8 ᠳ᠋ᠣᠭᠠᠷ ᠰᠠᠷ᠎ᠠ ᠶᠢᠨ 15 ᠤ ᠡᠳᠦᠷ᠂ ᠪᠡᠭᠡᠵᠢᠩ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠢ | ᠰᠡᠷᠭᠡᠶᠢᠯᠡᠨ ᠳᠠᠷᠣᠬᠤ ᠠᠵᠢᠯ ᠤᠨ 386 ᠳ᠋ᠤᠭᠠᠷ ᠤᠳᠠᠭᠠᠨ ᠤ ᠬᠡᠪᠯᠡᠯ ᠤᠨ ᠪᠠᠭ᠎ᠠ ᠬᠤᠷᠠᠯ ᠳᠡᠭᠡᠷ᠎ᠡ᠂ ᠪᠡᠭᠡᠵᠢᠩ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠫᠠᠨ | ᠰᠢᠦᠢ ᠬᠤᠩ ᠬᠢᠵᠢᠭ ᠲᠤ ᠬᠤᠯᠪᠣᠭᠳᠠᠭᠰᠠᠨ ᠬᠠᠤᠯᠢ ᠵᠥᠷᠢᠴᠡᠭᠰᠡᠨ ᠬᠡᠷᠡᠭ ᠤᠨ ᠪᠠᠶᠢᠳᠠᠯ ᠢ ᠮᠡᠳᠡᠭᠳᠡᠵᠡᠢ᠃ | ᠴᠠᠭᠳᠠᠭᠠᠨ ᠤ ᠲᠠᠯ᠎ᠠ ᠶᠢᠨ ᠬᠢᠨ ᠬᠢᠵᠢᠭ ᠢ ᠰᠡᠷᠭᠡᠶᠢᠯᠡᠨ ᠳᠠᠷᠤᠬᠤ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠬᠤ | ᠶᠠᠪᠤᠴᠠ ᠳᠤ ᠣᠯᠵᠤ ᠮᠡᠳᠡᠭᠰᠡᠨ ᠢᠶᠠᠷ᠂ ᠯᠢᠦ ᠣᠪᠣᠭᠲᠤ ᠪᠡᠭᠡᠵᠢᠩ ᠳᠤ ᠡᠷᠲᠡᠬᠡᠨ ᠪᠤᠴᠠᠵᠤ ᠢᠷᠡᠬᠦ ᠶᠢᠨ ᠲᠥᠯᠥᠭᠡ᠂ | ᠡᠷᠡᠭᠦᠯ ᠮᠡᠨᠳᠦ ᠶᠢᠨ ᠺᠤᠳ᠋ ᠳᠡᠭᠡᠷᠡᠬᠢ ᠦᠨᠳᠦᠷ ᠡᠷᠡᠰᠳᠡᠯ ᠲᠠᠢ ᠭᠠᠵᠠᠷ ᠣᠷᠣᠨ ᠳᠤ ᠬᠦᠷᠴᠦ ᠥᠩᠭᠡᠷᠡᠭᠰᠡᠨ | ᠬᠠᠮᠢᠶᠠᠲᠠᠢ ᠴᠢᠮᠡᠭᠡ ᠵᠠᠩᠭᠢ ᠪᠠᠨ ᠨᠢᠭᠤᠨ ᠳᠠᠯᠳᠠᠯᠠᠭᠰᠠᠨ ᠢᠶᠠᠷ 260 ᠬᠥᠮᠥᠨ ᠢ ᠬᠢᠵᠢᠭ ᠬᠠᠯᠳᠠᠪᠤᠷᠢᠯᠠᠵᠤ ᠮᠡᠳᠡᠬᠦ | ᠡᠷᠡᠰᠳᠡᠯ ᠳᠤ ᠣᠷᠣᠭᠤᠯᠵᠤ᠂ ᠬᠢᠵᠢᠭ ᠬᠠᠯᠳᠠᠪᠤᠷᠢᠯᠠᠵᠤ ᠮᠡᠳᠡᠬᠦ ᠬᠦᠨᠳᠦ ᠶᠡᠭᠡ ᠠᠶᠤᠯᠲᠤ ᠪᠠᠶᠢᠳᠠᠯ ᠢ ᠪᠣᠢ ᠪᠣᠯᠭᠠᠭᠰᠠᠨ | ᠪᠠᠶᠢᠨ᠎ᠠ᠃ ᠪᠡᠭᠡᠵᠢᠩ ᠤᠨ ᠹᠧᠩ ᠲᠠᠢ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ ᠬᠠᠤᠯᠢ ᠶᠣᠰᠣᠭᠠᠷ ᠯᠢᠦ | ᠣᠪᠣᠭᠲᠤ ᠶᠢᠨ ᠬᠠᠮᠢᠶᠠᠲᠠᠢ ᠪᠠᠶᠢᠳᠠᠯᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠵᠤ ᠪᠠᠶᠢᠨ᠎ᠠ᠃ |