ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ | ᠰᠢ ᠶᠢᠨ ᠫᠢᠩ 9 ᠰᠠᠷ᠎ᠠ ᠶᠢᠨ 6 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ︽ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠨᠥᠬᠦᠴᠡᠯ ᠳᠤᠤᠷᠠᠬᠢ ᠵᠠᠩᠭᠢᠯᠠᠭ᠎ᠠ ᠶᠢᠨ ᠭᠤᠤᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠬᠦ | ᠲᠤᠬᠠᠶ ᠰᠠᠨᠠᠯ︾᠂ ︽ᠠᠺᠠᠳᠧᠮᠢᠴᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠤᠳ︾᠂ | ︽ᠡᠬᠢ ᠪᠠᠶᠠᠯᠢᠭ ᠢ ᠠᠷᠪᠢᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾᠂ ︽ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ | ᠣᠷᠣᠭᠤᠯᠬᠤ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠤᠬᠠᠶ ᠵᠢᠯᠣᠭᠤᠳᠬᠤ ᠰᠠᠨᠠᠯ︾᠂ ︽ᠥᠭᠡᠷᠡᠴᠢᠯᠡᠯᠲᠡ ᠶᠢ | ᠤᠯᠠᠮ ᠴᠢᠨᠠᠬᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠢ ᠬᠢᠨᠡᠨ ᠵᠦᠪᠯᠡᠵᠤ ᠪᠠᠳᠤᠯᠠᠪᠠ᠃ | ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ | ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ ᠳᠡᠶᠢᠯᠬᠦ ᠢᠯᠡᠳᠲᠡ ᠳᠠᠪᠠᠭᠤᠯᠢᠭ ᠢ ᠪᠠᠳᠠᠷᠠᠭᠤᠯᠵᠤ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠪᠣᠯᠤᠨ | ᠤᠯᠤᠰ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢᠨ ᠲᠣᠭᠤᠷᠢᠨ ᠳᠤ ᠰᠢᠨ᠎ᠡ ᠶᠢ ᠡᠭᠦᠳᠬᠦ | ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠭᠤᠮᠲᠠ ᠰᠢᠪᠲᠤᠯᠬᠤ ᠰᠢᠰᠲ᠋ᠧᠮᠵᠢᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠠᠯᠢ ᠤᠯᠠᠨ ᠴᠢᠬᠤᠯᠠ | ᠬᠦᠷᠢᠶᠡᠨ ᠳᠤ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠵᠦ᠂ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ | ᠡᠷᠬᠡ ᠶᠢ ᠤᠯᠬᠤ ᠬᠡᠷᠡᠭᠲᠡᠢ᠃ ᠲᠦᠷᠢᠮ ᠢ ᠲᠡᠭᠦᠯᠳᠡᠷᠵᠢᠭᠦᠯᠬᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ | ᠭᠤᠣᠯᠳᠠᠯᠭ᠎ᠠ ᠪᠣᠯᠭᠠᠵᠤ᠂ ᠠᠺᠠᠳᠧᠮᠢᠴᠢ ᠶᠢ ᠰᠢᠯᠢᠨ ᠰᠣᠩᠭᠤᠬᠤ ᠶᠠᠰᠤ ᠴᠢᠨᠠᠷ ᠢ ᠳᠡᠭᠡᠭᠰᠢᠯᠡᠭᠦᠯᠵᠦ᠂ | ᠠᠺᠠᠳᠧᠮᠢᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠺᠠᠳᠧᠮᠢᠴᠢ ᠶᠢᠨ ᠴᠣᠯᠠ ᠶᠢ ᠤᠯᠠᠮ ᠴᠢᠨᠠᠭᠰᠢᠳᠠ | ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ ᠤ ᠴᠢᠨᠠᠷ ᠲᠤᠨᠢ ᠪᠤᠴᠠᠭᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠬᠢ | ᠪᠠᠶᠠᠯᠢᠭ ᠢ ᠠᠷᠪᠢᠯᠠᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ | ᠲᠤᠭᠤᠰᠢᠯᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠤᠬᠦᠯᠦᠨ ᠠᠰᠢᠭᠯᠠᠬᠤ ᠶᠢ ᠠᠬᠢᠭᠤᠯᠵᠤ᠂ | ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠲᠦᠭᠦᠬᠡᠢ ᠮᠠᠲ᠋ᠧᠷᠢᠶᠠᠯ ᠵᠡᠷᠭᠡ | ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠠᠰᠢᠭᠯᠠᠬᠤ ᠠᠷᠭ᠎ᠠ | ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠷᠭᠡᠳᠭᠡᠬᠦ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ | ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠨᠥᠬᠦᠴᠡᠯ ᠢ ᠴᠢᠩᠳᠠᠯᠠᠨ᠂ ᠲᠠᠰ ᠳᠠᠷᠠᠭᠠᠯᠠᠯ ᠢ ᠵᠢᠷᠤᠮᠵᠢᠭᠤᠯᠵᠤ᠂ | ᠥᠭᠡᠷᠡᠴᠢᠯᠡᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ ᠬᠠᠶᠢᠨ ᠰᠦᠪᠡᠭᠴᠢᠯᠡᠨ ᠰᠢᠶ᠋ᠳᠪᠦᠷᠢᠯᠡᠬᠦ | ᠬᠡᠷᠡᠭᠲᠡᠶ᠃ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ | ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠬᠦᠯᠵᠤ᠂ ᠥᠷᠭᠡᠨ ᠤᠯᠠᠨ | ᠲᠠᠷᠢᠶᠠᠴᠢᠨ ᠲᠦᠮᠡᠨ ᠳᠤ ᠤᠢᠢᠷ᠎ᠠ ᠬᠠᠪᠢ ᠳᠠᠭᠠᠨ ᠨᠡᠩ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ | ᠬᠤ᠋ ᠨᠢᠩ᠂ ᠬᠠᠨ ᠵᠧᠩ ᠬᠤᠷᠠᠯ ᠳᠤ ᠣᠷᠣᠯᠴᠠᠵᠠᠢ᠃ | ᠬᠤᠷᠠᠯ ᠠᠴᠠ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠰᠢᠨ᠎ᠡ ᠮᠠᠶ᠋ᠢᠭ ᠤᠨ | ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠬᠦᠯᠬᠦ ᠳᠤ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠢ | ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠤᠨ᠂ ᠬᠦᠴᠦᠨ ᠢᠶᠠᠨ | ᠲᠥᠪᠯᠡᠷᠡᠭᠦᠯᠵᠦ᠂ ᠲᠣᠭᠲᠠᠴᠠ ᠪᠠᠨ ᠰᠢᠯᠢᠳᠡᠭᠵᠢᠭᠦᠯᠤᠨ᠂ ᠬᠠᠮᠵᠢᠯᠴᠠᠨ ᠪᠣᠭᠤᠮᠲᠠ ᠰᠢᠪᠲᠤᠯᠬᠤ ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠ ᠰᠢᠰᠲ᠋ᠧᠮ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ | ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠤᠳᠤᠷᠢᠳᠤᠮᠵᠢ ᠶᠢ ᠪᠠᠷᠢᠮᠲᠠᠯᠠᠵᠤ᠂ ᠮᠠᠨ ᠤ ᠤᠯᠤᠰ ᠤᠨ ᠠᠵᠤ | ᠦᠢᠯᠡᠰ᠂ ᠠᠵᠤ ᠠᠬᠤᠢ ᠪᠠ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠭᠤᠣᠯᠳᠠᠯᠭ᠎ᠠ ᠲᠠᠢ | ᠬᠦᠷᠢᠶ᠎ᠡ ᠨᠦᠭᠦᠳ ᠵᠢᠴᠢ ᠴᠢᠬᠤᠯᠠ ᠶᠡᠭᠡ ᠡᠭᠦᠷᠭᠡ ᠶᠢ ᠤᠨᠢᠯᠠᠨ᠂ ᠭᠤᠣᠯ ᠰᠢᠪᠲᠤᠯᠬᠤ ᠴᠢᠭᠯᠡᠯ ᠪᠠ ᠭᠤᠣᠯᠯᠠᠬᠤ | ᠮᠡᠷᠭᠡᠵᠢᠯ ᠤᠨ ᠰᠢᠪᠲᠤᠯᠤᠯᠲᠠ ᠶᠢᠨ ᠴᠡᠭ ᠢ ᠲᠣᠳᠣᠷᠬᠠᠶᠢᠯᠠᠵᠤ᠂ ᠤᠷᠢᠳ ᠢᠶᠠᠷ ᠬᠥᠭᠵᠢᠬᠦ ᠳᠠᠪᠠᠭᠤᠯᠢᠭ ᠲᠠᠢ | ᠵᠠᠩᠭᠢᠯᠠᠭ᠎ᠠ ᠶᠢᠨ ᠮᠡᠷᠭᠡᠵᠢᠯ ᠪᠠ ᠢᠷᠡᠭᠡᠳᠦᠢ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ ᠰᠠᠭᠤᠷᠢ ᠬᠤᠰᠢᠭᠤᠷᠠᠯ | ᠮᠡᠷᠭᠡᠵᠢᠯ ᠢ ᠭᠤᠣᠯᠳᠠᠯᠭ᠎ᠠ ᠲᠠᠢ ᠰᠤᠳᠤᠯᠤᠨ ᠨᠡᠭᠡᠬᠡᠬᠦ ᠭᠡᠷᠡᠭᠳᠠᠢ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠷᠬᠡ ᠰᠦᠷᠲᠦ ᠰᠢᠢᠳᠪᠦᠷᠢᠲᠦ ᠪᠤᠳᠤᠯᠭ᠎ᠠ ᠶᠢᠨ ᠵᠢᠯᠣᠭᠤᠳᠬᠤ | ᠰᠢᠰᠲ᠋ᠧᠮ ᠢ ᠪᠠᠶᠢᠭᠤᠯᠬᠤ ᠬᠡᠷᠡᠭᠲᠡᠢ᠃ ᠬᠠᠮᠵᠢᠯᠴᠠᠨ ᠪᠣᠭᠤᠮᠲᠠ ᠰᠢᠪᠲᠤᠯᠬᠤ ᠵᠣᠬᠢᠶᠠᠨ ᠪᠠᠶᠢᠭᠤᠯᠤᠯᠲᠠ ᠶᠢᠨ | ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠣᠯᠤᠨ | ᠰᠢᠨ᠎ᠡ ᠶᠢ ᠡᠭᠦᠳᠬᠦ ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠵᠤ᠂ ᠬᠦᠷᠢᠶ᠎ᠡ ᠰᠤᠨᠳᠠᠯᠠᠵᠦ | ᠰᠢᠨᠵᠢᠯᠡᠭᠡᠨ ᠤ ᠰᠠᠯᠠᠭ᠎ᠠ ᠰᠤᠨᠳᠠᠯᠠᠵᠦ ᠬᠠᠮᠵᠢᠯᠴᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ | ᠤᠶᠠᠯᠳᠤᠯ ᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠲᠦᠷᠭᠡᠳᠭᠡᠨ ᠬᠤᠪᠢᠷᠠᠭᠤᠯᠵᠤ᠂ ᠰᠠᠶᠢᠨ ᠰᠠᠶᠢᠬᠠᠨ ᠰᠢᠨ᠎ᠡ ᠶᠢ ᠡᠭᠦᠳᠬᠦ | ᠠᠮᠢ ᠠᠬᠤᠢ ᠶᠢ ᠪᠤᠢ ᠪᠣᠯᠭᠠᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠺᠠᠳᠧᠮᠢᠴᠢ ᠪᠣᠯ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ | ᠪᠠ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠬᠠᠮᠤᠭ ᠤᠨ ᠳᠡᠭᠡᠳᠦ ᠢᠷᠠᠭᠤ | ᠠᠯᠳᠠᠷ ᠤᠨ ᠴᠣᠯᠠ ᠮᠥᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠥᠨᠳᠥᠷ ᠲᠦᠪᠰᠢᠨ ᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶᠡᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠴᠢᠬᠤᠯᠠ ᠬᠦᠴᠦᠨ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠺᠠᠳᠧᠮᠢᠴᠢ ᠶᠢ ᠰᠢᠯᠢᠨ ᠰᠣᠩᠭᠤᠵᠤ ᠬᠢᠨᠠᠨ | ᠲᠣᠭᠲᠠᠭᠠᠬᠤ ᠲᠣᠭᠲᠡᠴᠡ ᠶᠢ ᠲᠡᠭᠦᠯᠳᠡᠷᠵᠢᠭᠦᠯᠬᠦ᠂ ᠰᠢᠨᠵᠢᠯᠡᠭᠡᠨ ᠤ ᠰᠠᠯᠠᠭᠠᠨ ᠤ ᠪᠠᠶᠢᠷᠢᠰᠢᠭᠤᠯᠤᠯᠳᠠ ᠶᠢ | ᠰᠢᠯᠢᠳᠡᠭᠵᠢᠭᠦᠯᠬᠦ᠂ ᠠᠵᠢᠯ ᠠᠴᠠ ᠪᠠᠨ ᠠᠮᠠᠷᠠᠵᠤ ᠤᠬᠤᠷᠢᠨ ᠭᠠᠷᠬᠤ ᠲᠦᠷᠢᠮ ᠢ ᠬᠡᠷᠡᠭᠵᠢᠭᠦᠯᠬᠦ᠂ ᠰᠤᠷᠳᠠᠯ ᠪᠠ | ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠠᠺᠠᠳᠧᠮᠢᠴᠢ ᠶᠢᠨ ᠲᠦᠷᠢᠮ ᠢ ᠲᠠᠰᠤᠷᠠᠯᠳᠠ ᠦᠭᠡᠢ | ᠲᠡᠭᠦᠯᠳᠡᠷᠵᠢᠭᠦᠯᠬᠦ ᠶᠢ ᠠᠬᠢᠭᠤᠯᠪᠠ᠃ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠪᠠ ᠤᠯᠤᠰ ᠤᠨ | ᠴᠢᠬᠤᠯᠠ ᠶᠡᠭᠡ ᠢᠨᠵᠧᠨᠧᠷᠢᠩ ᠤᠨ ᠳᠤᠮᠳᠠ ᠠᠴᠠ ᠠᠺᠠᠳᠧᠮᠢᠴᠢ ᠶᠢ ᠰᠢᠯᠢᠨ ᠰᠣᠩᠭᠤᠬᠤ ᠶᠢ ᠴᠢᠬᠤᠯᠠᠴᠢᠯᠠᠵᠤ᠂ | ᠴᠢᠬᠤᠯᠠ ᠶᠡᠭᠡ ᠬᠤᠪᠢ ᠨᠡᠮᠡᠷᠢ᠂ ᠡᠷᠳᠡᠮ ᠰᠢᠨᠵᠢᠯᠡᠭᠡᠨ ᠤ ᠲᠦᠪᠰᠢᠨ᠂ ᠶᠣᠰᠣ ᠮᠣᠷᠠᠯ ᠰᠤᠷᠳᠠᠯ ᠰᠠᠬᠢᠯᠭ᠎ᠠ ᠪᠠᠷ | ᠪᠠᠷᠢᠮᠵᠢᠶ᠎ᠠ ᠪᠣᠯᠭᠠᠵᠤ᠂ ᠨᠡᠮᠡᠵᠦ ᠰᠣᠩᠭᠤᠬᠤ ᠳᠤᠮᠳᠠᠬᠢ ᠲᠥᠪ ᠪᠤᠰᠤ ᠰᠤᠷᠲᠠᠯ ᠢ ᠰᠡᠷᠭᠡᠶᠢᠯᠡᠬᠦ ᠬᠡᠷᠡᠭᠲᠡᠢ᠃ | ᠬᠥᠲᠥᠯᠥᠨ ᠵᠢᠯᠣᠭᠤᠳᠴᠦ ᠵᠢᠷᠤᠮᠵᠢᠭᠤᠯᠬᠤ ᠢ ᠴᠢᠩᠭᠠᠳᠬᠠᠵᠤ᠂ ᠠᠺᠠᠳᠧᠮᠢᠴᠢ ᠶᠢᠨ ᠨᠢᠭᠡ ᠰᠡᠳᠭᠢᠯ ᠨᠢᠭᠡ | ᠵᠣᠷᠢᠭ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠷᠳᠡᠮ | ᠰᠢᠨᠵᠢᠯᠡᠭᠡᠨ ᠤ ᠰᠤᠷᠲᠠᠯ ᠪᠠ ᠠᠵᠢᠯ ᠤᠨ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠨ᠂ ᠡᠷᠳᠡᠮ ᠰᠢᠨᠵᠢᠯᠡᠭᠡᠨ ᠤ | ᠪᠤᠰᠤ ᠬᠦᠴᠦᠨ ᠵᠦᠶ᠋ᠯ ᠤᠨ ᠬᠠᠷᠰᠢᠯᠠᠯ ᠢ ᠠᠷᠢᠯᠭᠠᠬᠤ ᠬᠡᠷᠡᠭᠲᠡᠶ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠠᠺᠠᠳᠧᠮᠢᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠪᠠ ᠡᠷᠳᠡᠮ ᠰᠢᠨᠵᠢᠯᠡᠭᠡᠨ ᠤ | ᠵᠢᠷᠤᠮᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠡᠷᠳᠡᠮ ᠰᠢᠨᠵᠢᠯᠡᠭᠡᠨ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠥᠷᠭᠡᠨ ᠤᠯᠠᠨ ᠠᠺᠠᠳᠧᠮᠢᠴᠢ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ | ᠤᠯᠤᠰ ᠤᠨ ᠪᠠᠴᠢᠮ ᠬᠦᠴᠢᠷ ᠠᠶᠤᠯ ᠲᠠᠢ ᠬᠦᠨᠳᠦ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠰᠢᠨᠵᠢᠯᠡᠬᠦ ᠤᠬᠠᠭᠠᠨ ᠤ | ᠠᠰᠠᠭᠤᠳᠠᠯ ᠢ ᠰᠢᠢᠳᠪᠦᠷᠢᠯᠡᠬᠦ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ ᠡᠷᠳᠡᠮ ᠰᠢᠨᠵᠢᠯᠡᠭᠡᠨ ᠤ ᠣᠷᠴᠢᠨ | ᠲᠣᠭᠤᠷᠢᠨ ᠢ ᠴᠡᠪᠡᠷᠰᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ | ᠵᠡᠷᠭᠡ ᠲᠠᠯ᠎ᠠ ᠪᠠᠷ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠬᠡᠵᠤ | ᠴᠢᠬᠤᠯᠠᠴᠢᠯᠠᠪᠠ᠃ | ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠪᠣᠯ ᠮᠠᠨ ᠤ ᠤᠯᠤᠰ ᠤᠨ ᠦᠨᠳᠦᠰᠦᠨ ᠤᠯᠤᠰ ᠤᠨ | ᠪᠤᠳᠤᠯᠭ᠎ᠠ᠂ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠡᠭᠦᠷᠭᠡ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ | ᠪᠤᠳᠤᠯᠭ᠎ᠠ ᠶᠢ ᠪᠠᠶᠢᠷᠢᠯᠠᠭᠤᠯᠤᠨ ᠬᠡᠷᠡᠭᠵᠢᠭᠦᠯᠵᠦ᠂ ᠡᠨᠧᠷᠭᠢ᠂ ᠤᠰᠤ᠂ ᠭᠠᠵᠠᠷ ᠰᠢᠷᠣᠢ ᠶᠢ ᠠᠰᠢᠭᠯᠠᠬᠤ ᠡᠷᠴᠢᠮ ᠢ | ᠶᠡᠭᠡ ᠪᠠᠷ ᠪᠠᠭᠤᠷᠠᠭᠤᠯᠤᠨ᠂ ᠣᠷᠴᠢᠯᠳᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠶᠢᠭᠡᠮ ᠳᠠᠶᠠᠭᠠᠷ ᠲᠤ | ᠰᠠᠶᠢᠲᠤᠷ ᠠᠷᠪᠢᠯᠠᠨ ᠭᠠᠮᠨᠠᠬᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠶᠢ ᠰᠠᠨᠠᠭᠠᠴᠢᠯᠠᠵᠤ᠂ ᠡᠬᠢ ᠪᠠᠶᠠᠯᠢᠭ ᠢ | ᠠᠷᠪᠢᠯᠠᠨ ᠭᠠᠮᠨᠠᠵᠤ ᠥᠨᠳᠥᠷ ᠪᠦᠲᠦᠮᠵᠢᠲᠡᠢ ᠪᠠᠷ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠂ ᠢᠳᠡᠪᠬᠢᠲᠡᠢ | ᠦᠷ᠎ᠡ ᠪᠦᠲᠦᠮᠵᠢ ᠤᠯᠪᠠ᠃ ᠡᠨᠧᠷᠭᠢ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ | ᠭᠤᠣᠯᠳᠠᠯᠭ᠎ᠠ ᠲᠠᠢ ᠬᠦᠷᠢᠶᠡᠨ ᠤ ᠡᠬᠢ ᠪᠠᠶᠠᠯᠢᠭ ᠢ ᠠᠷᠪᠢᠯᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ | ᠦᠢᠯᠡᠳᠪᠦᠷᠢᠯᠡᠯ ᠤᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠬᠤ | ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠨ᠂ ᠠᠷᠪᠢᠲᠠᠢ ᠭᠠᠮᠲᠠᠢ ᠪᠥᠭᠡᠳ | ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ | ᠠᠷᠭ᠎ᠠ ᠭᠡᠯᠪᠡᠷᠢ ᠶᠢ ᠳᠡᠯᠭᠡᠷᠡᠭᠦᠯᠵᠦ᠂ ᠱᠠᠯᠢᠨ ᠪᠦᠷᠢᠯᠭᠡᠬᠦ ᠪᠠ ᠬᠡᠲᠦᠷᠡᠲᠡᠯ᠎ᠡ ᠬᠡᠷᠡᠭᠯᠡᠬᠦ ᠶᠢ ᠡᠰᠡᠷᠭᠦᠴᠡᠨ᠂ ᠪᠦᠬᠦ | ᠠᠷᠠᠳ ᠤᠨ ᠠᠷᠪᠢᠯᠠᠨ ᠭᠠᠮᠨᠠᠬᠤ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ | ᠬᠡᠷᠡᠭᠲᠡᠢ᠃ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ ᠠᠷᠭ᠎ᠠ ᠪᠠᠷᠢᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ | ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ᠂ ᠠᠮᠢ ᠠᠬᠤᠢ ᠶᠢᠨ ᠬᠤᠬᠢᠷᠠᠯ ᠤᠨ ᠥᠪᠡᠷ ᠤᠨ ᠦᠷᠳᠡᠭ᠂ ᠣᠷᠴᠢᠨ | ᠲᠤᠭᠤᠷᠢᠨ ᠤ ᠪᠣᠬᠢᠷᠲᠤᠯ ᠤᠨ ᠦᠨ᠎ᠡ ᠲᠦᠯᠦᠪᠦᠷᠢ ᠶᠢ ᠢᠯᠡᠷᠡᠭᠦᠯᠬᠦ ᠡᠬᠢ ᠪᠠᠶᠠᠯᠢᠭ ᠤᠨ ᠦᠨ᠎ᠡ ᠬᠠᠩᠰᠢ ᠶᠢᠨ | ᠪᠦᠷᠢᠯᠳᠦᠬᠦ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ | ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ᠂ ᠤᠰᠤᠨ ᠤ ᠬᠤᠷᠣᠭᠳᠠᠭᠤᠯᠤᠯ᠂ ᠪᠣᠳᠠᠰ ᠤᠨ | ᠬᠤᠷᠣᠭᠳᠠᠭᠤᠯᠤᠯ ᠤᠨ ᠪᠠᠷᠢᠮᠵᠢᠶ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠ ᠠᠷᠪᠢᠲᠠᠢ ᠪᠥᠭᠡᠳ ᠥᠨᠳᠥᠷ | ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠠᠰᠢᠭᠯᠠᠬᠤ ᠪᠠ ᠠᠷᠪᠢᠯᠠᠬᠤ᠂ ᠨᠡᠭᠡᠭᠡᠨ ᠬᠥᠭᠵᠢᠭᠦᠯᠬᠦ ᠪᠠ | ᠬᠠᠮᠠᠭᠠᠯᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠤᠷᠳᠤ ᠬᠤᠭᠤᠴᠠᠭᠠᠨ ᠤ | ᠬᠠᠷᠢᠴᠠᠭᠠᠶᠢ ᠰᠠᠶᠢᠲᠤᠷ ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠨ᠂ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠡᠬᠢ ᠪᠠᠶᠠᠯᠢᠭ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠪᠠᠷ ᠪᠠᠷᠠᠬᠤ ᠦᠭᠡᠢ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ | ᠪᠣᠳᠣᠯᠬᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠡ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ | ᠠᠬᠢᠭᠤᠯᠬᠤ ᠨᠢ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠯ᠎ᠡ ᠲᠠᠯ᠎ᠠ ᠶᠢᠨ ᠠᠰᠢᠭ | ᠲᠤᠰᠠ ᠳᠤ ᠬᠤᠯᠪᠣᠭᠳᠠᠬᠤ ᠴᠢᠬᠤᠯᠠ ᠶᠡᠭᠡ ᠲᠤᠬᠢᠷᠠᠭᠤᠯᠤᠯᠲᠠ ᠮᠦᠨ᠂ ᠡᠷᠬᠡᠪᠰᠢ ᠪᠣᠯᠭᠤᠮᠵᠢᠲᠠᠢ ᠯᠠᠪᠳᠠᠭᠤᠨ ᠢᠶᠠᠷ | ᠠᠬᠢᠭᠤᠯᠬᠤ ᠬᠡᠷᠡᠭᠲᠡᠢ᠃ ᠲᠤᠷᠰᠢᠯᠲᠠ ᠶᠢᠨ ᠴᠡᠭ ᠤᠨ ᠰᠢᠶᠠᠨ ︵ᠬᠤᠲᠠ᠂ ᠲᠣᠭᠤᠷᠢᠭ︶ ᠤ ᠲᠤᠭ᠎ᠠ ᠬᠡᠮᠵᠢᠶ᠎ᠡ ᠶᠢ | ᠯᠠᠪᠳᠠᠭᠤᠨ ᠡᠵᠡᠮᠳᠡᠵᠦ ᠳᠡᠶᠢᠯᠬᠦ ᠬᠡᠷᠡᠭᠲᠡᠶ᠃ ᠠᠳᠠᠯᠢ ᠭᠠᠵᠠᠷ ᠲᠤ ᠠᠳᠠᠯᠢ ᠡᠷᠬᠡ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠠᠷᠢᠮᠲᠠᠯᠠᠵᠤ᠂ ᠲᠥᠯᠥᠪᠵᠢᠭᠦᠯᠭᠡ ᠳᠤ ᠨᠡᠶᠢᠴᠡᠬᠦ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠬᠠᠤᠯᠢ | ᠶᠣᠰᠣᠭᠠᠷ ᠣᠯᠤᠭᠰᠠᠨ ᠤᠷᠢᠲᠠᠯ ᠳᠣᠣᠷ᠎ᠠ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠤᠯᠤᠰ ᠤᠨ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠢ ᠲᠠᠢ ᠠᠳᠠᠯᠢ ᠲᠡᠭᠰᠢ ᠪᠠᠷ ᠵᠠᠬ᠎ᠠ ᠳᠡᠯᠭᠡᠭᠦᠷ ᠲᠤ ᠣᠷᠣᠭᠤᠯᠬᠤ᠂ ᠠᠳᠠᠯᠢ ᠡᠷᠬᠡ ᠠᠳᠠᠯᠢ ᠦᠨ᠎ᠡ ᠲᠠᠢ | ᠪᠠᠶᠢᠯᠭᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠡ ᠪᠠᠶᠢᠭᠤᠯᠤᠯᠲᠠ ᠳᠤ ᠬᠡᠷᠡᠭᠯᠡᠬᠦ ᠭᠠᠵᠠᠷ | ᠰᠢᠷᠣᠢ ᠶᠢᠨ ᠵᠠᠬ᠎ᠠ ᠳᠡᠯᠭᠡᠭᠦᠷ ᠲᠤ ᠠᠷᠠᠯᠵᠢᠶᠠᠯᠠᠵᠤ᠂ ᠠᠳᠠᠯᠢ ᠲᠦᠷᠢᠮ ᠢ ᠬᠡᠷᠡᠭᠯᠡᠵᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠦᠯᠢᠶᠡᠬᠦ ᠬᠡᠷᠡᠭᠲᠡᠢ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠪᠠᠷᠢᠮᠲᠠᠯᠠᠵᠤ᠂ | ᠤᠷᠢᠳ ᠢᠶᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠡᠯ᠎ᠡ ᠬᠡᠷᠡᠭᠯᠡᠭᠡᠨ ᠤ ᠭᠠᠵᠠᠷ | ᠰᠢᠷᠣᠶ ᠶᠢ ᠵᠦᠶ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ ᠭᠠᠵᠠᠷ ᠰᠢᠷᠣᠢ ᠶᠢᠨ ᠨᠡᠶᠢᠲᠡ ᠶᠢᠨ ᠥᠮᠴᠢᠯᠡᠯ ᠤᠨ ᠰᠢᠨᠵᠢ | ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠲᠠᠪᠠᠭ᠋ᠤ ᠦᠭᠡᠢ᠂ ᠲᠠᠷᠢᠶᠠᠴᠢᠳ ᠤᠨ | ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ ᠶᠢ ᠴᠢᠩᠭ᠎ᠠ ᠰᠠᠬᠢᠵᠤ᠂ ᠦᠨᠢᠳᠠ ᠶᠢᠨ ᠦᠨᠳᠦᠰᠦᠨ ᠲᠠᠷᠢᠶᠠᠨ | ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠣᠷᠣᠨ ᠵᠠᠢ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ᠂ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ᠂ ᠪᠠᠶᠢᠭᠤᠯᠤᠮᠵᠢ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠠᠯᠢ | ᠣᠯᠠᠨ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠴᠢᠨ ᠲᠦᠮᠡᠨ ᠤ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠶ᠋ᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠰᠢᠶᠠᠨ ᠤ | ᠬᠡᠪᠴᠢᠶᠡᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠥᠳᠡᠭᠡ ᠲᠣᠰᠬᠤᠨ ᠤ ᠡᠮ | ᠡᠮᠨᠡᠯᠭᠡ ᠶᠢᠨ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠴᠢᠳᠠᠪᠤᠷᠢᠲᠠᠨ ᠢ ᠬᠥᠮᠦᠵᠢᠭᠦᠯᠬᠦ ᠪᠠ | ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠶᠢᠨ ᠴᠠᠯᠢᠩ ᠬᠥᠯᠥᠰᠥ ᠶᠢᠨ | ᠬᠤᠪᠢᠶᠠᠷᠢᠯᠠᠯᠲᠠ ᠪᠠ ᠣᠯᠭᠤᠮᠵᠢ ᠶᠢᠨ ᠪᠠᠲᠤᠯᠠᠭ᠎ᠠ ᠶᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠰᠢᠢᠳᠪᠦᠷᠢᠯᠡᠵᠦ᠂ ᠲᠤᠰᠬᠠᠶᠢᠵᠢᠭᠰᠠᠨ᠂ ᠵᠢᠷᠤᠮᠵᠢᠭᠰᠠᠨ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢ ᠪᠠᠶᠢᠭᠤᠯᠬᠤ | ᠬᠡᠷᠡᠭᠲᠡᠢ᠃ ᠬᠥᠳᠡᠭᠡ ᠲᠣᠰᠬᠤᠨ ᠤ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠴᠢᠳᠠᠮᠵᠢ ᠶᠢ | ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠦᠴᠦᠷᠬᠡᠭ ᠶᠡᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠠᠷᠠᠳ | ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ | ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ |