ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ︽ᠨᠢᠭᠡᠨᠲᠡ ᠪᠠᠶᠢᠭ᠎ᠠ ᠪᠠᠷᠢᠯᠭ᠎ᠠ ᠶᠢᠨ ᠢᠯᠴᠢ ᠬᠠᠩᠭᠠᠬᠤ ᠰᠢᠰᠲ᠋ᠧᠮ ᠢ ᠥᠭᠡᠷᠡᠴᠢᠯᠡᠬᠦ ᠵᠢᠷᠤᠭ ᠤᠨ ᠲᠡᠭᠦᠪᠦᠷᠢ︾ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2022/12/13
    ︹2022︺ 141 ᠳ᠋ᠤᠭᠡᠷ ᠲᠣᠭᠠᠲᠤ ᠡᠳᠦᠭᠡ᠂ ︽ᠨᠢᠭᠡᠨᠲᠡ ᠪᠠᠶᠢᠭ᠎ᠠ ᠪᠠᠷᠢᠯᠭ᠎ᠠ ᠶᠢᠨ ᠢᠯᠴᠢ ᠬᠠᠩᠭᠠᠬᠤ ᠰᠢᠰᠲ᠋ᠧᠮ ᠤᠨ ᠥᠭᠡᠷᠡᠴᠢᠯᠡᠯᠲᠡ ᠶᠢᠨ ᠵᠢᠷᠤᠭ ᠤᠨ ᠲᠡᠭᠦᠪᠦᠷᠢ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ D B J/T03 — 124-2022 ᠳ᠋ᠤᠭᠠᠷ ᠨᠣᠮᠧᠷ ᠢᠶᠠᠷ ᠳ᠋ᠤᠭᠠᠷᠯᠠᠵᠤ᠂ 2022 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠲᠣᠰ ᠵᠢᠷᠤᠭ ᠤᠨ ᠲᠡᠭᠦᠪᠦᠷᠢ ᠶᠢ ᠥᠪᠥᠷ ᠮᠣᠩᠭᠤᠯ ᠤᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠷᠢᠭᠤᠴᠠᠨ ᠲᠠᠶᠢᠯᠪᠤᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠴᠠ ᠬᠤᠯᠪᠣᠭᠳᠠᠯ ᠪᠦᠬᠦᠢ ᠬᠡᠪᠯᠡᠭᠦᠯᠬᠦ᠂ ᠲᠠᠷᠬᠠᠭᠠᠬᠤ ᠠᠵᠢᠯ ᠢ ᠬᠠᠷᠢᠭᠤᠴᠠᠨ᠎ᠠ᠃       2022 ᠣᠨ ᠤ 8 ᠳ᠋ᠤᠭᠠᠷ ᠰᠠᠷ᠎ᠠ ᠶᠢᠨ 29 ᠤ ᠡᠳᠦᠷ    
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号