ᠭᠤᠷᠪᠠ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠤᠯᠤᠨ ᠬᠤᠪᠢᠶᠠᠷᠢᠯᠠᠯ | ︵ᠨᠢᠭᠡ︶ ᠬᠡᠷᠡᠭᠵᠢᠭᠦᠯᠬᠦ ᠬᠦᠷᠢᠶ᠎ᠡ ᠬᠡᠪᠴᠢᠶ᠎ᠡ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠳᠤ᠂ | ᠮᠠᠨ ᠤ ᠬᠤᠲᠠ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ 10290.90 ᠲᠦᠮᠡᠨ ᠮᠥ ᠳᠤ ᠬᠦᠷᠴᠦ᠂ ᠡᠭᠦᠨ ᠳᠤ ᠪᠡᠯᠴᠢᠭᠡᠷᠯᠡᠭᠦᠯᠬᠦ ᠶᠢ | ᠵᠣᠭᠰᠤᠭᠠᠬᠤ ᠣᠷᠣᠨ 961.37 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ᠲᠠᠯᠠᠪᠠᠶ 9329.53 ᠲᠦᠮᠡᠨ ᠮᠥ ᠪᠠᠶᠢᠵᠤ᠂ ᠵᠢᠯ ᠪᠦᠷᠢ ᠳᠤ | ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ 6.32 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ 10 ᠬᠤᠰᠢᠭᠤ ᠬᠤᠲᠠ | ᠲᠣᠭᠤᠷᠢᠭ ᠢ ᠬᠠᠮᠤᠷᠤᠭᠤᠯᠤᠨ᠎ᠠ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ | ᠭᠡᠷ᠎ᠡ ᠲᠣᠭᠲᠠᠭᠰᠠᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠨ ᠴᠥᠮ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠪᠠ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ | ︵ᠬᠤᠶᠠᠷ︶ ᠬᠤᠪᠢᠶᠠᠷᠢᠯᠠᠯ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠣᠷᠣᠨ ᠪᠦᠰᠡ ᠶᠢ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠭᠡᠵᠦ ᠬᠤᠪᠢᠶᠠᠨ᠎ᠠ᠃ 1. ᠪᠡᠯᠴᠢᠭᠡᠷᠯᠡᠭᠦᠯᠬᠦ ᠶᠢ ᠵᠣᠭᠰᠤᠭᠠᠬᠤ | ᠣᠷᠣᠨ᠃ ᠥᠪᠡᠷᠲᠡᠭᠡᠨ ᠵᠠᠰᠠᠬᠤ ᠣᠷᠣᠨ ᠤ ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ︾ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠢᠨᠠᠨ ᠬᠡᠮᠵᠢᠯᠲᠡ ᠶᠢᠨ ᠪᠣᠳᠠᠲᠠᠶ ᠪᠠᠶᠢᠳᠠᠯ ᠢ | ᠦᠨᠳᠦᠰᠦᠯᠡᠨ᠂ ᠳᠣᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠣᠯᠭᠠᠨ ᠬᠤᠪᠢᠶᠠᠨ᠎ᠠ᠄ ᠬᠦᠨᠳᠦ ᠨᠣᠴᠢᠲᠠᠢ ᠲᠠᠴᠢᠷᠰᠢᠵᠤ | ᠂ ᠡᠯᠡᠰᠦᠷᠬᠡᠭᠵᠢᠭᠰᠡᠨ ᠨᠤᠲᠤᠭ ᠪᠡᠯᠴᠢᠭᠡᠷ︔ ᠪᠡᠯᠴᠢᠭᠡᠷᠯᠡᠭᠦᠯᠦᠨ ᠠᠰᠢᠭᠯᠠᠬᠤ ᠳᠤ ᠲᠣᠬᠢᠷᠠᠮᠵᠢ ᠦᠭᠡᠢ ᠨᠡᠯᠢᠶᠡᠳ ᠲᠠᠴᠢᠷᠰᠢᠵᠤ᠂ ᠡᠯᠡᠰᠦᠷᠬᠡᠭᠵᠢᠭᠰᠡᠨ ᠨᠤᠲᠤᠭ | ᠪᠡᠯᠴᠢᠭᠡᠷ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ᠪᠤᠰᠤᠳ ᠪᠡᠯᠴᠢᠭᠡᠷᠯᠡᠭᠦᠯᠬᠦ ᠶᠢ ᠵᠣᠭᠰᠤᠭᠠᠬᠤ | ᠴᠢᠬᠤᠯᠠᠲᠠᠶ ᠨᠤᠲᠤᠭ ᠪᠡᠯᠴᠢᠭᠡᠷ᠃ 2. ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠠᠴᠠ ᠪᠣᠰᠤᠳ ᠨᠤᠲᠤᠭ | ᠪᠡᠯᠴᠢᠭᠡᠷ ᠢ ᠳᠠᠭᠠᠭᠠᠴᠠ ᠶᠢ ᠦᠨᠳᠦᠰᠦᠯᠡᠨ ᠲᠣᠬᠢᠷᠠᠮᠵᠢᠲᠠᠢ ᠮᠠᠯ ᠤᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ | ᠪᠣᠯᠭᠠᠨ ᠬᠤᠪᠢᠶᠠᠷᠢᠯᠠᠨ ᠲᠤᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠡᠯᠴᠢᠭᠡᠷ ᠢ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ | ᠬᠤᠪᠢᠶᠠᠨ ᠰᠡᠯᠭᠦᠨ ᠮᠠᠯᠵᠢᠬᠤ ᠲᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ | |