ᠨᠢᠭᠡ᠂ ᠵᠢᠯᠣᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ | ︵ᠨᠢᠭᠡ︶ ᠵᠢᠯᠣᠭᠤᠳᠬᠤ ᠦᠵᠡᠯ ᠰᠠᠨᠠᠭ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ | ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠬᠥᠮᠦᠨ ᠬᠢᠭᠡᠳ ᠡᠬᠡ ᠪᠠᠶᠢᠭᠠᠯᠢ ᠶᠢᠨ ᠡᠶ᠎ᠡ ᠵᠣᠬᠢᠴᠠᠩᠭᠤᠢ | ᠬᠠᠮᠲᠤ ᠣᠷᠣᠰᠢᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠣᠯᠤᠨ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠡᠯ᠎ᠡ | ᠵᠦᠢᠯ ᠤᠨ ᠲᠥᠷᠥ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠬᠤᠷᠠᠮᠠᠯ ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠲᠦᠷᠢᠮ ᠪᠠ ᠬᠤᠯᠪᠤᠭᠳᠠᠯ ᠪᠥᠬᠦᠶ ᠠᠷᠭ᠎ᠠ ᠬᠡᠮᠵᠢᠶ᠎ᠡᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠪᠠ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ | ᠠᠬᠤᠶ ᠶᠢᠨ ᠨᠥᠬᠦᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ | ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠵᠦ᠂ ᠲᠠᠯ᠎ᠠ ᠨᠤᠲᠤᠭ ᠤᠨ ᠮᠠᠯᠵᠢᠬᠤ | ᠣᠷᠣᠨ ᠤ ᠠᠮᠢ ᠠᠬᠤᠶ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠶᠠᠷ︶ ᠴᠢᠬᠤᠯᠠ ᠠᠴᠢ ᠬᠤᠯᠪᠣᠭᠳᠠᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠬᠥᠯᠥᠨ ᠪᠤᠶᠢᠷ ᠬᠤᠲᠠ | ᠤᠯᠤᠰ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ 10358 ᠲᠦᠮᠡᠨ ᠮᠥ ᠨᠠᠶᠢᠳᠠᠪᠤᠷᠢᠵᠢᠭᠤᠯᠵᠤ᠂ ᠡᠭᠦᠨ ᠳᠤ᠂ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠶ 8671 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠤᠭᠠᠬᠤ ᠲᠠᠯᠠᠪᠠᠶ 1687 ᠲᠦᠮᠡᠨ ᠮᠥ ᠳᠤ ᠬᠦᠷᠴᠦ᠂ ᠵᠢᠯ | ᠪᠦᠷᠢ ᠠᠮᠢ ᠠᠬᠤᠶ ᠶᠢᠨ ᠨᠥᠬᠦᠪᠦᠷᠢ ᠱᠠᠩᠨᠠᠯ ᠤᠨ ᠪᠠᠯᠠ ᠮᠥᠩᠭᠦ ᠶᠢ 6.29 ᠳ᠋ᠦᠩᠰᠢᠭᠤᠷ ᠲᠥᠭᠦᠷᠢᠭ ᠲᠠᠷᠬᠠᠭᠠᠵᠤ᠂ 10 ᠬᠤᠰᠢᠭᠤ ᠬᠤᠲᠠ ᠲᠣᠭᠤᠷᠢᠭ᠂ 697 | ᠭᠠᠴᠠᠭ᠎ᠠ ᠲᠣᠰᠬᠤᠨ ︵ᠲᠠᠯᠠᠪᠠᠶ︶ ᠤ 14.2 ᠲᠦᠮᠡᠨ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ ᠨᠤᠲᠤᠭ ᠪᠡᠯᠴᠢᠭᠡᠷ ᠤᠨ ᠠᠮᠢ ᠠᠬᠤᠶ ᠢᠯᠡᠳᠲᠡ | ᠰᠠᠶᠢᠵᠢᠷᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷ ᠢᠯᠡᠳᠲᠡ ᠨᠡᠮᠡᠭᠳᠡᠵᠦ᠂ ᠠᠮᠢᠳᠤᠷᠠᠯ ᠤᠨ ᠬᠢᠷᠢ ᠲᠦᠪᠰᠢᠨ ᠦᠷᠭᠦᠯᠵᠢᠯᠡᠨ | ᠳᠡᠭᠡᠭᠰᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢ ᠬᠠᠮᠠᠭᠠᠯᠠᠬᠤ ᠳᠤᠮᠳᠠ ᠬᠦᠭᠵᠢᠵᠦ᠂ ᠨᠤᠲᠤᠭ ᠪᠡᠯᠴᠢᠭᠡᠷ ᠤᠨ | ᠰᠡᠷᠭᠦᠨ ᠰᠠᠶᠢᠵᠢᠷᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠳᠦᠷ ᠢᠷᠡᠬᠦᠶ᠎ᠡ ᠪᠠᠶᠠᠯᠢᠭᠵᠢᠵᠤ᠂ ᠮᠠᠯ ᠤᠨ ᠠᠰᠢᠭ | ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠲᠣᠭᠲᠠᠭᠤᠨ ᠢᠶᠠᠷ ᠴᠢᠩᠭᠠᠷᠠᠪᠠ᠃ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠤᠯᠤᠰ ᠠᠴᠠ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠵᠤ᠂ | ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠬᠦ ᠶᠢᠨ ᠲᠤᠰᠠᠳᠠ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ᠂ ᠲᠡᠵᠢᠭᠡᠯ | ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠬᠦ᠋ᠢᠴᠡ ᠬᠦᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠭᠥᠷᠳᠡᠬᠦ ᠶᠢ | ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠦᠯ ᠤᠨ ᠠᠵᠢᠯ ᠦᠢᠯᠡᠰ ᠤᠨ | ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |