯ ᠰᠡᠳᠦᠪ ᠲᠠᠢ ᠪᠠᠶᠢᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ | ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠤᠯᠯᠠᠨ ᠡᠷᠭᠢᠯᠡᠪᠡ᠃ |