ᠳᠥᠷᠪᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ | ︵ᠨᠢᠭᠡ︶ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ | 1. ᠤᠯᠤᠰ ᠤᠨ ᠲᠦᠷᠦ ᠶᠢᠨ ᠪᠤᠳᠤᠯᠭ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ | ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢ | ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠭᠦᠢᠴᠡᠳᠬᠡᠭᠰᠡᠨ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ | ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠱᠠᠩᠨᠠᠯ ᠣᠯᠭᠤᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢᠶᠠᠷ ᠬᠤᠪᠢᠶᠠᠷᠢᠯᠠᠨ | ᠲᠣᠭᠲᠠᠭᠠᠭᠰᠠᠨ ᠨᠤᠲᠤᠭ ᠪᠡᠯᠴᠢᠭᠡᠷ ᠲᠤ᠂ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ᠂ | ᠪᠡᠯᠴᠢᠭᠡᠷᠯᠡᠭᠦᠯᠬᠦ ᠶᠢ ᠵᠣᠭᠰᠤᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ | ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠪᠡᠯᠴᠢᠭᠡᠷᠯᠡᠭᠦᠯᠬᠦ ᠶᠢ | ᠵᠣᠭᠰᠤᠭᠠᠬᠤ ᠨᠥᠬᠦᠪᠥᠷᠢ ᠣᠯᠭᠤᠨ᠎ᠠ᠃ | 2. ᠨᠥᠬᠦᠪᠦᠷᠢ ᠱᠠᠩᠨᠠᠯ ᠤᠨ ᠪᠠᠷᠢᠮᠵᠢᠶ᠎ᠠ᠃ ᠤᠯᠤᠰ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ | ᠱᠠᠩᠨᠠᠬᠤ ᠪᠠᠷᠢᠮᠵᠢᠶ᠎ᠠ ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 2.5 ᠲᠥᠭᠦᠷᠢᠭ ᠱᠠᠩᠨᠠᠬᠤ ᠬᠢᠨᠠᠨ | ᠪᠣᠳᠤᠬᠤ ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 | ᠪᠠᠶᠢᠵᠤ᠂ ᠮᠠᠨ ᠤ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠱᠠᠩᠨᠠᠬᠤ ᠪᠠᠷᠢᠮᠵᠢᠶ᠎ᠠ ᠶᠢ ᠵᠢᠯ ᠪᠦᠷᠢ ᠮᠥ | ᠪᠦᠷᠢ ᠳᠤ 4.8 ᠲᠥᠭᠦᠷᠢᠭ ᠢᠶᠠᠷ ᠲᠣᠭᠲᠠᠭᠠᠪᠠ᠃ ᠤᠯᠤᠰ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ | ᠪᠠᠷᠢᠮᠵᠢᠶ᠎ᠠ ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 7.5 ᠲᠥᠭᠦᠷᠢᠭ ᠨᠥᠬᠦᠪᠦᠷᠢᠯᠡᠬᠦ ᠬᠢᠨᠠᠨ ᠪᠣᠳᠤᠬᠤ | ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 ᠪᠠᠶᠢᠵᠤ᠂ | ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠮᠥ ᠪᠦᠷᠢ ᠳᠤ | 14.4 ᠲᠥᠭᠦᠷᠢᠭ ᠢᠶᠠᠷ ᠲᠣᠭᠲᠠᠭᠠᠪᠠ᠃ ᠡᠯ᠎ᠡ ᠬᠤᠰᠢᠭᠤ ᠬᠤᠲᠠ ᠲᠣᠭᠤᠷᠢᠭ ᠪᠠᠭᠤᠯᠭᠠᠭᠰᠠᠨ ᠪᠠᠯᠠ ᠮᠥᠩᠭᠦ ᠶᠢᠨ | ᠲᠤᠭ᠎ᠠ ᠬᠡᠮᠵᠢᠶ᠎ᠡ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠷᠢᠶ᠎ᠡ | ᠬᠡᠪᠴᠢᠶ᠎ᠡ ᠶᠢ ᠦᠨᠳᠦᠰᠦᠯᠡᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠱᠠᠩᠨᠠᠵᠤ ᠨᠥᠬᠦᠪᠦᠷᠢᠯᠡᠬᠦ | ᠠᠷᠭ᠎ᠠ ᠪᠠ ᠪᠠᠷᠢᠮᠵᠢᠶ᠎ᠠ ᠶᠢ ᠲᠣᠭᠲᠠᠭᠠᠨ᠎ᠠ᠃ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠯᠴᠢᠭᠡᠷ ᠤᠨ | ᠲᠠᠯᠠᠪᠠᠢ ᠪᠠᠷ ᠨᠡᠯᠢᠶᠡᠳ ᠪᠠᠭ᠎ᠠ ᠭᠠᠵᠠᠷ ᠣᠷᠣᠨ ᠤ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠵᠤᠬᠢᠬᠤ ᠬᠡᠮᠵᠢᠶ᠎ᠡ ᠪᠠᠷ | ᠳᠡᠭᠡᠭᠰᠢᠯᠡᠭᠦᠯᠵᠦ ᠪᠣᠯᠤᠨ᠎ᠠ᠃ ᠨᠥᠬᠦᠪᠥᠷᠢ ᠶᠢᠨ ᠪᠠᠯᠠ ᠮᠥᠩᠭᠦ ᠬᠡᠲᠦ ᠥᠨᠳᠥᠷ ︽ᠪᠠᠶᠠᠨ ᠡᠷᠦᠬᠡ ᠪᠣᠰᠬᠠᠬᠤ︾ ᠪᠠ | ᠨᠥᠬᠦᠪᠥᠷᠢ ᠬᠡᠲᠦ ᠳᠣᠤᠷ᠎ᠠ ᠪᠤᠯᠤᠭᠰᠠᠨ ᠠᠴᠠ ᠪᠣᠯᠵᠣ ᠮᠠᠯᠴᠢᠨ ᠲᠠᠷᠢᠶᠠᠴᠢᠨ ᠤ ᠠᠮᠢᠳᠤᠷᠠᠯ ᠢ ᠨᠥᠯᠥᠭᠡᠯᠡᠬᠦ ᠦᠵᠡᠭᠳᠡᠯ | ᠭᠠᠷᠬᠤ ᠠᠴᠠ ᠵᠠᠶᠢᠯᠠᠰᠬᠢᠬᠦ ᠬᠡᠷᠡᠭᠲᠡᠶ᠃ ︽ᠳᠡᠭᠡᠳᠦ ᠶᠢ ᠬᠢᠵᠠᠭᠠᠷᠯᠠᠨ ᠰᠠᠭᠤᠷᠢ ᠶᠢ ᠪᠠᠲᠤᠯᠠᠬᠤ︾ ᠠᠷᠭ᠎ᠠ ᠬᠡᠮᠵᠢᠶ᠎ᠡ | ᠠᠪᠴᠤ᠂ ᠮᠠᠯᠴᠢᠨ ᠲᠠᠷᠢᠶᠠᠴᠢᠳ ᠤᠨ ᠲᠡᠩᠴᠡᠭᠦᠷᠢᠲᠡᠶ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃ ᠳᠡᠭᠡᠳᠦ | ᠬᠢᠵᠠᠭᠠᠷ ᠤᠨ ᠪᠠᠷᠢᠮᠵᠢᠶ᠎ᠠ ᠶᠢ ᠲᠣᠰ ᠭᠠᠵᠠᠷ ᠣᠷᠣᠨ ᠤ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ | ᠪᠦᠷᠢ ᠶᠢᠨ ᠳᠤᠮᠳᠠᠴᠢ ᠴᠡᠪᠡᠷ ᠣᠷᠣᠯᠭ᠎ᠠ ᠪᠠᠷ ᠯᠠᠪᠯᠠᠯᠲᠠ ᠪᠣᠯᠭᠠᠨ ᠬᠢᠵᠠᠭᠠᠷᠯᠠᠵᠤ ᠪᠣᠯᠤᠨ᠎ᠠ︔ ᠡᠭᠦᠨ ᠤ ᠬᠠᠮᠲᠤ | ᠪᠠᠰᠠ ᠲᠣᠰ ᠭᠠᠵᠠᠷ ᠣᠷᠣᠨ ᠤ ᠡᠳ᠋ ᠤᠨ ᠬᠦᠴᠦᠨ ᠢ ᠦᠨᠳᠦᠰᠦᠯᠡᠨ᠂ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ | ᠵᠣᠭᠰᠤᠭᠠᠬᠤ ᠡᠷᠦᠬᠡ ᠶᠢᠨ ᠰᠠᠭᠤᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠠᠭᠤᠷᠢ ᠶᠢ | ᠪᠠᠲᠤᠯᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯ ᠤᠨ ᠱᠤᠭᠤᠮ ᠢᠶᠠᠷ ᠯᠠᠪᠯᠠᠯᠲᠠ ᠪᠣᠯᠭᠠᠨ | ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠭᠥᠷᠳᠡᠬᠦ ᠲᠥᠷᠥ ᠶᠢᠨ | ᠪᠣᠳᠣᠯᠭ᠎ᠠ ᠶᠢᠨ ᠠᠰᠢᠭ ᠣᠯᠵᠠᠪᠤᠷᠢ ᠶᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠨ᠎ᠠ᠃ ᠪᠠᠷᠢᠮᠵᠢᠶ᠎ᠠ ᠪᠠ ᠠᠷᠭ᠎ᠠ ᠶᠢ | ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢ ᠵᠣᠬᠢᠰᠲᠠᠶ ᠪᠠᠷ ᠲᠣᠭᠲᠠᠭᠠᠨ᠎ᠠ᠃ | ︵ᠬᠤᠶᠠᠷ︶ ᠬᠠᠪᠤᠷ ᠤᠨ ᠤᠯᠠᠷᠢᠯ ᠳᠤ ᠪᠡᠯᠴᠢᠭᠡᠷ ᠢ ᠰᠡᠷᠭᠦᠭᠡᠬᠦ | 1. ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠲᠣᠭᠲᠠᠭᠠᠨ᠎ᠠ᠃ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ | ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠠᠳᠠᠯᠢ | ᠪᠤᠰᠤ ᠠᠭᠤᠷ ᠠᠮᠢᠰᠬᠤᠯ ᠤᠨ ᠨᠥᠬᠦᠴᠡᠯ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠲᠥᠷᠥᠯ ᠬᠡᠯᠪᠡᠷᠢ᠂ | ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠯᠡᠨ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ ᠴᠠᠭ ᠢ | ᠲᠣᠭᠲᠠᠭᠠᠨ᠎ᠠ᠃ ᠨᠤᠲᠤᠭ ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠬᠤ ᠶᠢᠨ ᠲᠤᠰᠠᠳᠠ᠂ ᠪᠡᠯᠴᠢᠭᠡᠷ ᠢ | ᠰᠡᠷᠭᠦᠭᠡᠬᠦ ᠬᠤᠭᠤᠴᠠᠭ᠎ᠠ ᠶᠢ 45 ᠡᠳᠦᠷ ᠠᠴᠠ ᠳᠤᠲᠠᠭᠤ ᠥᠬᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠡᠯᠴᠢᠭᠡᠷ ᠢ ᠰᠡᠷᠭᠦᠭᠡᠬᠦ ᠴᠠᠭ ᠢ 4 ᠰᠠᠷ᠎ᠠ ᠶᠢᠨ 10 ᠤ ᠡᠳᠦᠷ ᠠᠴᠠ ᠡᠷᠲᠡ ᠪᠠᠶᠢᠯᠭᠠᠵᠤ ᠪᠣᠯᠬᠤ ᠥᠬᠡᠶ᠃ | 2. ᠪᠡᠯᠴᠢᠭᠡᠷ ᠢ ᠰᠡᠷᠭᠦᠭᠡᠬᠦ ᠬᠤᠭᠤᠴᠠᠭᠠᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠣᠷᠣᠨ ᠳᠤ ᠴᠥᠮ ᠪᠡᠯᠴᠢᠭᠡᠷ ᠢ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ | ᠪᠡᠯᠴᠢᠭᠡᠷᠯᠡᠭᠦᠯᠬᠦ ᠶᠢ ᠴᠢᠩᠭ᠎ᠠ ᠬᠤᠷᠢᠭᠯᠠᠨ᠎ᠠ᠃ ᠬᠤᠰᠢᠭᠤ ᠬᠤᠲᠠ ᠲᠣᠭᠤᠷᠢᠭ ᠵᠢᠯ ᠪᠦᠷᠢ ᠶᠢᠨ ᠠᠭᠤᠷ | ᠠᠮᠢᠰᠬᠤᠯ ᠤᠨ ᠬᠦᠴᠦᠨ ᠵᠦᠢᠯ᠂ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠴᠠᠭ | ᠲᠤᠬᠠᠢ ᠳᠤᠨᠢ ᠪᠡᠯᠴᠢᠭᠡᠷ ᠢ ᠰᠡᠷᠭᠦᠭᠡᠬᠦ ᠠᠯᠪᠠᠨ ᠵᠠᠷ ᠨᠡᠶᠢᠲᠡᠯᠡᠵᠦ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ | ᠴᠠᠭ ᠢ ᠲᠣᠳᠣᠷᠬᠠᠶᠢᠯᠠᠬᠤ ᠶᠢᠨ ᠬᠠᠮᠲᠤ ᠢᠯᠡᠷᠬᠡᠶ ᠭᠠᠵᠠᠷ ᠲᠤ ᠬᠠᠮᠢᠶ᠎ᠠ ᠪᠥᠬᠦᠶ ᠲᠡᠮᠳᠡᠭ ᠲᠠᠯᠪᠢᠨ᠎ᠠ᠃ | 3. ᠨᠥᠬᠦᠪᠥᠷᠢ ᠥᠭᠬᠦ ᠪᠠᠷᠢᠮᠵᠢᠶ᠎ᠠ᠃ ᠬᠠᠪᠤᠷ ᠤᠨ ᠤᠯᠠᠷᠢᠯ ᠤᠨ ᠪᠡᠯᠴᠢᠭᠡᠷ ᠢ ᠰᠡᠷᠭᠦᠭᠡᠬᠦ ᠪᠡᠯᠴᠢᠭᠡᠷ ᠤᠨ | ᠨᠥᠬᠦᠪᠥᠷᠢ ᠶᠢᠨ ᠪᠠᠯᠠ ᠮᠥᠩᠭᠦ ᠶᠢ ᠮᠥ ᠪᠦᠷᠢ ᠳᠤ 0.73 ᠲᠥᠭᠦᠷᠢᠭ ᠠᠴᠠ ᠳᠣᠤᠷ᠎ᠠ ᠥᠬᠡᠶ ᠪᠠᠶᠢᠯᠭᠠᠵᠤ᠂ | ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠲᠠᠷᠢᠶᠠᠴᠢᠨ ᠪᠦᠬᠦᠨ ᠴᠥᠮ ᠲᠤᠰ | ᠨᠥᠬᠦᠪᠥᠷᠢ ᠶᠢ ᠭᠥᠷᠳᠡᠵᠦ ᠪᠣᠯᠤᠨ᠎ᠠ᠃ | |