ᠬᠤᠶᠠᠷ᠂ ᠭᠤᠣᠯ ᠣᠷᠣᠰᠢᠵᠤ ᠪᠠᠶᠢᠭ᠎ᠠ ᠠᠰᠠᠭᠤᠳᠠᠯ᠃ | ︵ᠨᠢᠭᠡ︶ ᠬᠡᠰᠡᠭ ᠨᠢᠭᠡᠴᠢ ᠲᠠᠪᠴᠠᠩ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠪᠠᠷ ᠬᠦᠷᠦᠯᠴᠡᠬᠦ ᠥᠬᠡᠶ | ᠪᠠᠶᠢᠵᠤ᠂ ︽ᠬᠥᠯᠥᠨ ᠪᠤᠶᠢᠷ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ | ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠮᠠᠲ᠋ᠧᠷᠢᠶᠠᠯ ᠤᠨ ᠰᠤᠷᠤᠯᠴᠠᠯᠭ᠎ᠠ ᠨᠢ ᠪᠦᠷᠢᠨ ᠪᠤᠰᠤ᠂ ᠡᠵᠡᠮᠰᠢᠭᠰᠡᠨ ᠨᠢ ᠪᠠᠲᠤᠲᠠᠶ ᠪᠤᠰᠤ | ᠪᠠᠶᠢᠬᠤ᠃ | ︵ᠬᠤᠶᠠᠷ︶ ᠳᠠᠭᠠᠭᠠᠴᠢᠯᠠᠨ ᠭᠦᠢᠴᠡᠳᠬᠡᠬᠦ ᠠᠵᠢᠯᠲᠠᠨ ᠨᠢ ᠲᠣᠳᠣᠷᠬᠠᠶ ᠥᠬᠡᠶ᠂ ᠨᠡᠭᠦᠳᠡᠯ ᠴᠢᠨᠠᠷ ᠢᠶᠠᠷ ᠶᠡᠭᠡ᠂ | ᠠᠵᠢᠯ ᠤᠨ ᠵᠣᠯᠭᠠᠭᠤᠯᠤᠯᠲᠠ ᠨᠢ ᠭᠦᠢᠴᠡᠳ ᠥᠬᠡᠶ᠂ ᠰᠢᠨ᠎ᠡ ᠪᠠᠷ ᠠᠵᠢᠯ ᠳᠤ ᠤᠷᠤᠭᠰᠠᠨ ᠳᠠᠭᠠᠭᠠᠴᠢᠯᠠᠨ | ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠳᠤ ᠪᠠᠨ ᠳᠠᠳᠮᠠᠭᠠᠢ ᠪᠤᠰᠤ᠃ ᠵᠢᠱᠢᠶᠡᠯᠡᠪᠡᠯ᠄ ᠮᠠᠨᠵᠤᠤᠷ | ᠬᠤᠲᠠ ᠶᠢᠨ ᠲᠣᠬᠢᠷᠠᠭᠤᠯᠤᠯᠲᠠ ᠶᠢᠨ ᠲᠥᠪ ᠵᠤᠯᠭᠠᠭᠤᠯᠬᠤ ᠠᠵᠢᠯᠳᠠᠨ ᠢᠶᠠᠨ ᠪᠠᠶᠢᠨ ᠳᠠᠬᠢᠨ ᠰᠣᠯᠢᠭᠰᠠᠨ ᠠᠴᠠ | ᠪᠣᠯᠵᠣ᠂ ᠬᠤᠭᠤᠴᠠᠭ᠎ᠠ ᠠᠴᠠ ᠬᠡᠲᠦᠷᠡᠭᠰᠡᠨ ᠠᠵᠢᠯ ᠤᠨ ᠬᠠᠭᠤᠳᠠᠰᠤ ᠬᠡᠲᠦ ᠳᠠᠷᠤᠭᠳᠠᠪᠠ᠃ | ︵ᠭᠤᠷᠪᠠ︶ ᠣᠯᠠᠨ ᠰᠠᠯᠠᠭ᠎ᠠ ᠮᠥᠴᠢᠷ ᠤᠨ ᠵᠣᠬᠢᠴᠠᠭᠤᠯᠤᠨ ᠰᠢᠢᠳᠪᠦᠷᠢᠯᠡᠬᠦ ᠳᠤ ᠬᠤᠯᠪᠣᠭᠳᠠᠭᠰᠠᠨ ᠵᠦᠢᠯᠡᠰ᠂ | ᠪᠦᠲᠦᠮᠵᠢᠲᠡᠶ ᠵᠣᠬᠢᠴᠠᠭᠤᠯᠤᠨ ᠨᠡᠪᠲᠡᠷᠡᠯᠴᠡᠵᠦ ᠳᠡᠶᠢᠯᠬᠦ ᠥᠬᠡᠶ᠂ ᠬᠠᠷᠢᠯᠴᠠᠨ ᠲᠦᠯᠬᠢᠯᠴᠡᠬᠦ ᠦᠵᠡᠭᠳᠡᠯ ᠣᠷᠣᠰᠢᠵᠤ | ᠪᠠᠶᠢᠬᠤ᠃ ᠵᠢᠱᠢᠶᠡᠯᠡᠪᠡᠯ ᠬᠠᠶᠢᠯᠠᠷ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ᠂ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠬᠠᠶᠢᠯᠠᠷ ᠲᠣᠭᠤᠷᠢᠭ ᠤᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠠᠶᠢᠳᠠᠯᠭ᠎ᠠ ᠶᠢᠨ | ᠠᠰᠠᠭᠤᠳᠠᠯ ᠣᠷᠣᠰᠢᠵᠤ᠂ ᠬᠠᠶᠢᠯᠠᠷ ᠲᠣᠭᠤᠷᠢᠭ ᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠠᠰᠠᠭᠤᠳᠠᠯ ᠤᠨ | ᠳᠠᠷᠤᠭᠳᠠᠭᠰᠠᠨ ᠠᠵᠢᠯ ᠤᠨ ᠬᠠᠭᠤᠳᠠᠰᠤ ᠬᠡᠲᠦ ᠣᠯᠠᠨ ᠪᠣᠯᠵᠠᠶ᠃ | ︵ᠳᠥᠷᠪᠡ︶ ᠬᠡᠰᠡᠭ ᠳᠠᠭᠠᠭᠠᠴᠢᠯᠠᠨ ᠭᠦᠢᠴᠡᠳᠬᠡᠬᠦ ᠨᠢᠭᠡᠴᠢ ᠶᠢᠨ ᠠᠵᠢᠯ ᠤᠨ ᠬᠠᠭᠤᠳᠠᠰᠤ ᠶᠢᠨ | ᠭᠦᠢᠴᠡᠳᠬᠡᠭᠰᠡᠨ ᠠᠭᠤᠯᠭ᠎ᠠ ᠶᠢᠨ ᠳᠦᠷᠰᠦᠯᠡᠯ ᠨᠢ ᠨᠠᠷᠢᠨ ᠲᠣᠳᠣᠷᠬᠠᠶ ᠥᠬᠡᠶ ᠠᠴᠠ ᠪᠣᠯᠵᠣ ᠠᠵᠢᠯ ᠤᠨ | ᠬᠠᠭᠤᠳᠠᠰᠤ ᠶᠢᠨ ᠬᠠᠷᠢᠭᠤ ᠰᠤᠷᠪᠤᠯᠵᠢᠯᠠᠬᠤ ᠳᠤ ᠬᠦᠴᠢᠷᠲᠡᠶ ᠪᠣᠯᠵᠣ᠂ ᠤᠲᠠᠰᠤ ᠢᠷᠡᠭᠴᠢ ᠶᠢᠨ ᠬᠦᠰᠡᠯ ᠱᠠᠭᠠᠷᠳᠠᠯᠭ᠎ᠠ | ᠪᠠ ᠳᠠᠭᠠᠭᠠᠨ ᠭᠦᠢᠴᠡᠳᠬᠡᠬᠦ ᠨᠢᠭᠡᠴᠢ ᠶᠢᠨ ᠪᠣᠳᠠᠲᠠᠶ ᠭᠦᠢᠴᠡᠳᠬᠡᠭᠰᠡᠨ ᠪᠠᠶᠢᠳᠠᠯ ᠢ ᠬᠢᠨᠠᠨ ᠬᠠᠷᠭᠤᠭᠤᠯᠬᠤ ᠶᠢᠨ ᠠᠷᠭ᠎ᠠ | ᠥᠬᠡᠶ ᠪᠣᠯᠭᠠᠭᠰᠠᠨ᠃ | |