ᠤᠶᠢᠷ᠎ᠠ ᠳᠤ᠂ ᠵᠠᠯᠠᠶᠢᠨᠠᠭᠤᠷ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠤᠭᠤᠷᠢᠭ ᠤᠨ | ᠳᠠᠷᠤᠭ᠎ᠠ ᠵᠠᠩ ᠰᠢᠩ ᠸᠠᠩ ᠪᠦᠬᠦ ᠤᠷᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ | ᠰᠦᠨ ᠵᠢᠶᠠᠨ᠂ ᠯᠢᠦ ᠰᠢᠶᠠᠩ ᠳ᠋ᠦᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠭᠠᠯᠲᠠᠨ ᠬᠠᠮᠲᠤ | ᠪᠠᠶᠢᠴᠠᠭᠠᠨ ᠰᠤᠳᠤᠯᠤᠯᠲᠠ ᠬᠢᠪᠡ᠃ ᠵᠠᠩ ᠰᠢᠩ ᠸᠠᠩ ᠨᠠᠷ ᠠᠵᠤ ᠦᠢᠯᠡᠳᠪᠦᠷᠢ ᠶᠢᠨ ᠬᠦᠷᠢᠶᠡᠯᠡᠩᠦᠨ ᠪᠤᠵᠠᠷ ᠤᠰᠤ | ᠴᠡᠪᠡᠷᠰᠢᠭᠦᠯᠬᠦ ᠦᠢᠯᠡᠳᠪᠦᠷᠢ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠯᠢᠨ ᠯᠧ ᠠᠮᠢᠳᠦ ᠪᠤᠳᠠᠰ ᠤᠨ | ᠡᠨᠧᠷᠭᠢ ᠶᠢᠨ ᠬᠢᠵᠠᠭᠠᠷᠲᠤ ᠺᠤᠮᠫᠠᠨᠢ᠂ ᠸᠠᠨ ᠲᠠᠢ ᠨᠡᠶᠢᠲᠡ ᠶᠢᠨ ᠮᠠᠰᠢᠨ ᠲᠡᠷᠭᠡᠨ ᠤ ᠺᠤᠮᠫᠠᠨᠢ ᠳᠤ ᠬᠦᠷᠴᠦ᠂ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠠᠭᠰᠠᠨ ᠪᠠᠶᠢᠳᠠᠯ ᠢ ᠨᠠᠷᠢᠨ ᠤᠶᠢᠯᠠᠭᠠᠪᠠ᠃ | | | | | ᠵᠠᠩ ᠰᠢᠩ ᠸᠠᠩ᠂ ᠡᠯ᠎ᠡ ᠬᠤᠯᠪᠤᠭᠳᠠᠯ ᠪᠦᠬᠦᠢ ᠠᠵᠦ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠤᠯ | ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠰᠤᠬᠤᠷ ᠪᠠᠯᠠᠢ ᠪᠠᠶᠠᠰᠤᠩᠭᠤᠢ ᠦᠵᠡᠯ ᠰᠠᠨᠠᠭ᠎ᠠ | ᠪᠤᠯᠤᠨ ᠭᠤᠷᠢᠳᠠᠬᠤ ᠰᠡᠳᠬᠢᠴᠡ ᠶᠢ ᠡᠷᠡᠰ ᠲᠡᠪᠴᠢᠵᠤ᠂ ᠲᠤᠬᠠᠢ ᠶᠢᠨ ᠲᠠᠯᠠᠪᠠᠢ ᠶᠢᠨ ᠤᠷᠴᠢᠨ ᠲᠤᠭᠤᠷᠢᠨ ᠤ | ᠬᠠᠮᠢᠷᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠵᠢᠶᠡᠳᠡ ᠴᠢᠩᠭ᠎ᠠ ᠬᠢᠴᠢᠶᠡᠩᠭᠦᠢ ᠬᠠᠷᠢᠭᠤᠴᠠᠯᠭᠠᠲᠦ | ᠰᠡᠳᠭᠢᠯᠭᠡ ᠪᠤᠯᠤᠨ ᠲᠤᠯᠭᠠᠮ ᠪᠤᠳᠤᠯ ᠲᠠᠢ ᠪᠠᠶᠢᠵᠤ᠂ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠤ ᠨᠠᠷᠢᠯᠢᠭ ᠠᠳᠬᠤᠵᠤ᠂ ᠴᠢᠩᠭ᠎ᠠ ᠠᠳᠬᠤᠵᠤ᠂ ᠭᠦᠨᠵᠡᠭᠡᠢ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠶ᠎ᠠ ᠱᠤᠭᠤᠮ᠂ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠤ ᠰᠠᠭᠠᠷᠳᠠᠪᠠ᠃ | | | | ᠹᠠ ᠳ᠋ᠠ ᠠᠭᠤᠳᠠᠮ ᠲᠠᠯᠠᠪᠠᠢ ᠪᠤᠯᠤᠨ ᠸᠠᠩ ᠴᠢᠤᠸᠠᠨ ᠪᠠᠭ᠎ᠠ ᠰᠤᠷᠭᠠᠭᠤᠯᠢ ᠶᠢᠨ ᠡᠭᠦᠳᠡᠨ ᠡᠮᠦᠨ᠎ᠡ᠂ ᠵᠠᠩ | ᠰᠢᠩ ᠸᠠᠩ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ᠂ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠤᠬᠢᠷᠠᠭᠤᠯᠬᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ | ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠤᠨ ᠪᠠᠶᠢᠳᠠᠯ ᠢ ᠨᠠᠷᠢᠨ ᠤᠶᠢᠯᠠᠭᠠᠪᠠ᠃ ᠡᠯ᠎ᠡ ᠪᠠᠶᠢᠭᠤᠯᠭ᠎ᠠ | ᠡᠯ᠎ᠡ ᠰᠠᠯᠠᠭ᠎ᠠ ᠮᠦᠴᠢᠷ ᠤᠨ ᠬᠢᠨ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠭᠡᠳᠡᠭ ᠢ | ᠢᠮᠠᠭᠲᠠ ᠴᠡᠭᠡᠵᠢᠯᠡᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠪᠣᠯᠤᠨ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ | ᠠᠵᠢᠯ ᠢ ᠨᠢᠭᠡᠳᠦᠯᠲᠠᠢ ᠲᠦᠯᠦᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | | | | | ᠡᠯ᠎ᠡ ᠬᠦᠷᠢᠶ᠎ᠡ᠂ ᠡᠯ᠎ᠡ ᠠᠵᠢᠯ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠤᠭᠤᠭ ᠢ ᠵᠢᠭᠰᠠᠭᠠᠨ | ᠪᠠᠶᠢᠴᠠᠭᠠᠬᠤ᠂ ᠴᠡᠴᠡᠭᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠵᠦ᠂ ᠦᠢᠯᠡᠳᠪᠦᠷᠢᠯᠡᠯ ᠠᠮᠢᠳᠤᠷᠠᠯ᠂ ᠭᠠᠯ | ᠤᠨᠲᠠᠷᠠᠭᠠᠬᠤ᠂ ᠦᠶᠡᠷ ᠢ ᠰᠡᠷᠭᠡᠶᠢᠯᠡᠬᠦ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠬᠠᠨᠳᠤᠭᠤᠯᠵᠤ᠂ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠪᠤᠳᠠᠲᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢ | ᠪᠦᠲᠦᠮᠵᠢᠲᠠᠢ ᠰᠡᠷᠭᠡᠶᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠦᠨᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠭᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ | ᠲᠠᠯ᠎ᠠ ᠶᠢᠨ ᠲᠤᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |