ᠨᠢᠭᠡ᠂ ᠶᠠᠪᠤᠭᠳᠠᠯ ᠤᠨ ᠪᠠᠶᠢᠳᠠᠯ | 4 ᠰᠠᠷ᠎ᠠ ᠶᠢᠨ 23 ᠤ ᠡᠳᠦᠷ ᠪᠣᠯᠲᠠᠯ᠎ᠠ᠂ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠶᠢ 96891 ᠤᠳᠠᠭ᠎ᠠ ᠲᠤᠰᠴᠤ᠂ ᠬᠥᠮᠦᠨ ᠤ ᠬᠦᠴᠦ ᠪᠠᠷ ᠰᠢᠯᠵᠢᠭᠦᠯᠦᠭᠰᠡᠨ ᠶᠡᠷᠦᠩᠬᠡᠶ ᠬᠡᠮᠵᠢᠶ᠎ᠡ ᠨᠢ 54165 ᠤᠳᠠᠭ᠎ᠠ᠂ ᠳᠠᠭᠤᠳᠠᠯᠭ᠎ᠠ | ᠭᠠᠷᠭᠠᠭᠰᠠᠨ ᠶᠡᠷᠦᠩᠬᠡᠶ ᠬᠡᠮᠵᠢᠶ᠎ᠡ ᠨᠢ 41435 ᠤᠳᠠᠭ᠎ᠠ᠂ ᠠᠰᠠᠭᠤᠨ ᠯᠠᠪᠯᠠᠬᠤ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ | ᠰᠠᠨᠠᠭᠤᠯᠭ᠎ᠠ ᠳᠤᠷᠠᠳᠬᠤ᠂ ᠮᠠᠭᠲᠠᠨ ᠰᠠᠶᠢᠰᠢᠶᠠᠬᠤ ᠵᠡᠷᠭᠡ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠨᠡᠶᠢᠲᠡ 58270 ᠬᠤᠪᠢ ᠭᠥᠯᠢᠶᠡᠨ ᠠᠪᠴᠤ | ᠭᠦᠢᠴᠡᠳᠬᠡᠪᠡ᠃ ᠡᠭᠦᠨ ᠳᠤ ᠠᠰᠠᠭᠤᠨ ᠯᠠᠪᠯᠠᠬᠤ ᠲᠥᠷᠥᠯ 39986 ᠬᠤᠪᠢ ᠪᠠᠶᠢᠵᠤ᠂ ᠡᠵᠡᠯᠡᠬᠦ ᠬᠠᠷᠢᠴᠠᠯ ᠨᠢ 68.62%᠂ ᠲᠤᠰᠠᠯᠠᠮᠵᠢ ᠭᠤᠶᠤᠴᠢᠯᠠᠬᠤ | ᠲᠥᠷᠥᠯ 10564 ᠬᠤᠪᠢ ᠪᠠᠶᠢᠵᠤ᠂ ᠡᠵᠡᠯᠡᠬᠦ ᠬᠠᠷᠢᠴᠠᠯ ᠨᠢ 18.13%᠂ ᠵᠠᠭᠠᠯᠳᠤᠬᠤ ᠲᠥᠷᠥᠯ 6302 ᠬᠤᠪᠢ ᠪᠠᠶᠢᠵᠤ᠂ ᠡᠵᠡᠯᠡᠬᠦ ᠬᠠᠷᠢᠴᠠᠯ ᠨᠢ 10. | 82%᠂ ᠢᠯᠡᠴᠢᠯᠡᠨ ᠮᠡᠳᠡᠭᠦᠯᠬᠦ ᠲᠥᠷᠥᠯ 786 ᠬᠤᠪᠢ ᠪᠠᠶᠢᠵᠤ᠂ ᠡᠵᠡᠯᠡᠬᠦ ᠬᠠᠷᠢᠴᠠᠯ ᠨᠢ 1.35%᠂ ᠰᠠᠨᠠᠭᠤᠯᠭ᠎ᠠ ᠶᠢᠨ ᠲᠥᠷᠥᠯ 442 ᠬᠤᠪᠢ ᠪᠠᠶᠢᠵᠤ᠂ | ᠡᠵᠡᠯᠡᠬᠦ ᠬᠠᠷᠢᠴᠠᠯ ᠨᠢ 0.76%᠂ ᠪᠤᠰᠤᠳ ᠲᠥᠷᠥᠯ 166 ᠬᠤᠪᠢ ᠪᠠᠶᠢᠵᠤ᠂ ᠡᠵᠡᠯᠡᠬᠦ ᠬᠠᠷᠢᠴᠠᠯ ᠨᠢ 0.28%᠂ ᠰᠠᠶᠢᠰᠢᠶᠠᠬᠤ ᠲᠥᠷᠥᠯ 24 ᠬᠤᠪᠢ | ᠪᠠᠶᠢᠵᠤ᠂ ᠡᠵᠡᠯᠡᠬᠦ ᠬᠠᠷᠢᠴᠠᠯ ᠨᠢ 0.04% ᠪᠣᠯᠤᠨ᠎ᠠ᠃ ᠰᠢᠭᠤᠳ ᠬᠠᠷᠢᠭᠤᠯᠲᠠ ᠥᠭᠭᠦᠭᠰᠡᠨ ᠨᠢ 40991 ᠬᠤᠪᠢ ᠪᠠᠶᠢᠵᠤ᠂ 70.35% ᠶᠢ ᠡᠵᠡᠯᠡᠵᠦ᠂ | ᠲᠣᠮᠢᠯᠠᠨ ᠲᠠᠷᠬᠠᠭᠠᠭᠰᠠᠨ ᠠᠵᠢᠯᠯᠠᠬᠤ ᠬᠠᠭᠤᠳᠠᠰᠤ 17279 ᠬᠤᠪᠢ ᠪᠠᠶᠢᠵᠤ᠂ ᠡᠵᠡᠯᠡᠬᠦ ᠬᠠᠷᠢᠴᠠᠯ ᠨᠢ 29.65% ᠶᠢ ᠡᠵᠡᠯᠡᠵᠦ᠂ ᠬᠤᠭᠤᠴᠠᠭ᠎ᠠ ᠠᠴᠠ | ᠬᠡᠲᠦᠷᠡᠭᠡᠳ ᠪᠡᠶᠡᠯᠡᠭᠦᠯᠦᠭᠰᠡᠨ ᠥᠬᠡᠶ ᠠᠵᠢᠯᠯᠠᠬᠤ ᠬᠠᠭᠤᠳᠠᠰᠤ 477 ᠬᠤᠪᠢ ᠪᠠᠶᠢᠵᠤ᠂ ᠡᠵᠡᠯᠡᠬᠦ ᠬᠠᠷᠢᠴᠠᠯ ᠨᠢ 2.76% ᠶᠢ ᠡᠵᠡᠯᠡᠵᠦ᠂ ᠳᠤᠮᠳᠠᠴᠢ | ᠬᠠᠨᠤᠮᠵᠢ ᠶᠢᠨ ᠨᠣᠷᠮ᠎ᠠ ᠨᠢ 67.59 % ᠳᠤ ᠬᠦᠷᠴᠦ᠂ ᠰᠢᠢᠳᠪᠦᠷᠢᠯᠡᠭᠰᠡᠨ ᠨᠣᠷᠮ᠎ᠠ ᠨᠢ 55.51% ᠳᠤ ᠬᠦᠷᠴᠦ᠂ ᠴᠤᠤᠷᠢᠶᠠᠲᠤᠭᠰᠠᠨ ᠨᠣᠷᠮ᠎ᠠ ᠨᠢ 82. | 66% ᠳᠤ ᠬᠦᠷᠴᠡᠶ᠃ | ︵ᠨᠢᠭᠡ︶ ᠠᠵᠢᠯ ᠲᠥᠷᠥᠯ ᠤᠨ ᠲᠥᠷᠥᠯ ᠬᠤᠪᠢᠶᠠᠭᠰᠠᠨ ᠬᠦᠰᠡᠯ ᠱᠠᠭᠠᠷᠳᠠᠯᠭ᠎ᠠ ᠶᠢ ᠪᠦᠷᠢᠳᠬᠡᠬᠦ᠃ | ᠭᠤᠤᠯᠳᠠᠭᠤ ᠬᠤᠲᠠ ᠶᠢᠨ ᠶᠡᠷᠦᠩᠬᠡᠶᠢᠯᠡᠭᠰᠡᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠵᠠᠰᠠᠭ ᠤᠨ ᠶᠠᠪᠤᠳᠠᠯ ᠤᠨ | ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠳᠤ ᠲᠥᠪᠯᠡᠷᠡᠵᠦ ᠪᠤᠢ᠃ ᠡᠭᠦᠨ ᠳᠤ ᠬᠤᠲᠠ ᠶᠢᠨ ᠶᠡᠷᠦᠩᠬᠡᠶᠢᠯᠡᠭᠰᠡᠨ ᠬᠦᠰᠡᠯ ᠱᠠᠭᠠᠷᠳᠠᠯᠭ᠎ᠠ | 16792 ᠬᠤᠪᠢ ᠪᠠᠶᠢᠵᠤ᠂ ᠭᠤᠤᠯᠳᠠᠭᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ᠂ ᠢᠯᠴᠢ ᠬᠠᠩᠭᠠᠬᠤ ᠬᠠᠮᠢᠶᠠᠷᠤᠯᠲᠠ᠂ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠰᠠᠭᠤᠳᠠᠯ ᠳᠤ ᠨᠡᠯᠢᠶᠡᠳ ᠲᠥᠪᠯᠡᠷᠡᠩᠭᠦᠶ ᠪᠠᠶᠢᠨ᠎ᠠ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠬᠦᠰᠡᠯ | ᠱᠠᠭᠠᠷᠳᠠᠯᠭ᠎ᠠ 16016 ᠬᠤᠪᠢ ᠪᠠᠶᠢᠵᠤ᠂ ᠭᠤᠤᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ᠂ ᠪᠥᠭᠡᠮ ᠬᠦᠴᠢᠯ ᠤᠨ | ᠪᠠᠶᠢᠴᠠᠭᠠᠨ ᠰᠢᠯᠭᠠᠯᠳᠠ ᠲᠠᠢ ᠬᠤᠯᠪᠣᠭᠳᠠᠬᠤ ᠠᠰᠠᠭᠤᠳᠠᠯ ᠨᠡᠯᠢᠶᠡᠳ ᠲᠥᠪᠯᠡᠷᠡᠩᠭᠦᠶ ᠪᠠᠶᠢᠨ᠎ᠠ︔ ᠬᠦᠯᠢᠶᠠᠨ ᠠᠪᠴᠤ ᠰᠢᠢᠳᠪᠦᠷᠢᠯᠡᠬᠦ ᠬᠡᠪᠴᠢᠶᠡᠨ ᠤ ᠪᠤᠰᠤ ᠭᠤᠮᠣᠳᠠᠯ | ᠲᠤᠭᠠᠴᠢᠯᠳᠠ 8831 ᠬᠤᠪᠢ ᠪᠠᠶᠢᠵᠤ᠂ ᠭᠤᠣᠯᠳᠠᠭᠤ ᠬᠠᠷᠢᠶᠠᠯᠠᠯ ᠤᠨ ᠬᠡᠪᠴᠢᠶᠡᠨ ᠤ ᠪᠤᠰᠤ᠂ ᠪᠣᠳᠠᠲᠠᠢ ᠭᠤᠮᠣᠳᠠᠯ ᠲᠤᠭᠠᠴᠢᠯᠳᠠ ᠶᠢᠨ ᠵᠦᠢᠯᠡᠰ ᠦᠭᠡᠢ᠂ ᠬᠤᠪᠢ | ᠬᠥᠮᠦᠨ᠂ ᠭᠡᠷ᠎ᠡ ᠶᠢᠨ ᠵᠠᠭᠤᠷᠠᠯᠳᠤᠭᠠᠨ ᠤ ᠲᠠᠯ᠎ᠠ ᠪᠠᠷ ᠨᠡᠯᠢᠶᠡᠳ ᠲᠥᠪᠯᠡᠷᠡᠩᠭᠦᠢ ᠪᠠᠶᠢᠨ᠎ᠠ︔ ᠵᠠᠰᠠᠭ ᠤᠨ ᠶᠠᠪᠤᠳᠠᠯ ᠤᠨ ᠬᠠᠮᠢᠶᠠᠷᠤᠯᠲᠠ ᠶᠢᠨ ᠬᠦᠰᠡᠯ ᠱᠠᠭᠠᠷᠳᠠᠯᠭ᠎ᠠ | 7996 ᠬᠤᠪᠢ ᠪᠠᠶᠢᠵᠤ᠂ ᠭᠤᠤᠯᠳᠠᠭᠤ ᠵᠠᠰᠠᠭ ᠤᠨ ᠶᠠᠪᠤᠳᠠᠯ ᠤᠨ ᠠᠰᠠᠭᠤᠨ ᠯᠠᠪᠯᠠᠬᠤ᠂ ᠭᠡᠷᠡᠴᠢ ᠦᠨᠡᠮᠯᠡᠯ ᠢ ᠬᠢᠨᠠᠨ ᠵᠥᠪᠰᠢᠶᠡᠷᠡᠬᠦ᠂ ᠭᠦᠢᠴᠡᠳᠬᠡᠬᠦ ᠪᠠ | ᠵᠠᠰᠠᠭ ᠤᠨ ᠶᠠᠪᠤᠳᠠᠯ ᠤᠨ ᠦᠢᠯᠡᠳᠦᠯ ᠴᠢᠳᠠᠪᠬᠢ ᠶᠢᠨ ᠲᠠᠯ᠎ᠠ ᠪᠠᠷ ᠨᠡᠯᠢᠶᠡᠳ ᠲᠥᠪᠯᠡᠷᠡᠩᠭᠦᠶ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠬᠠᠢ | ᠬᠦᠰᠡᠯ ᠱᠠᠭᠠᠷᠳᠠᠯᠭ᠎ᠠ 5414 ᠬᠤᠪᠢ ᠪᠠᠶᠢᠵᠤ᠂ ᠭᠤᠣᠯᠳᠠᠭᠤ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠳᠠᠭᠠᠳᠬᠠᠯ ᠵᠡᠷᠭᠡ ᠪᠠᠶᠢᠳᠠᠯ ᠨᠡᠯᠢᠶᠡᠳ ᠲᠥᠪᠯᠡᠷᠡᠩᠭᠦᠢ ᠪᠠᠶᠢᠬᠤ ᠶᠢ ᠲᠤᠰᠬᠠᠪᠠ︔ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ 1062 ᠵᠦᠢᠯ᠂ ᠲᠠᠷᠢᠶᠠᠯᠠᠩ ᠣᠢ | ᠤᠰᠤ ᠬᠦᠷᠦᠰᠦ 982 ᠵᠦᠢᠯ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ 670 ᠵᠦᠢᠯ᠂ ᠠᠮᠤᠷ ᠢ ᠬᠠᠮᠠᠭᠠᠯᠠᠬᠤ ᠬᠠᠤᠯᠢ ᠪᠠᠷ ᠵᠠᠰᠠᠬᠤ 263 ᠵᠦᠢᠯ᠂ ᠨᠠᠮ | ᠵᠠᠰᠠᠭ ᠤᠨ ᠬᠠᠮᠲᠤᠯᠢᠭ 152 ᠵᠦᠢᠯ᠂ ᠠᠵᠤ ᠠᠬᠤᠢ ᠶᠢᠨ ᠶᠡᠷᠦᠩᠬᠡᠶᠢᠯᠡᠭᠰᠡᠨ 92 ᠵᠦᠢᠯ ᠪᠤᠢ᠃ | ︵ᠬᠤᠶᠠᠷ︶ ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ ᠠᠵᠢᠯ ᠤᠨ ᠬᠠᠭᠤᠳᠠᠰᠤ ᠶᠢᠨ ᠪᠦᠷᠢᠳᠬᠡᠯ᠃ | 2022 ᠣᠨ ᠤ 4 ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠮᠠᠨ ᠤ ᠬᠤᠲᠠ ᠶᠢᠨ ᠬᠤᠭᠤᠴᠠᠭ᠎ᠠ ᠬᠡᠲᠦᠷᠡᠭᠡᠳ ᠪᠡᠶᠡᠯᠡᠬᠦᠯᠦᠭᠡᠳᠦᠢ | ᠬᠠᠭᠤᠳᠠᠰᠤ ᠨᠡᠶᠢᠲᠡ 477 ᠪᠣᠶ᠃ ᠡᠭᠦᠨ ᠳᠤ ᠬᠤᠰᠢᠭᠤ ᠬᠤᠲᠠ ᠲᠣᠭᠤᠷᠢᠭ ᠲᠤ ᠨᠡᠶᠢᠲᠡ 447 ᠵᠦᠢᠯ᠄ ᠬᠠᠶᠢᠯᠠᠷ ᠲᠣᠭᠤᠷᠢᠭ ᠲᠤ 185 ᠵᠦᠢᠯ᠂ ᠮᠠᠨᠵᠤᠤᠷ | ᠬᠤᠲᠠ ᠳᠤ 148 ᠵᠦᠢᠯ᠂ ᠠᠷᠤᠨ ᠬᠤᠰᠢᠭᠤᠨ ᠳᠤ 57 ᠵᠦᠢᠯ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 38 ᠵᠦᠢᠯ᠂ | ᠡᠸᠡᠩᠬᠢ ᠬᠤᠰᠢᠭᠤᠨ ᠳᠤ 14 ᠵᠦᠢᠯ᠂ ᠣᠷᠴᠣᠨ ᠬᠤᠰᠢᠭᠤᠨ ᠳᠤ 2 ᠵᠦᠢᠯ᠂ ᠵᠠᠯᠠᠨ ᠠᠶᠢᠯ ᠬᠤᠲᠠ ᠳᠤ 1 ᠵᠦᠢᠯ᠂ ᠶᠠᠭᠰᠢ ᠬᠤᠲᠠ ᠳᠤ 1 ᠵᠦᠢᠯ᠂ | ᠵᠠᠯᠠᠶᠢᠨᠠᠭᠤᠷ ᠲᠣᠭᠤᠷᠢᠭ ᠲᠤ 1 ᠵᠦᠢᠯ ᠪᠣᠶ︔ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠥᠬᠦᠶ | ᠨᠢᠭᠡᠴᠢ ᠨᠡᠶᠢᠲᠡ 30 ᠬᠤᠪᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 7 ᠬᠤᠪᠢ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ 5 ᠬᠤᠪᠢ᠂ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ 4 ᠬᠤᠪᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ 3 ᠬᠤᠪᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2 ᠬᠤᠪᠢ᠂ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2 ᠬᠤᠪᠢ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ 2 | ᠬᠤᠪᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 ᠬᠤᠪᠢ᠂ ᠬᠤᠲᠠ ᠶᠢᠨ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 1 ᠬᠤᠪᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ 1 ᠬᠤᠪᠢ᠂ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ 1 ᠬᠤᠪᠢ᠂ ᠬᠠᠮᠳᠤᠷᠠᠭᠰᠠᠨ ᠬᠤᠯᠪᠤᠭ᠎ᠠ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ 1 | ᠬᠤᠪᠢ᠃ | |