10 ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠲᠦᠷᠦᠭᠦᠦ | ᠭᠤᠷᠪᠠᠨ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠤ ᠠᠬᠤᠶ ᠶᠢᠨ ᠶᠠᠪᠤᠭᠳᠠᠯ | ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ᠂ | ᠳᠥᠷᠪᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | ᠬᠤᠲᠠ ᠶᠢᠨ ᠤᠳᠤᠷᠢᠳᠤᠯᠭ᠎ᠠ ᠪᠠᠶ ᠬᠠᠶ ᠯᠢᠨ᠂ ᠼᠦᠩ ᠸᠧᠨ ᠵᠢᠶᠠᠨ᠂ ᠮᠠ ᠶᠤᠸᠠᠢ ᠳ᠋ᠦᠩ᠂ ᠯᠢᠶᠠᠩ ᠶᠢᠨ ᠰᠥᠩ᠂ | ᠬᠠᠨ ᠯᠢ ᠫᠢᠩ᠂ ᠬᠤᠸᠠᠩ ᠹᠧᠩ᠂ ᠬᠥᠩ ᠹᠸᠢ ᠲᠢᠶᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠮᠠᠨ ᠤ ᠬᠤᠲᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ | ᠬᠥᠭ ᠠᠶᠠᠰ ᠢ ᠪᠠᠷᠢᠮᠲᠠᠯᠠᠨ᠂ ᠠᠵᠤ ᠠᠬᠤᠶ ᠤᠷᠤᠭᠤᠲᠠᠬᠤ ᠳᠠᠷᠤᠯᠲᠠ ᠶᠢ ᠲᠤᠯᠵᠤ᠂ ᠠᠵᠤ ᠠᠬᠤᠶ ᠶᠢᠨ ᠶᠠᠪᠤᠭᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠰᠠᠶᠢᠵᠢᠷᠠᠪᠠ᠃ | ᠬᠤᠷᠠᠯ ᠠᠴᠠ᠂ ᠣᠳᠣᠬᠠᠨ ᠳᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠰᠠᠶᠢᠨ | ᠪᠠᠶᠢᠳᠠᠯ ᠲᠠᠢ ᠮᠥᠷᠲᠡᠭᠡᠨ ᠪᠠᠰᠠ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠤᠢ᠃ ᠪᠥᠬᠦ ᠬᠤᠲᠠ ᠳᠠᠶᠠᠭᠠᠷ | ᠪᠠᠶᠢᠳᠠᠯ ᠢ ᠲᠣᠳᠣᠷᠬᠠᠶ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠷᠴᠢ ᠵᠣᠷᠢᠭ ᠢᠶᠠᠨ ᠬᠥᠪᠴᠢᠯᠡᠨ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠪᠥᠬᠦ ᠵᠢᠯ ᠤᠨ ᠲᠣᠭᠲᠠᠭᠤᠨ᠂ ᠪᠥᠬᠦ ᠵᠢᠯ ᠤᠨ ᠤᠷᠤᠭᠰᠢᠯᠠᠯᠲᠠ ᠶᠢ ᠪᠡᠶᠡᠯᠡᠭᠦᠯᠬᠦ ᠪᠠᠷ | ᠬᠦᠴᠦᠯᠡᠨ ᠴᠢᠷᠮᠠᠶᠢᠬᠤ ᠬᠡᠷᠡᠭᠲᠡᠶ᠃ ᠬᠠᠷᠠᠯᠲᠠ ᠪᠠᠨ ᠴᠢᠩᠭ᠎ᠠ ᠠᠩᠬᠠᠷᠴᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ | ᠪᠦᠳᠦᠭᠡᠨᠪᠠᠶᠢᠭᠤᠯᠤᠯᠲᠠ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠦᠯᠦᠪᠯᠡᠨ | ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ | ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠶ ᠰᠡᠳᠬᠢᠮᠵᠢ ᠪᠠ ᠠᠷᠭ᠎ᠠ ᠬᠡᠮᠵᠢᠶ᠎ᠡ ᠶᠢ ᠭᠦᠨᠵᠡᠭᠡᠶ ᠰᠢᠰᠲ᠋ᠧᠮ ᠲᠠᠢ ᠰᠤᠳᠤᠯᠵᠤ᠂ ᠢᠷᠡᠬᠦ | ᠵᠢᠯ ᠤᠨ ᠠᠵᠢᠯ ᠤᠨ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠥᠯᠥᠨ ᠪᠤᠶᠢᠷ ᠲᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠲᠠᠯ ᠢᠶᠠᠨ | ᠰᠠᠶᠢᠵᠢᠷᠠᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ | ᠰᠠᠨᠠᠭᠠᠨ ᠤ ᠳᠦᠷᠰᠦ ᠪᠠᠶᠢᠳᠠᠯ ᠪᠣᠯᠤᠨ ᠰᠢᠷᠭᠠᠭᠤ ᠠᠵᠢᠯᠯᠠᠵᠤ ᠪᠣᠳᠠᠲᠠᠶ ᠠᠵᠢᠯᠯᠠᠬᠤ ᠰᠤᠷᠲᠠᠯ ᠢᠶᠠᠷ ᠡᠯ᠎ᠡ ᠵᠦᠢᠯ ᠤᠨ | ᠠᠵᠢᠯ ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠬᠥᠯᠥᠨ ᠪᠤᠶᠢᠷ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠵᠢᠴᠢ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤ ᠮᠡᠳᠡᠭᠦᠯᠦᠯᠲᠡ ᠬᠢᠪᠡ᠃ |