ᠭᠤᠷᠪᠠ᠂ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ᠃ | ︵ᠨᠢᠭᠡ︶ ᠡᠯ᠎ᠡ ᠬᠤᠰᠢᠭᠤ ᠬᠤᠲᠠ ᠲᠣᠭᠤᠷᠢᠭ ᠤᠨ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ | ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠤᠰ | ᠲᠤᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠤᠰᠬᠠᠶ ᠬᠥᠮᠦᠨ ᠲᠤᠰᠬᠠᠶ | ᠠᠩᠭᠢ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠡᠯ᠎ᠡ ᠳᠠᠭᠠᠭᠠᠨ ᠭᠦᠢᠴᠡᠳᠬᠡᠬᠦ ᠨᠢᠭᠡᠴᠢ ᠨᠢ ︽ᠬᠥᠯᠥᠨ ᠪᠤᠶᠢᠷ ᠬᠤᠲᠠ ᠶᠢᠨ 12345 | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ | ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ | ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠢᠯᠠᠩᠭᠤᠶ᠎ᠠ ᠴᠤᠤᠷᠢᠶᠠᠲᠤᠨ ᠳᠠᠭᠠᠬᠤ ᠨᠣᠷᠮ᠎ᠠ ᠶᠢᠨ ᠨᠡᠷᠡᠰ ᠤᠨ | ᠵᠢᠭᠰᠠᠭᠠᠯᠲᠠ ᠶᠢᠨ ᠠᠷᠤ ᠳᠠᠬᠢ ᠰᠠᠯᠠᠭ᠎ᠠ ᠮᠥᠴᠢᠷ ᠪᠠ ᠬᠤᠰᠢᠭᠤ ᠬᠤᠲᠠ ᠲᠣᠭᠤᠷᠢᠭ ᠨᠢ ᠱᠠᠯᠠᠪᠳᠠᠨ ᠴᠡᠭᠴᠡᠯᠡᠨ | ᠰᠠᠶᠢᠵᠢᠷᠠᠭᠤᠯᠵᠤ᠂ ᠲᠠᠩᠰᠠ ᠭᠦᠢᠴᠡᠳᠬᠡᠬᠦ ᠴᠤᠪᠤᠷᠠᠯ ᠢ ᠵᠢᠷᠤᠮᠯᠠᠨ᠂ ᠤᠲᠠᠰᠤ ᠢᠷᠡᠭᠦᠯᠦᠭᠰᠡᠨ ᠬᠥᠮᠦᠨ ᠯᠦᠭᠡ | 100% ᠪᠠᠷ ᠬᠠᠷᠢᠯᠴᠠᠬᠤ᠂ 100% ᠪᠠᠷ ᠬᠠᠷᠢᠭᠤ ᠥᠭᠬᠦ᠂ 100% ᠪᠠᠷ ᠬᠠᠷᠢᠭᠤ ᠰᠤᠷᠪᠤᠯᠵᠢᠯᠠᠬᠤ ᠶᠢ | ᠭᠦᠢᠴᠡᠳᠬᠡᠵᠦ᠂ ᠬᠤᠭᠤᠴᠠᠭ᠎ᠠ ᠠᠴᠠ ᠬᠡᠲᠦᠷᠡᠭᠦᠯᠦᠨ ᠬᠠᠷᠢᠭᠤ ᠥᠭᠬᠦ᠂ ᠬᠤᠶᠢᠰᠢᠯᠠᠭᠤᠯᠤᠨ ᠭᠦᠢᠴᠡᠳᠬᠡᠵᠦ | ᠳᠠᠭᠤᠰᠬᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠣᠯᠠᠨ ᠰᠠᠯᠠᠭ᠎ᠠ ᠮᠥᠴᠢᠷ ᠲᠤ ᠬᠤᠯᠪᠣᠭᠳᠠᠪᠠᠯ᠂ ᠬᠠᠷᠢᠯᠴᠠᠨ ᠲᠦᠯᠬᠢᠯᠴᠡᠬᠦ᠂ ᠲᠦᠯᠬᠢᠯᠴᠡᠬᠦ ᠶᠢ | ᠴᠢᠩᠭ᠎ᠠ ᠴᠠᠭᠠᠵᠠᠯᠠᠵᠤ᠂ ᠣᠯᠠᠨ ᠲᠦᠮᠡᠨ ᠤ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ | ᠬᠥᠮᠦᠨ ᠲᠠᠢ ᠪᠠᠶᠢᠯᠭᠠᠬᠤ᠂ ᠳᠠᠷᠦ᠋ᠢᠬᠠᠨ ᠭᠦᠢᠴᠡᠳᠬᠡᠬᠦ᠂ ᠪᠠᠷᠢᠨ ᠭᠦᠢᠴᠡᠳᠬᠡᠬᠦ ᠪᠠᠷ ᠱᠠᠭᠠᠷᠳᠠᠵᠤ᠂ 12345 | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠪᠠᠲᠤᠯᠠᠵᠤ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | |