ᠽᠦᠸᠧ ᠢ ᠯᠠ ᠰᠢ ᠲᠠᠨ ᠲᠠᠷᠢᠯᠭ᠎ᠠ ᠳᠤ ᠬᠡᠷᠡᠭᠯᠡᠬᠦ ᠥᠳᠬᠡᠨ ᠠᠭᠤᠰᠤᠮᠠᠯ ᠵᠡᠷᠭᠡ ᠡᠮ ᠤᠨ ᠵᠦᠢᠯ ᠢ ᠠᠷᠠᠯᠵᠢᠶᠠᠯᠠᠬᠤ ᠬᠢᠷᠢ ᠬᠡᠮ ᠢ ᠲᠦᠷ ᠵᠣᠭᠰᠣᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/13
      ᠥᠪᠥᠷ ᠡᠮ ᠬᠤᠳᠠᠯᠳᠤᠨ ᠠᠪᠬᠤ ᠲᠥᠪ ᠦᠰᠦᠭ ︹2022︺184 ᠳ᠋ᠦ᠋ᠭᠡᠷ ᠲᠣᠭᠠᠲᠤ       ᠡᠯ᠎ᠡ ᠬᠠᠮᠢᠶ᠎ᠠ ᠪᠦᠬᠦᠢ ᠨᠢᠭᠡᠴᠢ ᠳᠤ᠄       ︽ᠪᠧᠯᠭᠢ ᠶᠢᠨ UCB Pharma S.A. ᠽᠦᠸᠧ ᠢ ᠯᠠ ᠰᠢ ᠲᠠᠨ ᠲᠠᠷᠢᠯᠭ᠎ᠠ ᠳᠤ ᠬᠡᠷᠡᠭᠯᠡᠬᠦ ᠥᠳᠬᠡᠨ ᠠᠭᠤᠰᠤᠮᠠᠯ ᠢ ᠭᠠᠳᠠᠭᠠᠠᠳᠤ ᠠᠴᠠ ᠣᠷᠣᠭᠤᠯᠬᠤ᠂ ᠪᠣᠷᠤᠯᠠᠭᠤᠯᠬᠤ᠂ ᠬᠡᠷᠡᠭᠯᠡᠬᠦ ᠶᠢ ᠲᠦᠷ ᠵᠣᠭᠰᠣᠭᠠᠬᠤ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠠᠯᠪᠠᠨ ᠵᠠᠷᠯᠠᠯ︾ ︵2022 ᠣᠨ ᠤ 67 ᠳ᠋ᠤᠭᠠᠷ ᠲᠣᠭᠠᠲᠤ︶᠂ ︽ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠥᠪᠥᠷ ᠢᠳᠡᠭᠡᠨ ᠡᠮ ᠤᠨ ᠵᠦᠢᠯ ᠬᠢᠨᠠᠯᠲᠠ ᠬᠠᠮᠢᠶᠠᠷᠤᠯᠲᠠ ﹇2017﹈ 259 ᠳ᠋ᠦ᠋ᠭᠡᠷ ᠲᠣᠭᠠᠲᠤ︶ ᠪᠠ 2022 ᠣᠨ ᠤ 8 ᠳ᠋ᠤᠭᠠᠷ ᠰᠠᠷ᠎ᠠ ᠶᠢᠨ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠤ ᠨᠡᠶᠢᠲᠡᠯᠡᠭᠰᠡᠨ ᠡᠯ᠎ᠡ ᠮᠤᠵᠢ ᠶᠢᠨ ᠡᠮ ᠤᠨ ᠵᠦᠢᠯ ᠤᠨ ᠰᠤᠭᠤᠴᠢᠨ ᠪᠠᠶᠢᠴᠠᠭᠠᠯᠲᠠ ᠳᠤ ᠪᠠᠷᠢᠮᠵᠢᠶ᠎ᠠ ᠳᠤ ᠨᠡᠶᠢᠴᠡᠭᠰᠡᠨ ᠥᠬᠡᠶ ᠡᠮ ᠤᠨ ᠵᠦᠢᠯ ᠤᠨ ᠨᠡᠷᠡᠰ ᠤᠨ ᠵᠢᠭᠰᠠᠭᠠᠯᠲᠠ ᠶᠢ ᠦᠨᠳᠦᠰᠦᠯᠡᠨ᠂ ᠡᠳᠦᠭᠡ ᠳᠣᠣᠷᠠᠬᠢ 4 ᠡᠮ ᠤᠨ ᠵᠦᠢᠯ ᠤᠨ ᠮᠠᠨ ᠤ ᠣᠷᠣᠨ ᠳᠠᠬᠢ ᠠᠷᠠᠯᠵᠢᠶᠠᠯᠠᠬᠤ ᠬᠢᠷᠢ ᠬᠡᠮ ᠢ ᠲᠦᠷ ᠵᠣᠭᠰᠤᠭᠠᠪᠠ᠂ ᠡᠮ ᠤᠨ ᠵᠦᠢᠯ ᠤᠨ ᠨᠡᠷᠡᠰ ᠢ ᠳᠠᠭᠠᠯᠳᠤᠭᠤᠯᠤᠯ 1 ᠳᠤ ᠦᠵᠡᠭᠡᠷᠡᠢ᠃       ᠳᠠᠭᠠᠯᠳᠤᠭᠤᠯᠤᠯ᠄       1 . ᠠᠷᠠᠯᠵᠢᠶᠠᠯᠠᠬᠤ ᠬᠢᠷᠢ ᠬᠡᠮ ᠢ ᠲᠦᠷ ᠵᠣᠭᠰᠣᠭᠠᠬᠤ ᠡᠮ ᠤᠨ ᠵᠦᠢᠯ ᠤᠨ ᠬᠦᠰᠦᠨᠦᠭᠲᠦ       2 . ᠪᠧᠯᠭᠢ ᠶᠢᠨ UCB Pharma S.A. ᠽᠦᠸᠧ ᠢ ᠯᠠ ᠰᠢ ᠲᠠᠨ ᠲᠠᠷᠢᠯᠭ᠎ᠠ ᠳᠤ ᠬᠡᠷᠡᠭᠯᠡᠬᠦ ᠥᠳᠬᠡᠨ ᠠᠭᠤᠰᠤᠮᠠᠯ ᠢ ᠭᠠᠳᠠᠭᠠᠠᠳᠤ ᠠᠴᠠ ᠣᠷᠣᠭᠤᠯᠬᠤ᠂ ᠪᠣᠷᠤᠯᠠᠭᠤᠯᠬᠤ᠂ ᠬᠡᠷᠡᠭᠯᠡᠬᠦ ᠶᠢ ᠲᠦᠷ ᠵᠣᠭᠰᠣᠭᠠᠬᠤ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠠᠯᠪᠠᠨ ᠵᠠᠷᠯᠠᠯ ︵2022 ᠣᠨ ᠤ 67 ᠳ᠋ᠤᠭᠠᠷ ᠲᠣᠭᠠᠲᠤ︶       3 . 20 ᠳ᠋ᠤᠭᠠᠷ ᠪᠦᠯᠦᠭ ᠤᠳᠠᠭᠠᠨ ᠤ ᠡᠮ ᠤᠨ ᠵᠦᠢᠯ ᠤᠨ ᠲᠣᠭᠲᠠᠭᠠᠯ ᠳᠤ ᠨᠡᠶᠢᠴᠡᠭᠰᠡᠨ ᠥᠬᠡᠶ ᠲᠤᠬᠠᠶ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠮᠡᠳᠡᠭᠳᠡᠯ ︵2022 ᠣᠨ ᠤ 39 ᠳ᠋ᠦ᠋ᠭᠡᠷ ᠲᠣᠭᠠᠲᠤ︶       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ       2022 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ       ᠳᠠᠭᠠᠯᠳᠤᠭᠤᠯᠤᠯ᠄ ᠠᠷᠠᠯᠵᠢᠶᠠᠯᠠᠬᠤ ᠬᠢᠷᠢ ᠬᠡᠮ ᠢ ᠲᠦᠷ ᠵᠣᠭᠰᠣᠭᠠᠬᠤ ᠡᠮ ᠤᠨ ᠵᠦᠢᠯ ᠤᠨ ᠬᠦᠰᠦᠨᠦᠭᠲᠦ . xls
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号