ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠠᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/12/13
      ︽2023 ᠣᠨ ᠤ ᠲᠣᠭᠠᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ ᠤ ᠵᠠᠬᠢᠳᠠᠯ︾ ︵ᠲᠠᠷᠢᠶᠠᠯᠠᠩ ᠵᠠᠬ᠎ᠠ ᠲᠥᠬᠦᠮ ᠵᠠᠬᠢᠳᠠᠯ ﹇2022﹈ 120 ᠳ᠋ᠤᠭᠠᠷ ᠲᠣᠭᠠᠲᠤ︶ ᠪᠠ ︽2023 ᠣᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠡᠳ᠋ ᠤᠨ ᠵᠠᠰᠠᠭ ᠲᠠᠷᠬᠠᠭᠠᠭᠰᠠᠨ ﹇2022﹈ 339 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠤᠯᠪᠣᠭᠳᠠᠯ ᠪᠦᠬᠦᠢ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ 2023 ᠣᠨ ᠤ ᠲᠣᠭᠠᠴᠢᠯᠠᠭᠰᠠᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠲᠣᠭᠲᠠᠭᠠᠯᠲᠠ ᠬᠢᠵᠦ᠂ ᠡᠳᠦᠭᠡ ᠦᠷ᠎ᠡ ᠳ᠋ᠦᠩ ᠢ ᠳᠣᠣᠷᠠᠬᠢ ᠮᠡᠲᠦ ᠢᠯᠡ ᠨᠡᠶᠢᠲᠡᠯᠡᠪᠡ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠨᠭᠡᠷ ᠰᠢᠶᠠᠨ ᠤ ᠤᠯᠤᠰ ᠤᠨ ᠲᠣᠭᠠᠴᠢᠯᠠᠭᠰᠠᠨ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠰᠠᠭᠠᠯᠢ ᠶᠢᠨ ᠦᠨᠢᠶᠡᠨ ᠤ ᠡᠭᠦᠯᠳᠡᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠮᠡᠳ ᠪᠠᠷᠠᠭᠤᠨ ᠬᠤᠰᠢᠭᠤᠨ ᠤ ᠤᠯᠤᠰ ᠤᠨ ᠲᠣᠭᠠᠴᠢᠯᠠᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠡᠷᠳᠡᠨᠢ ᠰᠢᠰᠢ ᠶᠢᠨ ᠡᠭᠦᠯᠳᠡᠷ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠩᠬᠤᠲᠠ ᠶᠢᠨ ᠤᠯᠤᠰ ᠤᠨ ᠲᠣᠭᠠᠴᠢᠯᠠᠭᠰᠠᠨ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠲᠦᠮᠦᠰᠦᠨ ᠤ ᠡᠭᠦᠯᠳᠡᠷ︶᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠭᠠᠴᠢᠯᠠᠭᠰᠠᠨ ᠮᠠᠯ ᠠᠵᠤ ᠠᠬᠤᠢ ︵ᠬᠤᠨᠢ︶ ᠶᠢᠨ ᠰᠢᠨ᠎ᠡ ᠶᠢ ᠡᠭᠦᠳᠬᠦ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 4 ᠲᠥᠷᠥᠯ ᠵᠦᠢᠯ ᠳᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠨᠢ ᠬᠢᠨᠠᠨ ᠰᠢᠯᠭᠠᠷᠠᠭᠤᠯᠤᠯᠲᠠ ᠳᠤ ᠬᠢᠷᠢ ᠲᠡᠩᠴᠡᠪᠡ᠃ ᠳᠡᠭᠡᠷᠡᠬᠢ ᠲᠥᠷᠥᠯ ᠵᠦᠢᠯ ᠢ ᠡᠳᠦᠭᠡ ᠢᠯᠡ ᠨᠡᠶᠢᠲᠡᠯᠡᠵᠦ ᠪᠠᠶᠢᠨ᠎ᠠ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ᠃ ᠢᠯᠡ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠲᠠᠢ ᠬᠠᠮᠲᠤᠷᠠᠯᠴᠠᠬᠤ ᠭᠠᠵᠠᠷ ᠪᠤᠶᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠪᠠᠶᠢᠳᠠᠯ ᠢᠶᠠᠨ ᠲᠤᠰᠬᠠᠵᠤ ᠪᠣᠯᠣᠨ᠎ᠠ᠃       ᠬᠠᠷᠢᠯᠴᠠᠬᠤ ᠤᠲᠠᠰᠤ᠄ 13644885564       ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ 2022 ᠣᠨ ᠤ 10 ᠰᠠᠷ᠎ᠠ ᠶᠢᠨ 28 ᠤ ᠡᠳᠦᠷ
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号