ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ | ᠴᠢᠷᠮᠠᠶᠢᠯᠭ᠎ᠠ ᠪᠠᠷ᠂ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠃ ᠣᠳᠣ᠂ ᠪᠢᠳᠡ ᠵᠣᠷᠢᠭ | ᠰᠠᠨᠠᠭ᠎ᠠ ᠪᠠᠳᠠᠷᠠᠩᠭᠤᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ | ᠰᠢᠨ᠎ᠡ ᠠᠶᠠᠨ ᠳᠤ᠂ ᠪᠢᠳᠡ ᠴᠤᠭ ᠪᠠᠳᠠᠷᠠᠩᠭᠤᠢ ᠡᠷᠡᠮᠡᠭᠡᠶᠢᠯᠡᠨ ᠤᠷᠤᠭᠰᠢᠯᠠᠬᠤ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠢ᠃ ᠰᠢᠨ᠎ᠡ ᠠᠶᠠᠨ ᠳᠤ᠂ ᠪᠢᠳᠡ ᠠᠯᠢᠪᠠ ᠪᠦᠬᠦᠨ ᠠᠷᠠᠳ | ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠠᠷᠠᠳ ᠲᠦᠮᠡᠨᠳᠤ ᠲᠦᠰᠢᠭᠯᠡᠬᠦ ᠶᠢ ᠢᠮᠠᠭᠲᠠ ᠪᠠᠷᠢᠮᠲᠠᠯᠠᠬᠤ | ᠬᠡᠷᠡᠭᠲᠡᠢ᠃ | ᠰᠢᠨ᠎ᠡ ᠠᠶᠠᠨ ᠳᠤ᠂ ᠪᠢᠳᠡ ᠢᠮᠠᠭᠲᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠬᠡᠷᠡᠭᠲᠡᠢ᠃ | ᠰᠢᠨ᠎ᠡ ᠠᠶᠠᠨ ᠳᠤ᠂ ᠪᠢᠳᠡ ᠪᠦᠬᠦ ᠬᠦᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ ᠢᠮᠠᠭᠲᠠ | ᠪᠠᠳᠠᠷᠠᠭᠤᠯᠬᠤ ᠬᠡᠷᠡᠭᠲᠡᠢ᠃ | ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠠᠴᠠ ᠰᠠᠯᠵᠤ ᠴᠢᠳᠠᠬᠤ ᠦᠭᠡᠢ᠂ ᠳᠡᠯᠡᠬᠡᠢ ᠶᠢᠨ ᠬᠥᠭᠵᠢᠯᠲᠡ | ᠴᠦ ᠳᠤᠮᠳᠠᠳᠤ ᠤᠯᠤᠰ ᠢ ᠬᠡᠷᠡᠭᠰᠡᠨ᠎ᠡ᠃ | ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ ᠮᠥᠨ᠃ | ᠵᠢᠷᠤᠭ ᠲᠥᠰᠥᠪ ᠨᠢᠭᠡᠨᠲᠡ ᠵᠢᠷᠤᠭᠯᠠᠭᠳᠠᠵᠤ᠂ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠨ ᠳᠠᠭᠤᠷᠢᠰᠤᠯ᠎ᠠ᠃ | ᠪᠢᠳᠡ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ᠂ ᠨᠡᠩ ᠭᠡᠷᠡᠯ | ᠰᠠᠴᠤᠷᠠᠩᠭᠤᠢ ᠢᠷᠡᠭᠡᠳᠦᠢ ᠶᠢ ᠴᠢᠷᠮᠠᠶᠢᠨ ᠴᠣᠭᠴᠠᠯᠠᠬᠤ ᠬᠡᠷᠡᠭᠲᠡᠢ᠃ | ᠰᠠᠶ᠋ᠢᠬᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷ᠎ᠡ ᠰᠤᠩᠭᠤᠭᠳᠠᠭᠰᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠣᠣ | ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ 23 ᠤ ᠦᠳᠡ ᠳᠤ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ | ᠰᠤᠷᠪᠤᠯᠵᠢᠯᠠᠭᠰᠠᠨ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠲᠠᠢ ᠳᠣᠲᠣᠨᠣᠰᠤᠭ ᠢᠶᠠᠷ ᠠᠭᠤᠯᠵᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠲᠢᠩᠬᠢᠮ ᠳᠤ ᠴᠢᠮᠡᠭᠲᠦ ᠳ᠋ᠧᠩ ᠳᠤᠸᠠᠯᠠᠵᠤ᠂ | ᠬᠥᠷ ᠬᠥᠭᠵᠢᠶᠡᠨ ᠲᠠᠢ ᠲᠥᠪ ᠶᠡᠬᠡᠮᠰᠦᠭ ᠪᠠᠶᠢᠯ᠎ᠠ᠃ ᠳᠤᠮᠳᠠᠳᠤ ᠭᠠᠳᠠᠭᠠᠳᠤ ᠶᠢᠨ ᠵᠢᠷᠭᠤᠭᠠᠨ ᠵᠠᠭᠤ ᠭᠠᠷᠤᠢ | ᠰᠤᠷᠪᠤᠯᠵᠢᠯᠠᠭᠴᠢ ᠠᠳᠡ ᠢᠷᠡᠵᠦ᠂ ᠰᠢᠨ᠎ᠡ ᠨᠢᠭᠡ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠣᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠡᠰᠢᠭᠦᠳ ᠤᠨ ᠠᠩᠬᠠᠳᠠᠭᠴᠢ ᠬᠠᠮᠲᠤ ᠶᠢᠨ | ᠠᠭᠤᠯᠵᠠᠯᠲᠠ ᠶᠢ ᠪᠦᠬᠦ ᠳᠡᠯᠡᠬᠡᠢ ᠳᠤ ᠮᠡᠳᠡᠭᠡᠯᠡᠪᠡ᠃ | 12 ᠴᠠᠭ 5 ᠮᠢᠨᠦ᠋ᠲ ᠲᠤ᠂ ᠰᠢ ᠶᠢᠨ ᠫᠢᠩ ᠨᠠᠷ ᠨᠢᠵᠢᠭᠢᠨᠡᠭᠰᠡᠨ ᠬᠠᠯᠠᠭᠤᠨ ᠠᠯᠠᠭ᠎ᠠ ᠳᠠᠰᠢᠯᠲᠠ ᠶᠢᠨ | ᠳᠤᠮᠳᠠ ᠶᠡᠭᠡ ᠲᠢᠩᠬᠢᠮ ᠳᠤ ᠠᠯᠬᠤᠨ ᠣᠷᠣᠵᠣ᠂ ᠲᠤᠬᠠᠢ ᠶᠢᠨ ᠲᠠᠯᠠᠪᠠᠢ ᠳᠤ ᠪᠠᠶᠢᠭᠰᠠᠨ ᠳᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢᠳ ᠲᠠᠢ ᠭᠠᠷ ᠳᠠᠯᠠᠯᠤᠨ ᠮᠡᠨᠳᠦᠴᠢᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠨᠢᠨ ᠮᠡᠳᠡᠭᠡᠨ ᠤ | ᠥᠭᠦᠯᠡᠭᠴᠢ ᠰᠦᠨ ᠶᠧ ᠯᠢ ᠳᠦᠭᠦᠮ ᠲᠠᠨᠢᠯᠴᠠᠭᠤᠯᠭ᠎ᠠ ᠬᠢᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠰᠢ ᠶᠢᠨ ᠫᠢᠩ ᠶᠠᠭᠤᠨ ᠤ ᠤᠷᠢᠳ᠂ ᠠᠳᠡ ᠰᠤᠷᠪᠤᠯᠵᠢᠯᠠᠭᠴᠢ ᠨᠠᠶᠢᠵᠠ ᠨᠠᠷ ᠲᠠᠢ | ᠠᠭᠤᠯᠵᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠥᠴᠦᠭᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠲᠡᠭᠦᠰᠦᠯ᠎ᠡ᠃ | ᠡᠨᠡ ᠪᠣᠯ ᠲᠤᠭ ᠢ ᠥᠨᠳᠥᠷ ᠮᠠᠨᠳᠤᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠪᠦᠯᠬᠦᠮᠳᠡᠭᠦᠯᠦᠨ ᠡᠷᠡᠯᠬᠡᠭᠯᠡᠨ | ᠤᠷᠤᠭᠰᠢᠯᠠᠭᠤᠯᠬᠤ ᠨᠢᠭᠡ ᠤᠳᠠᠭ᠎ᠠ ᠶᠢᠨ ᠶᠡᠭᠡ ᠬᠤᠷᠠᠯ ᠪᠣᠯᠣᠨ᠎ᠠ᠃ ᠳᠡᠯᠡᠬᠡᠢ ᠨᠡᠶᠢᠭᠡᠮ ᠢᠶᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ | ᠮᠠᠰᠢ ᠣᠯᠠᠨ ᠤᠯᠤᠰ ᠤᠨ ᠲᠥᠷᠥ ᠶᠢᠨ ᠨᠠᠮ ᠪᠠᠶᠠᠷ ᠤᠨ ᠴᠠᠬᠢᠯᠭᠠᠨ ᠪᠠᠶᠠᠷ ᠤᠨ ᠵᠠᠬᠢᠲᠠᠯ ᠢᠷᠡᠭᠦᠯᠪᠡ᠂ ᠡᠭᠦᠨ ᠳᠤ | ᠣᠯᠠᠩᠬᠢ ᠨᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠦ᠂ ᠲᠥᠷᠥ ᠶᠢᠨ ᠨᠠᠮ ᠪᠣᠯᠣᠨ ᠴᠢᠬᠤᠯᠠ | ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠤᠳᠤᠷᠢᠳᠬᠤ ᠬᠦᠮᠦᠰ ᠠᠴᠠ ᠢᠷᠡᠭᠦᠯᠦᠭᠰᠡᠨ ᠶᠤᠮ᠃ ᠠᠳᠡ ᠪᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ ᠣᠯᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠬᠦᠨ ᠢ ᠲᠠᠨᠢᠯᠴᠠᠭᠤᠯᠤᠭᠰᠠᠨ ᠤ | ᠳᠠᠷᠠᠭ᠎ᠠ᠂ ᠰᠢᠨ᠎ᠡ ᠨᠢᠭᠡᠨ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠳᠤᠷᠢᠳᠬᠤ ᠪᠦᠷᠢᠯᠳᠦᠬᠦᠨ ᠤ ᠡᠮᠦᠨ᠎ᠡ ᠠᠴᠠ ᠪᠦᠬᠦ ᠨᠠᠮ ᠤᠨ ᠨᠥᠬᠦᠳ ᠤᠨ ᠢᠲᠡᠭᠡᠵᠦ ᠪᠠᠶᠢᠬᠤ ᠳᠤ ᠴᠢᠩ | ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠰᠢᠨᠵᠢ ᠴᠢᠨᠠᠷ ᠪᠠ ᠵᠣᠷᠢᠯᠲᠠ ᠶᠢ ᠯᠠᠪᠲᠠᠢ ᠪᠠᠲᠤ ᠴᠡᠭᠡᠵᠢᠯᠡᠵᠦ᠂ | ᠥᠪᠡᠷ ᠤᠨ ᠡᠭᠦᠷᠭᠡ ᠪᠠ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠢᠶᠠᠨ ᠬᠡᠴᠢᠶᠡᠩᠭᠦ᠋ᠢᠯᠡᠨ | ᠭᠦᠢᠴᠡᠳᠬᠡᠵᠦ᠂ ᠬᠢᠴᠢᠶᠡᠨ ᠴᠢᠷᠮᠠᠶᠢᠨ ᠠᠵᠢᠯᠯᠠᠵᠤ᠂ ᠨᠠᠮ ᠪᠠ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠶᠠᠭᠠᠬᠢᠭᠰᠠᠨ ᠴᠦ ᠬᠦᠰᠡᠷᠳᠡᠭᠦᠯᠬᠦ ᠦᠭᠡᠢ ᠭᠡᠵᠦ ᠢᠯᠡᠳᠬᠡᠪᠡ᠃ | ᠰᠢ ᠶᠢᠨ ᠫᠢᠩ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠴᠢᠷᠮᠠᠶᠢᠯᠭ᠎ᠠ ᠪᠠᠷ᠂ ᠪᠢᠳᠡ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠃ ᠣᠳᠣ᠂ ᠪᠢᠳᠡ | ᠵᠣᠷᠢᠭ ᠰᠠᠨᠠᠭ᠎ᠠ ᠪᠠᠳᠠᠷᠠᠩᠭᠤᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠴᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠬᠤ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠪᠠ | ᠬᠦᠰᠡᠯ ᠬᠥᠭᠡᠭᠡᠴᠡᠯᠳᠦᠯ ᠢ ᠠᠴᠢᠶᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠯ ᠴᠢᠷᠮᠠᠶᠢᠯᠭ᠎ᠠ ᠪᠠ | ᠬᠦᠴᠦ ᠬᠦᠯᠦᠰᠦ ᠰᠢᠩᠭᠡᠵᠦ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠷᠲᠤ ᠬᠤᠭᠤᠴᠠᠭᠠᠨ ᠤ | ᠦᠢᠯᠡᠳᠦᠯᠭᠡ ᠶᠢᠨ ᠬᠠᠶᠢᠨ ᠰᠦᠪᠡᠭᠴᠢᠯᠡᠯᠲᠡ ᠶᠢᠨ ᠦᠷ᠎ᠡ ᠪᠦᠲᠦᠭᠡᠯ ᠮᠥᠨ᠂ ᠨᠢᠭᠡᠨ ᠠᠭᠤᠤ ᠶᠡᠭᠡ ᠪᠥᠭᠡᠳ ᠪᠡᠷᠬᠡ | ᠬᠠᠲᠠᠭᠤᠵᠢᠯᠲᠠᠢ ᠦᠢᠯᠡᠰ ᠮᠥᠨ᠃ ᠣᠨᠴᠠ ᠶᠢᠨ ᠪᠡᠷᠬᠡ ᠬᠠᠲᠠᠭᠤᠵᠢᠯᠲᠠᠢ ᠤᠴᠢᠷ ᠠᠴᠠ ᠠᠭᠤᠤ ᠶᠡᠭᠡ ᠶᠤᠮ︔ | ᠣᠨᠴᠠ ᠶᠢᠨ ᠪᠡᠷᠬᠡ ᠬᠠᠲᠠᠭᠤᠵᠢᠯᠲᠠᠢ ᠤᠴᠢᠷ ᠠᠴᠠ ᠨᠡᠩ ᠴᠦ ᠢᠷᠠᠭᠤ ᠠᠯᠳᠠᠷᠲᠠᠢ ᠶᠤᠮ᠃ ᠡᠨᠡ ᠬᠦ ᠦᠢᠯᠡᠰ ᠤᠨ | ᠲᠥᠯᠥᠭᠡ᠂ ᠲᠤᠭ᠎ᠠ ᠲᠣᠮᠰᠢ ᠦᠭᠡᠢ ᠣᠯᠠᠨ ᠠᠬᠠᠮᠠᠳ ᠦᠶ᠎ᠡ ᠶᠢᠨ ᠬᠢᠨ ᠬᠦᠴᠢᠷ ᠪᠡᠷᠬᠡ ᠶᠢ ᠢᠯᠠᠨ ᠳᠠᠪᠠᠵᠤ᠂ | ᠲᠦᠢᠯ ᠤᠨ ᠬᠠᠲᠠᠭᠤᠵᠢᠯᠲᠠᠢ ᠲᠡᠮᠡᠴᠡᠯ ᠬᠢᠵᠡᠢ᠂ ᠪᠢᠳᠡ ᠲᠡᠳᠡᠨ ᠤ ᠬᠤᠪᠢ ᠨᠡᠮᠡᠷᠢ ᠪᠣᠯᠣᠨ ᠦᠷᠡᠭᠳᠡᠯ ᠢ ᠡᠭᠦᠷᠢᠳᠡ | ᠪᠠᠲᠤ ᠴᠡᠭᠡᠵᠢᠯᠡᠭᠰᠡᠭᠡᠷ ᠪᠠᠶᠢᠨ᠎ᠠ᠃ ᠪᠢᠳᠡ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠴᠢᠷᠮᠠᠶᠢᠨ | ᠲᠡᠷᠭᠡᠯᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ | ᠠᠯᠢᠪᠠ ᠪᠦᠬᠦᠨ ᠠᠷᠠᠳ ᠲᠦᠮᠡᠨ ᠳᠤ ᠲᠦᠰᠢᠭᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠠᠶᠠᠨ ᠵᠠᠮ ᠳᠠᠭᠠᠨ᠂ | ᠪᠢᠳᠡ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠭᠰᠡᠨ ᠠᠯᠢ ᠣᠯᠠᠨ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠢᠷᠡᠭᠡᠳᠦᠢ ᠳᠤ ᠬᠠᠨᠳᠤᠬᠤᠶ᠎ᠠ᠂ ᠪᠢᠳᠡ ᠮᠥᠨ ᠯᠠ ᠠᠷᠠᠳ | ᠲᠦᠮᠡᠨ ᠳᠤ ᠲᠦᠰᠢᠭᠯᠡᠨ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠬᠦ ᠬᠡᠷᠡᠭᠲᠡᠢ᠃ ᠵᠠᠮ ᠡᠩᠬᠦᠯ | ᠳᠤᠩᠬᠤᠯ ᠠᠯᠤᠰ ᠬᠤᠯᠠ ᠴᠦ ᠶᠠᠪᠤᠪᠠᠰᠤ ᠬᠦᠷᠦᠶᠦ᠃ ᠤᠷᠤᠭᠰᠢᠯᠠᠯᠲᠠ ᠶᠢᠨ ᠵᠠᠮ ᠳᠡᠭᠡᠷ᠎ᠡ᠂ ᠶᠡᠭᠡ ᠰᠠᠯᠬᠢ | ᠰᠢᠷᠦᠭᠦᠨ ᠳᠠᠪᠠᠯᠭᠠᠨ ᠪᠠᠶᠢᠭᠰᠠᠨ ᠴᠦ ᠲᠡᠷᠡ᠂ ᠳᠣᠭᠰᠢᠨ ᠳᠠᠪᠠᠯᠭᠠᠨ ᠰᠢᠷᠦᠭᠦᠨ ᠳᠣᠯᠭᠢᠶᠠᠨ ᠪᠠᠶᠢᠭᠰᠠᠨ ᠴᠦ ᠲᠡᠷᠡ᠂ | ᠠᠷᠠᠳ ᠲᠦᠮᠡᠨ ᠪᠣᠯ ᠬᠡᠵᠢᠶᠡᠳᠡ ᠪᠢᠳᠡᠨ ᠤ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ᠂ ᠬᠠᠮᠤᠭ ᠤᠨ | ᠬᠦᠴᠦᠷᠬᠡᠭ ᠶᠡᠭᠡ ᠢᠳᠡ ᠬᠦᠴᠦᠨ ᠪᠣᠯᠬᠤ ᠶᠤᠮ᠃ ᠪᠢᠳᠡ ᠢᠮᠠᠭᠲᠠ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠠᠷᠠᠳ ᠲᠦᠮᠡᠨ ᠲᠠᠢ ᠵᠢᠷᠦᠬᠡ ᠰᠡᠳᠬᠢᠯ ᠢᠶᠠᠨ ᠬᠤᠯᠪᠣᠵᠤ᠂ ᠠᠷᠠᠳ ᠲᠦᠮᠡᠨ ᠤ ᠪᠣᠳᠣᠵᠣ | ᠪᠠᠶᠢᠭ᠎ᠠ ᠵᠦᠢᠯ ᠢ ᠪᠣᠳᠣᠵᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠣᠳᠠᠲᠤ ᠠᠬᠤᠢ ᠪᠣᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠢᠮᠠᠭᠲᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ | ᠠᠬᠢᠭᠤᠯᠬᠤ ᠬᠡᠷᠡᠭᠲᠡᠢ᠃ ᠭᠠᠰᠠᠯᠠᠩ ᠵᠣᠪᠠᠯᠠᠩ ᠢ ᠬᠠᠰᠢᠷᠠᠲᠠᠯ᠎ᠠ ᠠᠮᠰᠠᠭᠰᠠᠨ ᠴᠦ ᠤᠭ ᠰᠠᠨᠠᠭ᠎ᠠ ᠪᠠᠨ ᠥᠯᠥ | ᠬᠤᠪᠢᠷᠠᠭᠤᠯᠬᠤ ᠨᠠᠮ ᠰᠠᠶ᠋ᠢ ᠰᠠᠭᠤᠷᠢ ᠪᠠᠨ ᠡᠭᠦᠷᠢᠳᠡ ᠪᠠᠲᠤᠳᠬᠠᠵᠤ ᠴᠢᠳᠠᠨ᠎ᠠ︔ ᠭᠡᠷᠡᠯ ᠰᠠᠴᠤᠷᠠᠩᠭᠤᠢ ᠠᠮᠵᠢᠯᠲᠠ | ᠪᠦᠲᠦᠮᠵᠢ ᠶᠢ ᠡᠭᠦᠳᠦᠭᠰᠡᠨ ᠴᠦ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠳᠡᠭ ᠨᠠᠮ ᠪᠣᠯ ᠰᠠᠶ᠋ᠢ ᠠᠯᠢᠪᠠ | ᠪᠦᠬᠦᠨ ᠢ ᠢᠯᠠᠵᠤ ᠴᠢᠳᠠᠨ᠎ᠠ᠃ ᠵᠠᠭᠤᠨ ᠵᠢᠯ ᠤᠨ ᠰᠠᠯᠬᠢᠨ ᠪᠣᠷᠣᠭᠠᠨ ᠳᠤ ᠳᠠᠪᠲᠠᠭᠳᠠᠵᠤ᠂ ᠢᠯᠠᠩᠭᠤᠶ᠎ᠠ ᠰᠢᠨ᠎ᠡ ᠴᠠᠭ | ᠦᠶ᠎ᠡ ᠶᠢᠨ 10 ᠵᠢᠯ ᠤᠨ ᠬᠤᠪᠢᠰᠬᠠᠯᠴᠢ ᠴᠢᠨᠠᠷᠲᠠᠢ ᠳᠠᠪᠲᠠᠯᠲᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ | ᠨᠡᠩ ᠪᠠᠲᠤ ᠴᠢᠩᠭ᠎ᠠ ᠬᠦᠴᠦᠨ ᠲᠠᠢ᠂ ᠨᠡᠩ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠪᠠ᠃ ᠰᠢᠨ᠎ᠡ | ᠠᠶᠠᠨ ᠳᠠᠬᠢ ᠰᠢᠨ᠎ᠡ ᠥᠷᠢᠰᠦᠯᠳᠦᠭᠡᠨ ᠰᠢᠨ᠎ᠡ ᠰᠢᠯᠭᠠᠯᠲᠠ ᠶᠢᠨ ᠡᠮᠦᠨ᠎ᠡ᠂ ᠪᠢᠳᠡ ᠡᠷᠬᠡᠪᠰᠢ ᠳᠡᠭᠡᠳᠦ ᠬᠡᠮᠵᠢᠶᠡᠨ ᠤ | ᠰᠡᠷᠡᠮᠵᠢ ᠲᠠᠢ ᠪᠠᠶᠢᠵᠤ᠂ ᠰᠢᠯᠭᠠᠯᠲᠠ ᠳᠤ ᠣᠷᠣᠯᠴᠠᠬᠤ ᠰᠡᠷᠭᠡᠭ ᠪᠥᠭᠡᠳ ᠪᠣᠯᠭᠤᠮᠵᠢᠲᠠᠢ ᠪᠠᠶᠢᠬᠤ ᠪᠠᠨ ᠡᠭᠦᠷᠢᠲᠡ | ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠦᠬᠦᠷᠡᠰᠢ ᠦᠭᠡᠢ ᠠᠬᠢᠭᠤᠯᠵᠤ᠂ ᠵᠠᠭᠤᠨ ᠵᠢᠯ ᠤᠨ | ᠲᠣᠮᠣ ᠨᠠᠮ ᠢ ᠥᠪᠡᠷ ᠪᠡᠶ᠎ᠡ ᠶᠢᠨ ᠬᠤᠪᠢᠰᠬᠠᠯ ᠬᠢᠬᠦ ᠳᠤᠮᠳᠠ ᠲᠠᠰᠤᠷᠠᠯᠲᠠ ᠦᠭᠡᠢ ᠥᠷᠨᠢᠭᠦᠨ ᠪᠠᠳᠠᠷᠠᠩᠭᠤᠢ | ᠠᠮᠢᠵᠢᠷᠠᠯ ᠤᠨ ᠬᠦᠴᠦᠨ ᠲᠠᠢ ᠪᠣᠯᠭᠠᠵᠤ᠂ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ | ᠨᠠᠶᠢᠳᠠᠪᠤᠷᠢᠲᠠᠢ᠂ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠪᠢᠳᠡ ᠪᠦᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ | ᠢᠮᠠᠭᠲᠠ ᠪᠠᠳᠠᠷᠠᠭᠤᠯᠬᠤ ᠬᠡᠷᠡᠭᠲᠡᠢ᠃ ᠣᠳᠣᠬᠠᠨ ᠤ ᠳᠡᠯᠡᠬᠡᠢ ᠶᠢᠷᠲᠢᠨᠴᠦ ᠤᠷᠢᠳ ᠡᠮᠦᠨ᠎ᠡ ᠪᠠᠶᠢᠭ᠎ᠠ ᠦᠭᠡᠢ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ | ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠡᠵᠡᠮᠳᠡᠨ ᠲᠣᠭᠲᠠᠭᠠᠬᠤ ᠶᠣᠰᠣᠲᠠᠢ ᠭᠡᠵᠦ ᠪᠢᠳᠡ ᠵᠣᠷᠢᠭᠰᠠᠭᠠᠷ | ᠢᠷᠡᠭᠰᠡᠨ ᠶᠤᠮ᠃ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠳᠠᠭ ᠯᠠ ᠶᠤᠮ ᠪᠣᠯ ᠡᠯ᠎ᠡ | ᠤᠯᠤᠰ ᠳᠠᠷᠤᠢ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠦ᠂ | ᠭᠠᠷ ᠬᠤᠯᠪᠣᠨ ᠳᠡᠯᠡᠬᠡᠢ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠴᠢᠳᠠᠨ᠎ᠠ᠃ ᠪᠢᠳᠡ ᠡᠯ᠎ᠡ ᠤᠯᠤᠰ ᠤᠨ | ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠥᠭᠡ ᠲᠠᠢ ᠪᠠᠶᠢᠬᠤ ᠪᠦᠬᠦ ᠬᠦᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠳᠡᠯᠡᠬᠡᠢ ᠶᠢᠨ ᠬᠥᠭᠵᠢᠯᠲᠡ ᠶᠢ ᠠᠬᠢᠭᠤᠯᠵᠤ᠂ | ᠬᠦᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠠᠴᠠ ᠰᠠᠯᠵᠤ ᠴᠢᠳᠠᠬᠤ ᠦᠭᠡᠢ᠂ | ᠳᠡᠯᠡᠬᠡᠢ ᠶᠢᠨ ᠬᠥᠭᠵᠢᠯᠲᠡ ᠴᠦ ᠳᠤᠮᠳᠠᠳᠤ ᠤᠯᠤᠰ ᠢ ᠬᠡᠷᠡᠭᠰᠡᠨ᠎ᠡ᠃ ᠥᠭᠡᠷᠡᠴᠢᠯᠡᠯᠲᠡ ᠨᠡᠭᠡᠭᠡᠯᠲᠡ ᠬᠢᠭᠰᠡᠨ 40 | ᠭᠠᠷᠤᠢ ᠵᠢᠯ ᠤᠨ ᠴᠦᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠪᠢᠳᠡ ᠠᠵᠤ ᠠᠬᠤᠢ ᠶᠢᠨ ᠲᠦᠷᠭᠡᠨ | ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠬᠤᠶᠠᠷ ᠶᠡᠭᠡ ᠭᠠᠶᠢᠬᠠᠮᠰᠢᠭ ᠢ | ᠡᠭᠦᠳᠪᠡ᠃ ᠣᠳᠣᠬᠠᠨ ᠳᠤ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ | ᠳᠠᠯᠳᠠ ᠬᠦᠴᠦᠨ ᠭᠦᠢᠴᠡᠳ᠂ ᠡᠷᠭᠢᠯᠲᠡ ᠶᠢᠨ ᠵᠠᠢ ᠥᠷᠭᠡᠨ ᠪᠠᠶᠢᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠴᠦ | ᠤᠯᠠᠮ ᠠᠴᠠ ᠤᠯᠠᠮ ᠶᠡᠭᠡ ᠨᠡᠭᠡᠭᠡᠭᠳᠡᠬᠦ ᠪᠣᠯᠣᠨ᠎ᠠ᠃ ᠪᠢᠳᠡ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠷᠡᠰ ᠭᠤᠶᠢᠪᠢᠰᠢ ᠦᠭᠡᠢ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠳ᠋ᠠᠬᠢᠨ ᠳᠤ ᠨᠡᠩ ᠣᠯᠠᠨ ᠠᠵᠠ | ᠳᠣᠬᠢᠶᠠᠯ ᠢ ᠡᠭᠦᠳᠴᠦ ᠥᠭᠭᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ | ᠠᠶᠠᠨ ᠮᠥᠨ᠃ ᠵᠢᠷᠤᠭ ᠲᠦᠰᠦᠪ ᠨᠢᠭᠡᠨᠲᠡ ᠵᠢᠷᠤᠭᠯᠠᠭᠳᠠᠵᠤ᠂ ᠤᠷᠤᠭᠰᠢᠯᠠᠯᠲᠠᠶᠢᠨ ᠪᠦᠷᠢᠶ᠎ᠡ ᠨᠢᠭᠡᠨᠲᠡ ᠬᠠᠩᠭᠢᠨᠠᠨ | ᠳᠠᠭᠤᠷᠢᠰᠤᠯ᠎ᠠ᠃ ᠪᠢᠳᠡ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠨ᠂ | ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠢᠷᠮᠠᠶᠢᠨ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠬᠡᠳᠦᠨ ᠡᠳᠦᠷ ᠤᠨ ᠲᠤᠷᠰᠢ᠂ ᠰᠤᠷᠪᠤᠯᠵᠢᠯᠠᠭᠴᠢ ᠨᠠᠶᠢᠵᠠ | ᠨᠥᠬᠦᠳ ᠤᠳ ᠶᠡᠭᠡ ᠬᠤᠷᠠᠯ ᠢ ᠭᠦᠢᠴᠡᠳ ᠮᠡᠳᠡᠭᠡᠯᠡᠵᠦ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠳᠠᠭᠤᠨ ᠢ | ᠳᠠᠮᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠯᠲᠠ ᠶᠢ ᠳᠠᠮᠵᠢᠭᠤᠯᠵᠤ᠂ ᠳᠡᠯᠡᠬᠡᠢ ᠳ᠋ᠠᠬᠢᠨ ᠤ | ᠠᠩᠬᠠᠷᠤᠯ ᠢ ᠳᠤᠮᠳᠠᠳᠤ ᠤᠯᠤᠰ ᠲᠤ ᠬᠠᠨᠳᠤᠭᠤᠯᠪᠠ᠃ ᠲᠠ ᠨᠠᠷ ᠤᠨ ᠰᠢᠷᠭᠠᠭᠤ ᠠᠵᠢᠯᠯᠠᠭᠰᠠᠨ ᠳᠤ ᠪᠠᠶᠠᠷᠯᠠᠯ᠎ᠠ᠂ | ᠣᠯᠠᠨ ᠢᠶᠠᠷ ᠢᠶᠠᠨ ᠵᠦᠳᠡᠷᠡᠯ᠎ᠡ᠃ ᠣᠯᠠᠨ ᠢᠶᠠᠷ ᠢᠶᠠᠨ ᠳᠤᠮᠳᠠᠳᠤ ᠤᠯᠤᠰ ᠤᠨ ᠡᠯ᠎ᠡ ᠭᠠᠵᠠᠷ ᠲᠤ ᠢᠯᠡᠭᠦᠬᠡᠨ ᠬᠦᠷᠴᠦ᠂ | ᠢᠯᠡᠭᠦᠬᠡᠨ ᠦᠵᠡᠵᠦ᠂ ᠳᠤᠮᠳᠠᠳᠤ ᠤᠯᠤᠰ ᠤᠨ ᠦᠯᠢᠭᠡᠷ ᠢ ᠪᠤᠰᠤᠳᠴᠢ ᠪᠥᠭᠡᠳ ᠪᠣᠳᠠᠲᠠᠢ ᠪᠠᠷ ᠳᠡᠯᠡᠬᠡᠢ ᠳ᠋ᠠᠬᠢᠨ ᠳᠤ | ᠰᠠᠶᠢᠲᠤᠷ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠲᠤᠷ ᠶᠠᠷᠢᠵᠤ᠂ ᠪᠢᠳᠡᠨ ᠤ ᠶᠠᠭ | ᠥᠩᠭᠡᠷᠡᠭᠦᠯᠵᠦ ᠪᠠᠶᠢᠭ᠎ᠠ ᠰᠢᠨ᠎ᠡ ᠴᠠᠭ ᠦᠶ᠎ᠡ ᠶᠢᠨ ᠦᠯᠢᠭᠡᠷ ᠢ ᠰᠠᠶᠢᠲᠤᠷ ᠶᠠᠷᠢᠬᠤ ᠶᠢ ᠪᠠᠶᠠᠷᠯᠠᠨ ᠤᠭᠲᠤᠵᠤ ᠪᠠᠶᠢᠨ᠎ᠠ | ᠭᠡᠵᠦ ᠬᠡᠯᠡᠪᠡ᠃ | 12 ᠴᠠᠭ 30 ᠮᠢᠨᠦ᠋ᠲ ᠲᠤ ᠠᠭᠤᠯᠵᠠᠯᠲᠠ ᠶᠢᠨ ᠬᠤᠷᠠᠯ ᠲᠡᠭᠦᠰᠪᠡ᠃ ᠰᠢ ᠶᠢᠨ ᠫᠢᠩ ᠨᠠᠷ ᠳᠤᠮᠳᠠᠳᠤ | ᠭᠠᠳᠠᠭᠠᠳᠤ ᠶᠢᠨ ᠰᠤᠷᠪᠤᠯᠵᠢᠯᠠᠭᠴᠢᠳ ᠲᠠᠢ ᠭᠠᠷ ᠳᠠᠯᠠᠯᠤᠨ ᠰᠠᠯᠬᠤ ᠶᠣᠰᠣ ᠬᠢᠪᠡ᠃ ᠪᠦᠬᠦ ᠲᠠᠯᠠᠪᠠᠢ ᠳᠤ ᠳᠠᠬᠢᠨᠲᠠ | ᠠᠯᠠᠭ᠎ᠠ ᠲᠠᠰᠢᠯᠲᠠ ᠶᠢᠨ ᠳᠠᠭᠤᠨ ᠨᠢᠵᠢᠭᠢᠨᠡᠪᠡ᠃ | ᠲᠥᠪ ᠤᠨ ᠷᠠᠷᠢᠤ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠰᠢᠨᠬᠤᠸᠠ ᠰᠦᠯᠵᠢᠶ᠎ᠡ ᠠᠬᠤᠢ ᠲᠠᠯᠠᠪᠠᠢ ᠶᠢᠨ | ᠰᠢᠭᠤᠳ ᠨᠡᠪᠲᠡᠷᠡᠭᠦᠯᠭᠡ ᠬᠢᠪᠡ᠃ | |