ᠨᠢᠭᠡ᠂ ᠶᠠᠪᠤᠭᠳᠠᠯ ᠤᠨ ᠪᠠᠶᠢᠳᠠᠯ | 4 ᠰᠠᠷ᠎ᠠ ᠶᠢᠨ 23 ᠤ ᠡᠳᠦᠷ ᠪᠣᠯᠲᠠᠯ᠎ᠠ᠂ ᠬᠤᠲᠠ ᠶᠢᠨ 12345 ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ 96891 ᠤᠳᠠᠭ᠎ᠠ ᠲᠤᠰᠴᠤ᠂ | ᠬᠥᠮᠦᠨ ᠤ ᠬᠦᠴᠦ ᠪᠠᠷ ᠰᠢᠯᠵᠢᠭᠦᠯᠦᠭᠰᠡᠨ ᠶᠡᠷᠦᠩᠬᠡᠶ ᠬᠡᠮᠵᠢᠶ᠎ᠡ ᠨᠢ 54165 ᠤᠳᠠᠭ᠎ᠠ᠂ ᠳᠠᠭᠤᠳᠠᠯᠭ᠎ᠠ ᠭᠠᠷᠭᠠᠭᠰᠠᠨ | ᠶᠡᠷᠦᠩᠬᠡᠶ ᠬᠡᠮᠵᠢᠶ᠎ᠡ ᠨᠢ 41435 ᠤᠳᠠᠭ᠎ᠠ᠂ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ | ᠢᠯᠡᠴᠢᠯᠡᠨ ᠮᠡᠳᠡᠭᠦᠯᠬᠦ᠂ ᠰᠠᠨᠠᠭᠤᠯᠭ᠎ᠠ ᠳᠤᠷᠠᠳᠬᠤ᠂ ᠮᠠᠭᠲᠠᠨ ᠰᠠᠶᠢᠰᠢᠶᠠᠬᠤ ᠵᠡᠷᠭᠡ ᠡᠯ᠎ᠡ ᠲᠥᠷᠥᠯ ᠤᠨ ᠬᠦᠰᠡᠯ | ᠱᠠᠭᠠᠷᠳᠠᠯᠭ᠎ᠠ ᠶᠢ ᠨᠡᠶᠢᠲᠡ 58270 ᠬᠤᠪᠢ ᠭᠥᠯᠢᠶᠡᠨ ᠠᠪᠴᠤ ᠭᠦᠢᠴᠡᠳᠬᠡᠪᠡ᠃ ᠡᠭᠦᠨ ᠳᠤ ᠠᠰᠠᠭᠤᠨ ᠯᠠᠪᠯᠠᠬᠤ | ᠲᠥᠷᠥᠯ 39986 ᠬᠤᠪᠢ ᠪᠠᠶᠢᠵᠤ᠂ ᠡᠵᠡᠯᠡᠬᠦ ᠬᠠᠷᠢᠴᠠᠯ ᠨᠢ 68.62%᠂ ᠲᠤᠰᠠᠯᠠᠮᠵᠢ ᠭᠤᠶᠤᠴᠢᠯᠠᠬᠤ ᠲᠥᠷᠥᠯ | 10564 ᠬᠤᠪᠢ ᠪᠠᠶᠢᠵᠤ᠂ ᠡᠵᠡᠯᠡᠬᠦ ᠬᠠᠷᠢᠴᠠᠯ ᠨᠢ 18.13%᠂ ᠵᠠᠭᠠᠯᠳᠤᠬᠤ ᠲᠥᠷᠥᠯ 6302 ᠬᠤᠪᠢ | ᠪᠠᠶᠢᠵᠤ᠂ ᠡᠵᠡᠯᠡᠬᠦ ᠬᠠᠷᠢᠴᠠᠯ ᠨᠢ 10.82%᠂ ᠢᠯᠡᠴᠢᠯᠡᠨ ᠮᠡᠳᠡᠭᠦᠯᠬᠦ ᠲᠥᠷᠥᠯ 786 ᠬᠤᠪᠢ ᠪᠠᠶᠢᠵᠤ᠂ | ᠡᠵᠡᠯᠡᠬᠦ ᠬᠠᠷᠢᠴᠠᠯ ᠨᠢ 1.35%᠂ ᠰᠠᠨᠠᠭᠤᠯᠭ᠎ᠠ ᠶᠢᠨ ᠲᠥᠷᠥᠯ 442 ᠬᠤᠪᠢ ᠪᠠᠶᠢᠵᠤ᠂ ᠡᠵᠡᠯᠡᠬᠦ ᠬᠠᠷᠢᠴᠠᠯ ᠨᠢ 0. | 76%᠂ ᠪᠤᠰᠤᠳ ᠲᠥᠷᠥᠯ 166 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.28%᠂ ᠰᠠᠶᠢᠰᠢᠶᠠᠬᠤ ᠲᠥᠷᠥᠯ | 24 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.04% ᠪᠣᠯᠤᠨ᠎ᠠ᠃ ᠰᠢᠭᠤᠳ ᠬᠠᠷᠢᠭᠤᠯᠲᠠ ᠥᠭᠭᠦᠭᠰᠡᠨ ᠨᠢ | 40991 ᠬᠤᠪᠢ ᠪᠠᠶᠢᠵᠤ᠂ 70.35% ᠶᠢ ᠡᠵᠡᠯᠡᠵᠦ᠂ ᠲᠣᠮᠢᠯᠠᠨ ᠲᠠᠷᠬᠠᠭᠠᠭᠰᠠᠨ ᠠᠵᠢᠯᠯᠠᠬᠤ ᠬᠠᠭᠤᠳᠠᠰᠤ | 17279 ᠬᠤᠪᠢ ᠪᠠᠶᠢᠵᠤ᠂ ᠡᠵᠡᠯᠡᠬᠦ ᠬᠠᠷᠢᠴᠠᠯ ᠨᠢ 29.65% ᠶᠢ ᠡᠵᠡᠯᠡᠵᠦ᠂ ᠬᠤᠭᠤᠴᠠᠭ᠎ᠠ ᠠᠴᠠ ᠬᠡᠲᠦᠷᠡᠭᠡᠳ | ᠪᠡᠶᠡᠯᠡᠭᠦᠯᠦᠭᠰᠡᠨ ᠥᠬᠡᠶ ᠠᠵᠢᠯᠯᠠᠬᠤ ᠬᠠᠭᠤᠳᠠᠰᠤ 477 ᠬᠤᠪᠢ ᠪᠠᠶᠢᠵᠤ᠂ ᠡᠵᠡᠯᠡᠬᠦ ᠬᠠᠷᠢᠴᠠᠯ ᠨᠢ 2.76% ᠶᠢ | ᠡᠵᠡᠯᠡᠵᠦ᠂ ᠳᠤᠮᠳᠠᠴᠢ ᠬᠠᠨᠤᠮᠵᠢ ᠶᠢᠨ ᠨᠣᠷᠮ᠎ᠠ ᠨᠢ 67.59 % ᠳᠤ ᠬᠦᠷᠴᠦ᠂ ᠰᠢᠢᠳᠪᠦᠷᠢᠯᠡᠭᠰᠡᠨ ᠨᠣᠷᠮ᠎ᠠ ᠨᠢ | 55.51% ᠳᠤ ᠬᠦᠷᠴᠦ᠂ ᠴᠤᠤᠷᠢᠶᠠᠲᠤᠭᠰᠠᠨ ᠨᠣᠷᠮ᠎ᠠ ᠨᠢ 82.66% ᠳᠤ ᠬᠦᠷᠴᠡᠶ᠃ | ︵ᠨᠢᠭᠡ︶ ᠠᠵᠢᠯ ᠲᠥᠷᠥᠯ ᠤᠨ ᠲᠥᠷᠥᠯ ᠬᠤᠪᠢᠶᠠᠭᠰᠠᠨ ᠬᠦᠰᠡᠯ ᠱᠠᠭᠠᠷᠳᠠᠯᠭ᠎ᠠ ᠶᠢ ᠪᠦᠷᠢᠳᠬᠡᠬᠦ᠃ | ᠭᠤᠤᠯᠳᠠᠭᠤ ᠬᠤᠲᠠ ᠶᠢᠨ ᠶᠡᠷᠦᠩᠬᠡᠶᠢᠯᠡᠭᠰᠡᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ | ᠬᠠᠮᠠᠭᠠᠯᠠᠯ᠂ ᠵᠠᠰᠠᠭ ᠤᠨ ᠶᠠᠪᠤᠳᠠᠯ ᠤᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠳᠤ | ᠲᠥᠪᠯᠡᠷᠡᠵᠦ ᠪᠤᠢ᠃ ᠡᠭᠦᠨ ᠳᠤ ᠬᠤᠲᠠ ᠶᠢᠨ ᠶᠡᠷᠦᠩᠬᠡᠶᠢᠯᠡᠭᠰᠡᠨ ᠬᠦᠰᠡᠯ ᠱᠠᠭᠠᠷᠳᠠᠯᠭ᠎ᠠ 16792 ᠬᠤᠪᠢ ᠪᠠᠶᠢᠵᠤ᠂ | ᠭᠤᠤᠯᠳᠠᠭᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ᠂ ᠢᠯᠴᠢ ᠬᠠᠩᠭᠠᠬᠤ ᠬᠠᠮᠢᠶᠠᠷᠤᠯᠲᠠ᠂ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠰᠠᠭᠤᠳᠠᠯ ᠳᠤ ᠨᠡᠯᠢᠶᠡᠳ ᠲᠥᠪᠯᠡᠷᠡᠩᠭᠦᠶ ᠪᠠᠶᠢᠨ᠎ᠠ︔ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠬᠦᠰᠡᠯ ᠱᠠᠭᠠᠷᠳᠠᠯᠭ᠎ᠠ 16016 ᠬᠤᠪᠢ ᠪᠠᠶᠢᠵᠤ᠂ ᠭᠤᠤᠯᠳᠠᠭᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ᠂ ᠪᠥᠭᠡᠮ ᠬᠦᠴᠢᠯ ᠤᠨ ᠪᠠᠶᠢᠴᠠᠭᠠᠨ | ᠰᠢᠯᠭᠠᠯᠳᠠ ᠲᠠᠢ ᠬᠤᠯᠪᠣᠭᠳᠠᠬᠤ ᠠᠰᠠᠭᠤᠳᠠᠯ ᠨᠡᠯᠢᠶᠡᠳ ᠲᠥᠪᠯᠡᠷᠡᠩᠭᠦᠶ ᠪᠠᠶᠢᠨ᠎ᠠ︔ ᠬᠦᠯᠢᠶᠠᠨ ᠠᠪᠴᠤ | ᠰᠢᠢᠳᠪᠦᠷᠢᠯᠡᠬᠦ ᠬᠡᠪᠴᠢᠶᠡᠨ ᠤ ᠪᠤᠰᠤ ᠭᠤᠮᠣᠳᠠᠯ ᠲᠤᠭᠠᠴᠢᠯᠳᠠ 8831 ᠬᠤᠪᠢ ᠪᠠᠶᠢᠵᠤ᠂ ᠭᠤᠣᠯᠳᠠᠭᠤ | ᠬᠠᠷᠢᠶᠠᠯᠠᠯ ᠤᠨ ᠬᠡᠪᠴᠢᠶᠡᠨ ᠤ ᠪᠤᠰᠤ᠂ ᠪᠣᠳᠠᠲᠠᠢ ᠭᠤᠮᠣᠳᠠᠯ ᠲᠤᠭᠠᠴᠢᠯᠳᠠ ᠶᠢᠨ ᠵᠦᠢᠯᠡᠰ ᠦᠭᠡᠢ᠂ ᠬᠤᠪᠢ ᠬᠥᠮᠦᠨ᠂ | ᠭᠡᠷ᠎ᠡ ᠶᠢᠨ ᠵᠠᠭᠤᠷᠠᠯᠳᠤᠭᠠᠨ ᠤ ᠲᠠᠯ᠎ᠠ ᠪᠠᠷ ᠨᠡᠯᠢᠶᠡᠳ ᠲᠥᠪᠯᠡᠷᠡᠩᠭᠦᠢ ᠪᠠᠶᠢᠨ᠎ᠠ︔ ᠵᠠᠰᠠᠭ ᠤᠨ ᠶᠠᠪᠤᠳᠠᠯ ᠤᠨ | ᠬᠠᠮᠢᠶᠠᠷᠤᠯᠲᠠ ᠶᠢᠨ ᠬᠦᠰᠡᠯ ᠱᠠᠭᠠᠷᠳᠠᠯᠭ᠎ᠠ 7996 ᠬᠤᠪᠢ ᠪᠠᠶᠢᠵᠤ᠂ ᠭᠤᠤᠯᠳᠠᠭᠤ ᠵᠠᠰᠠᠭ ᠤᠨ ᠶᠠᠪᠤᠳᠠᠯ ᠤᠨ | ᠠᠰᠠᠭᠤᠨ ᠯᠠᠪᠯᠠᠬᠤ᠂ ᠭᠡᠷᠡᠴᠢ ᠦᠨᠡᠮᠯᠡᠯ ᠢ ᠬᠢᠨᠠᠨ ᠵᠥᠪᠰᠢᠶᠡᠷᠡᠬᠦ᠂ ᠭᠦᠢᠴᠡᠳᠬᠡᠬᠦ ᠪᠠ ᠵᠠᠰᠠᠭ ᠤᠨ ᠶᠠᠪᠤᠳᠠᠯ ᠤᠨ | ᠦᠢᠯᠡᠳᠦᠯ ᠴᠢᠳᠠᠪᠬᠢ ᠶᠢᠨ ᠲᠠᠯ᠎ᠠ ᠪᠠᠷ ᠨᠡᠯᠢᠶᠡᠳ ᠲᠥᠪᠯᠡᠷᠡᠩᠭᠦᠶ ᠪᠠᠶᠢᠨ᠎ᠠ︔ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠤᠬᠠᠢ ᠬᠦᠰᠡᠯ ᠱᠠᠭᠠᠷᠳᠠᠯᠭ᠎ᠠ 5414 ᠬᠤᠪᠢ ᠪᠠᠶᠢᠵᠤ᠂ ᠭᠤᠣᠯᠳᠠᠭᠤ ᠬᠥᠳᠡᠯᠮᠦᠷᠢ ᠶᠢᠨ ᠡᠷᠬᠡ | ᠠᠰᠢᠭ ᠢ ᠬᠠᠮᠠᠭᠠᠯᠠᠬᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠳᠠᠭᠠᠳᠬᠠᠯ ᠵᠡᠷᠭᠡ ᠪᠠᠶᠢᠳᠠᠯ ᠨᠡᠯᠢᠶᠡᠳ | ᠲᠥᠪᠯᠡᠷᠡᠩᠭᠦᠢ ᠪᠠᠶᠢᠬᠤ ᠶᠢ ᠲᠤᠰᠬᠠᠪᠠ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ 1062 ᠵᠦᠢᠯ᠂ | ᠲᠠᠷᠢᠶᠠᠯᠠᠩ ᠣᠢ ᠤᠰᠤ ᠬᠦᠷᠦᠰᠦ 982 ᠵᠦᠢᠯ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ 670 ᠵᠦᠢᠯ᠂ | ᠠᠮᠤᠷ ᠢ ᠬᠠᠮᠠᠭᠠᠯᠠᠬᠤ ᠬᠠᠤᠯᠢ ᠪᠠᠷ ᠵᠠᠰᠠᠬᠤ 263 ᠵᠦᠢᠯ᠂ ᠨᠠᠮ ᠵᠠᠰᠠᠭ ᠤᠨ ᠬᠠᠮᠲᠤᠯᠢᠭ 152 ᠵᠦᠢᠯ᠂ ᠠᠵᠤ | ᠠᠬᠤᠢ ᠶᠢᠨ ᠶᠡᠷᠦᠩᠬᠡᠶᠢᠯᠡᠭᠰᠡᠨ 92 ᠵᠦᠢᠯ ᠪᠤᠢ᠃ | ︵ᠬᠤᠶᠠᠷ︶ ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ ᠠᠵᠢᠯ ᠤᠨ ᠬᠠᠭᠤᠳᠠᠰᠤ ᠶᠢᠨ ᠪᠦᠷᠢᠳᠬᠡᠯ᠃ | 2022 ᠣᠨ ᠤ 4 ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠮᠠᠨ ᠤ ᠬᠤᠲᠠ ᠶᠢᠨ | ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ ᠬᠠᠭᠤᠳᠠᠰᠤ ᠨᠡᠶᠢᠲᠡ 477 ᠪᠣᠶ᠃ ᠡᠭᠦᠨ ᠳᠤ ᠬᠤᠰᠢᠭᠤ ᠬᠤᠲᠠ | ᠲᠣᠭᠤᠷᠢᠭ ᠲᠤ ᠨᠡᠶᠢᠲᠡ 447 ᠵᠦᠢᠯ᠄ ᠬᠠᠶᠢᠯᠠᠷ ᠲᠣᠭᠤᠷᠢᠭ ᠲᠤ 185 ᠵᠦᠢᠯ᠂ ᠮᠠᠨᠵᠤᠤᠷ ᠬᠤᠲᠠ ᠳᠤ 148 | ᠵᠦᠢᠯ᠂ ᠠᠷᠤᠨ ᠬᠤᠰᠢᠭᠤᠨ ᠳᠤ 57 ᠵᠦᠢᠯ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠳᠤ 38 ᠵᠦᠢᠯ᠂ ᠡᠸᠡᠩᠬᠢ ᠬᠤᠰᠢᠭᠤᠨ ᠳᠤ 14 ᠵᠦᠢᠯ᠂ ᠣᠷᠴᠣᠨ ᠬᠤᠰᠢᠭᠤᠨ ᠳᠤ 2 ᠵᠦᠢᠯ᠂ | ᠵᠠᠯᠠᠨ ᠠᠶᠢᠯ ᠬᠤᠲᠠ ᠳᠤ 1 ᠵᠦᠢᠯ᠂ ᠶᠠᠭᠰᠢ ᠬᠤᠲᠠ ᠳᠤ 1 ᠵᠦᠢᠯ᠂ ᠵᠠᠯᠠᠶᠢᠨᠠᠭᠤᠷ ᠲᠣᠭᠤᠷᠢᠭ ᠲᠤ 1 ᠵᠦᠢᠯ ᠪᠣᠶ︔ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠥᠬᠦᠶ | ᠨᠢᠭᠡᠴᠢ ᠨᠡᠶᠢᠲᠡ 30 ᠬᠤᠪᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 7 ᠬᠤᠪᠢ᠂ | ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ 5 ᠬᠤᠪᠢ᠂ ᠬᠥᠯᠥᠨ ᠪᠤᠶᠢᠷ ᠤᠨ ᠲᠠᠷᠢᠶᠠᠯᠠᠩ ᠤᠨ | ᠬᠠᠭᠠᠯᠪᠤᠷᠢᠯᠠᠯᠲᠠ ᠶᠢᠨ ᠪᠦᠯᠦᠭᠯᠡᠯ 4 ᠬᠤᠪᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 3 ᠬᠤᠪᠢ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2 ᠬᠤᠪᠢ᠂ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2 ᠬᠤᠪᠢ᠂ | ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ 2 ᠬᠤᠪᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ | ᠬᠠᠷᠢᠯᠴᠠᠭᠠᠨ ᠤ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 ᠬᠤᠪᠢ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ 1 ᠬᠤᠪᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ 1 ᠬᠤᠪᠢ᠂ | ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ 1 ᠬᠤᠪᠢ᠂ | ᠬᠠᠮᠳᠤᠷᠠᠭᠰᠠᠨ ᠬᠤᠯᠪᠤᠭ᠎ᠠ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 ᠬᠤᠪᠢ᠃ | |